ᠡᠵᠡᠨ ᠬᠤᠷᠤᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠲᠦᠭᠰᠢᠭᠦᠷᠢᠲᠦ ᠣᠷᠣᠨ ᠪᠦᠰᠡ ᠪᠣᠯᠤᠨ ᠪᠥᠭᠡᠮ ᠬᠦᠴᠢᠯ ᠤᠨ  ᠰᠢᠯᠭᠠᠨ ᠪᠠᠶᠢᠴᠠᠭᠠᠯᠳᠠ ᠳᠤ ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/11/22
                       〔2022〕118 ᠳ᠋ᠤᠭᠠᠷ ᠲᠣᠭᠠᠲᠤ       ᠨᠢᠭᠡ᠂  ᠲᠦᠭᠰᠢᠬᠦᠷᠢᠳᠦ ᠤᠷᠤᠨ ᠤ ᠲᠣᠬᠢᠷᠠᠭᠤᠯᠤᠯᠲᠠ ᠶᠢᠨ ᠲᠤᠬᠠᠶ      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠨᠠᠷᠢᠯᠢᠭ ᠣᠨᠣᠪᠴᠢᠲᠠᠶ ᠪᠠᠷ ᠰᠠᠶᠢᠲᠤᠷ ᠬᠢᠬᠦ ᠲᠤᠬᠠᠶ ᠮᠡᠳᠡᠭᠳᠡᠯ︾ ︵ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠨ ᠲᠠᠷᠬᠠᠭᠠᠭᠰᠠᠨ 〔2022〕101 ᠳ᠋ᠦ᠋ᠭᠡᠷ ᠲᠣᠭᠠᠲᠤ︶ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠢᠯᠭᠠᠨ ᠲᠣᠭᠲᠠᠭᠠᠬᠤ ᠵᠢᠴᠢ ᠬᠠᠮᠢᠶᠠᠷᠬᠤ ᠲᠥᠰᠦᠯ︾᠎ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ 2022 ᠣᠨ ᠤ 11 ᠳ᠋ᠦ᠋ᠭᠡᠷ ᠰᠠᠷ᠎ᠠ ᠶᠢᠨ 22᠎ ᠤᠨ ᠡᠳᠦᠷ ᠤᠨ ᠲᠡᠭ ᠴᠠᠭ ᠠᠴᠠ ᠡᠬᠢᠯᠡᠨ᠂ ᠳᠤᠤᠷᠠᠬᠢ ᠣᠷᠣᠨ ᠪᠦᠰᠡ ᠶᠢᠨ ᠲᠦᠭᠰᠢᠭᠦᠷᠢ ᠶᠢᠨ ᠲᠠᠰ ᠲᠤ ᠲᠣᠬᠢᠷᠠᠭᠤᠯᠤᠯᠲᠠ ᠬᠢᠬᠦ ᠪᠠᠷ ᠲᠣᠭᠲᠠᠪᠠ᠄       ᠠᠯᠲᠠᠨᠰᠢᠷᠡᠭᠡ ᠪᠠᠯᠭᠠᠰᠤᠨ ᠤ ᠮᠧᠩ ᠴᠧᠩ ᠶᠡᠷᠦᠩᠬᠡᠶᠢᠯᠡᠭᠰᠡᠨ ᠠᠰᠠᠷᠠᠮᠵᠢ ᠶᠢᠨ ᠬᠦᠷᠢᠶᠡᠯᠡᠩ᠂ ᠮᠢᠨ ᠶᠤᠸᠠᠢ A  ᠰᠠᠭᠤᠭᠠᠯᠢ ᠠᠷᠠᠳ ᠤᠨ ᠲᠣᠭᠤᠷᠢᠭ ᠤᠨ 5 ᠳ᠋ᠤᠭᠠᠷ ᠠᠰᠠᠷ᠂ ᠮᠢᠨ ᠶᠤᠸᠠᠢ A ᠰᠠᠭᠤᠭᠠᠯᠢ ᠠᠷᠠᠳ ᠤᠨ ᠲᠣᠭᠤᠷᠢᠭ ᠤᠨ 6 ᠳ᠋ᠤᠭᠠᠷ ᠠᠰᠠᠷ ᠤᠨ 1 ᠳ᠋ᠦ᠋ᠭᠡᠷ ᠨᠢᠭᠡᠴᠢ᠂ ᠮᠢᠨ ᠶᠤᠸᠠᠢ A ᠰᠠᠭᠤᠭᠠᠯᠢ ᠠᠷᠠᠳ ᠤᠨ ᠲᠣᠭᠤᠷᠢᠭ ᠤᠨ 14 ᠳ᠋ᠦᠭᠡᠷ ᠠᠰᠠᠷ ᠤᠨ 1 ᠳ᠋ᠦ᠋ᠭᠡᠷ ᠨᠢᠭᠡᠴᠢ᠂ ᠠᠭᠤᠷᠬᠠᠶ ᠶᠢᠨ ᠣᠷᠣᠨ ᠤ ᠨᠡᠭᠦᠳᠡᠯ ᠠᠷᠠᠳ ᠤᠨ A  ᠰᠠᠭᠤᠭᠠᠯᠢ ᠠᠷᠠᠳ ᠤᠨ ᠲᠣᠭᠤᠷᠢᠭ ᠤᠨ 9 ᠳ᠋ᠦ᠋ᠭᠡᠷ ᠠᠰᠠᠷ ᠤᠨ 3 ᠳ᠋ᠤᠭᠠᠷ ᠨᠢᠭᠡᠴᠢ᠂ ᠰᠢᠩ ᠲᠠᠢ ᠰᠢᠩ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ 6 ᠳ᠋ᠤᠭᠠᠷ ᠠᠰᠠᠷ ᠤᠨ 3 ᠳ᠋ᠤᠭᠠᠷ ᠨᠢᠭᠡᠴᠢ᠂ ᠵᠢᠩ ᠳ᠋ᠢᠶᠠᠨ ᠵᠢᠶᠠ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ 1  ᠳ᠋ᠦ᠋ᠭᠡᠷ ᠠᠰᠠᠷ ᠤᠨ 2 ᠳ᠋ᠤᠭᠠᠷ ᠨᠢᠭᠡᠴᠢ᠂ ᠯᠢ ᠳ᠋ᠦ᠋ ᠱᠦᠶ ᠠᠨ ᠰᠠᠭᠤᠭᠠᠯᠢ ᠠᠷᠠᠳ ᠤᠨ ᠲᠣᠭᠤᠷᠢᠭ ᠤᠨ 6 ᠳ᠋ᠤᠭᠠᠷ ᠠᠰᠠᠷ ᠤᠨ 2 ᠳ᠋ᠤᠭᠠᠷ ᠨᠢᠭᠡᠴᠢ᠂ ᠰᠢ ᠱᠠᠨ ᠤ  ᠶᠠᠩ ᠭᠤᠸᠠᠩ ᠵᠢᠶᠠ ᠶᠤᠸᠠᠨ C ᠰᠠᠭᠤᠭᠠᠯᠢ ᠠᠷᠠᠳ ᠤᠨ ᠲᠤᠭᠤᠷᠢᠭ ᠤᠨ 1 ᠳ᠋ᠦ᠋ᠭᠡᠷ ᠠᠰᠠᠷ ᠤᠨ 1 ᠳ᠋ᠦ᠋ᠭᠡᠷ ᠨᠢᠭᠡᠴᠢ᠂ ᠯᠢᠦ ᠾᠧ ᠸᠠᠨ ᠰᠠᠭᠤᠭᠠᠯᠢ ᠠᠷᠠᠳ ᠤᠨ ᠲᠣᠭᠤᠷᠢᠭ ᠤᠨ 11 ᠳ᠋ᠦ᠋ᠭᠡᠷ ᠠᠰᠠᠷ᠂ ᠫᠦ ᠶᠠ ᠬᠤᠸᠠ ᠶᠤᠸᠠᠨ ᠰᠠᠭᠤᠭᠠᠯᠢ ᠠᠷᠠᠳ ᠤᠨ  ᠲᠤᠭᠤᠶᠢᠭ ᠤᠨ 2 ᠳ᠋ᠤᠭᠠᠷ ᠠᠰᠠᠷ᠂ ᠰᠢ ᠱᠠᠨ ᠵᠢᠶᠠ ᠶᠤᠸᠠᠨ B ᠰᠠᠭᠤᠭᠠᠯᠢ ᠠᠷᠠᠳ ᠤᠨ ᠲᠣᠭᠤᠷᠢᠭ ᠤᠨ 34  ᠳ᠋ᠦ᠋ᠭᠡᠷ ᠠᠰᠠᠷ︔ ᠤᠯᠠᠭᠠᠨᠮᠦ᠋ᠷᠡᠨ ᠪᠠᠯᠭᠠᠰᠤᠨ ᠤ ᠪᠦᠯᠢᠶᠡᠨ ᠲᠤᠬᠤᠢ ᠨᠡᠶᠢᠭᠡᠮ ᠲᠣᠭᠤᠷᠢᠭ ᠤᠨ ᠸᠧᠨ ᠰᠢᠨ ᠰᠠᠭᠤᠭᠠᠯᠢ ᠠᠷᠠᠳ ᠤᠨ ᠲᠣᠭᠤᠷᠢᠭ ᠤᠨ 10 ᠳ᠋ᠤᠭᠠᠷ ᠠᠰᠠᠷ ᠢ ᠳᠤᠤᠷ᠎ᠠ  ᠲᠦᠭᠰᠢᠬᠦᠷᠢᠳᠡᠢ ᠣᠷᠣᠨ ᠪᠣᠯᠭᠠᠨ ᠲᠣᠬᠢᠷᠠᠭᠤᠯᠪᠠ᠃      ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠮᠠᠨ ᠤ ᠬᠤᠰᠢᠭᠤᠨ ᠳᠤ ᠪᠠᠰᠠ 11 ᠰᠠᠷ᠎ᠠ ᠶᠢᠨ 19᠎ ᠤ ᠡᠳᠦᠷ ᠠᠴᠠ ᠨᠠᠭᠠᠰᠢ ᠲᠣᠭᠲᠠᠭᠠᠭᠰᠠᠨ ᠦᠨᠳᠦᠷ ᠲᠦᠭᠰᠢᠬᠦᠷᠢᠳᠡᠢ ᠤᠷᠤᠨ 10  ᠪᠠᠶᠢᠵᠤ᠂ ︽ᠰᠠᠭᠤᠭ᠎ᠠ  ᠬᠦᠮᠦᠰ ᠢ ᠭᠠᠳᠠᠬᠰᠢ ᠭᠠᠷᠭᠠᠬᠤ ᠥᠬᠡᠶ᠂ ᠡᠬᠦᠳᠡᠨ ᠳᠤ ᠨᠢ ᠬᠦᠷᠴᠦ ᠦᠢᠯᠡᠴᠢᠯᠡᠬᠦ︾ ᠪᠢᠲᠡᠭᠦᠮᠵᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠬᠦᠯᠵᠦ ᠂ ᠬᠤᠰᠢᠭᠤᠨ ᠤ ᠳᠣᠲᠣᠷᠠᠬᠢ ᠪᠤᠰᠤᠳ ᠭᠠᠵᠠᠷ ᠣᠷᠣᠨ ᠨᠢ ᠴᠥᠮ ᠳᠤᠤᠷ᠎ᠠ  ᠲᠦᠭᠰᠢᠬᠦᠷᠢᠳᠡᠢ ᠣᠷᠣᠨ ᠪᠠᠶᠢᠵᠤ᠂ ︽ᠬᠤᠪᠢ ᠬᠥᠮᠦᠨ ᠰᠡᠷᠭᠡᠶᠢᠯᠡᠨ ᠬᠠᠮᠠᠭᠠᠯᠠᠵᠤ᠂ ᠴᠤᠭᠯᠠᠷᠠᠬᠤ ᠠᠴᠠ ᠵᠠᠶᠢᠯᠠᠰᠬᠢᠬᠦ︾ ᠰᠡᠷᠭᠡᠶᠢᠯᠡᠬᠦ ᠠᠷᠭ᠎ᠠ ᠬᠡᠮᠵᠢᠶ᠎ᠡ ᠶᠢ  ᠬᠡᠷᠡᠭᠵᠢᠭᠦᠯᠪᠡ᠃ ᠥᠷᠭᠡᠨ ᠣᠯᠠᠨ ᠰᠠᠭᠤᠭᠠᠯᠢ ᠠᠷᠠᠳ ᠬᠠᠮᠢᠶᠠᠷᠤᠨ ᠡᠵᠡᠮᠳᠡᠬᠦ ᠬᠤᠭᠤᠴᠠᠭᠠᠨ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠎ ᠶᠢᠨ ᠶᠣᠰᠣᠭᠠᠷ ᠠᠷᠠᠳ ᠢᠷᠭᠡᠳ ᠤᠨ ᠬᠠᠤᠯᠢ ᠪᠠᠷ ᠲᠣᠭᠲᠠᠭᠠᠭᠰᠠᠨ ᠡᠭᠦᠷᠭᠡ ᠶᠢ ᠬᠦᠢᠴᠡᠳᠬᠡᠵᠦ᠂ ᠨᠡᠶᠢᠭᠡᠮ ᠲᠣᠭᠤᠷᠢᠭ ᠤᠨ ᠠᠵᠢᠯᠲᠠᠨ ᠤ ᠨᠢᠭᠡᠳᠦᠯᠲᠡᠶ ᠲᠣᠬᠢᠷᠠᠭᠤᠯᠤᠯᠲᠠ ᠶᠢ ᠳᠠᠭᠠᠬᠤ ᠬᠡᠷᠡᠭᠲᠡᠶ᠃      ᠬᠤᠶᠠᠷ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠣᠬᠢᠷᠠᠭᠤᠯᠤᠯᠲᠠ ᠶᠢᠨ ᠲᠤᠬᠠᠶ      ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪᠯᠡᠯ︶︾ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠬᠡᠷᠡᠭᠵᠢᠭᠦᠯᠬᠦ ᠠᠷᠭ᠎ᠠ︾ ︽ᠬᠢᠵᠢᠭ ᠤᠨ ᠪᠠᠶᠢᠳᠠᠯ ᠣᠷᠣᠰᠢᠵᠤ ᠪᠠᠶᠢᠭ᠎ᠠ ᠬᠤᠲᠠ ᠶᠢᠨ ᠲᠣᠭᠤᠷᠢᠭ ᠲᠤ ᠡᠳᠦᠷ ᠪᠦᠷᠢ ᠨᠢᠭᠡ ᠤᠳᠠᠭ᠎ᠠ ᠪᠥᠬᠦ  ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂ ᠦᠷᠭᠦᠯᠵᠢᠯᠡᠨ 3 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠨᠡᠶᠢᠭᠡᠮ ᠤᠨ ᠲᠠᠯ᠎ᠠ ᠶᠢᠨ ᠬᠠᠯᠳᠠᠪᠤᠷᠢᠯᠠᠯ ᠥᠬᠡᠶ ᠪᠣᠯ᠂ 3 ᠡᠳᠦᠷ ᠠᠯᠤᠰᠯᠠᠭᠠᠳ ᠳᠠᠬᠢᠨ ᠨᠢᠭᠡ ᠤᠳᠠᠭ᠎ᠠ ᠪᠦᠬᠦ  ᠬᠡᠪᠴᠢᠶᠡᠨ ᠤ ᠪᠥᠭᠡᠮ ᠬᠦᠴᠢᠯ ᠤᠨ ᠰᠢᠯᠭᠠᠨ ᠪᠠᠢᠴᠠᠭᠠᠯᠲᠠ ᠬᠢᠬᠦ︾ ᠰᠢᠯᠭᠠᠨ ᠪᠠᠶᠢᠴᠠᠭᠠᠬᠤ ᠠᠷᠭ᠎ᠠ ᠪᠣᠳᠣᠯᠭ᠎ᠠ᠂ ᠮᠠᠨ ᠤ ᠬᠤᠰᠢᠭᠤ 11 ᠳ᠋ᠦ᠋ᠭᠡᠷ ᠰᠠᠷ᠎ᠠ ᠶᠢᠨ 18᠎ ᠤ ᠡᠳᠦᠷ ᠭᠤᠣᠯᠳᠠᠯᠭ᠎ᠠ ᠲᠠᠢ ᠣᠷᠣᠨ ᠳᠤ ᠠᠩᠬ᠎ᠠ ᠰᠢᠯᠭᠠᠨ ᠪᠠᠶᠢᠴᠠᠭᠠᠯᠲᠠ ᠳᠤ ᠠᠷᠭ᠎ᠠ ᠴᠢᠨᠠᠷᠲᠠᠢ 1 ᠬᠥᠮᠦᠨ ᠢ ᠪᠠᠶᠢᠴᠠᠭᠠᠵᠤ ᠭᠠᠷᠭᠠᠭᠰᠠᠨ ᠤ ᠳᠠᠷᠠᠭ᠎ᠠ᠂ 19᠎ ᠤ ᠡᠳᠦᠷ ᠠᠴᠠ 21᠎ ᠤ ᠡᠳᠦᠷ ᠪᠣᠯᠲᠠᠯ᠎ᠠ ᠵᠠᠯᠭᠠᠭ᠎ᠠ ᠪᠠᠷ 3 ᠤᠳᠠᠭ᠎ᠠ ᠭᠤᠤᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠨᠡᠶᠢᠭᠡᠮ ᠤᠨ ᠲᠠᠯ᠎ᠠ ᠶᠢᠨ ᠬᠠᠯᠳᠠᠪᠤᠷᠢᠯᠠᠯ ᠥᠬᠡᠶ ᠪᠠᠶᠢᠪᠠ᠂ ᠡᠶᠢᠮᠦ ᠠᠴᠠ᠂ ᠲᠥᠯᠥᠪᠯᠡᠭᠡ ᠎ ᠪᠠᠷ ᠂ 3 ᠡᠳᠦᠷ ᠠᠯᠤᠰᠯᠠᠬᠤ ᠪᠦᠷᠢ᠂ ᠲᠠᠷᠤᠢ 11 ᠳ᠋ᠦ᠋ᠭᠡᠷ ᠰᠠᠷ᠎ᠠ ᠶᠢᠨ 25᠎ ᠤ ᠡᠳᠦᠷ ︵ᠭᠠᠷᠠᠭ ᠤᠨ ᠲᠠᠪᠤᠨ︶᠎ ᠲᠤ ᠭᠤᠤᠯᠳᠠᠯᠭ᠎ᠠ ᠲᠠᠢ ᠣᠷᠣᠨ ᠪᠦᠰᠡ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠳᠠᠬᠢᠨᠲᠠ ᠨᠢᠭᠡ ᠤᠳᠠᠭ᠎ᠠ ᠥᠷᠨᠢᠭᠦᠯᠦᠨ᠎ᠡ᠃ ᠥᠷᠭᠡᠨ ᠣᠯᠠᠨ ᠰᠠᠭᠤᠭᠠᠯᠢ ᠠᠷᠠᠳ ᠴᠠᠭ ᠲᠤᠬᠠᠶ ᠳᠤ ᠨᠢ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠠᠷᠯᠠᠯ ᠢ ᠠᠩᠬᠠᠷᠴᠤ᠂ ᠲᠣᠭᠲᠠᠭᠰᠠᠨ ᠴᠠᠭ ᠲᠤ ᠣᠶᠢᠷᠠᠯᠴᠠᠭ᠎ᠠ ᠭᠠᠵᠠᠷ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠴᠡᠭ ᠲᠤ ᠤᠴᠢᠵᠦ ᠥᠯᠢᠭᠡᠷ ᠠᠪᠤᠭᠤᠯᠵᠦ᠂ ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠵᠤ᠂ ᠨᠢᠭᠡ ᠡᠷᠦᠬᠡ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ ᠪᠠᠶᠢᠬᠤ ᠶᠢ ᠬᠦᠰᠡᠶ᠎ᠡ᠃      ᠡᠵᠡᠨ ᠬᠤᠷᠤᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ ᠤᠨ ᠬᠠᠷᠢᠯᠴᠠᠬᠤ ᠤᠲᠠᠰᠤ      ᠵᠢᠯᠣᠭᠤᠳᠬᠤ ᠭᠠᠵᠠᠷ ᠤᠨ ᠠᠯᠪᠠᠨ ᠭᠡᠷ᠄ 0477—8691824      ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ᠄ 0477—8681617      ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ᠄ 0477—8687110      ᠡᠳ᠋ ᠪᠣᠳᠠᠰ ᠤᠨ ᠪᠠᠲᠤᠯᠠᠭ᠎ᠠ ᠶᠢᠨ ᠳᠤᠭᠤᠶᠢᠯᠠᠩ᠄ 0477—8969118      ᠵᠠᠮ ᠬᠠᠷᠢᠯᠴᠠᠭᠠᠨ ᠤ ᠪᠠᠲᠤᠯᠠᠭ᠎ᠠ ᠶᠢᠨ ᠳᠤᠭᠤᠶᠢᠯᠠᠩ᠄ 2298098᠂ 18248331640       ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠭᠤᠶᠢᠯᠠᠩ᠄ 0477—8691598᠂ 18147764449      ᠡᠵᠡᠨ ᠬᠤᠷᠤᠭ᠎ᠠ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠄ 0477—8684296      ᠡᠯ᠎ᠡ ᠪᠠᠯᠭᠠᠰᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠠᠷᠢᠯᠴᠠᠬᠤ ᠤᠲᠠᠰᠤ      ᠠᠯᠳᠠᠨᠰᠢᠷᠡᠭᠡ ᠪᠠᠯᠭᠠᠰᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0477—8969144      ᠤᠯᠠᠭᠠᠨᠮᠦ᠋ᠷᠡᠨ ᠪᠠᠯᠭᠠᠰᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0477—8930203      ᠡᠵᠡᠨ ᠬᠤᠷᠤᠭ᠎ᠠ ᠪᠠᠯᠭᠠᠰᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0477—8961032      ᠵᠠᠰᠠᠭ ᠪᠠᠯᠭᠠᠰᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0477—8951014      ᠨᠠᠷᠢᠨᠲᠣᠬᠤᠶ ᠪᠠᠯᠭᠠᠰᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0477—8871099      ᠬᠤᠨᠢᠴᠢᠡᠭᠤᠤᠯ ᠪᠠᠯᠭᠠᠰᠤᠨ ‍ᠤ‌‍ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠄ 0477—8821337      ᠰᠤᠪᠤᠷᠭ᠎ᠠ ᠪᠠᠯᠭᠠᠰᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠄ 0477—8831666                                ᠡᠵᠡᠨ ᠬᠤᠷᠤᠭ᠎ᠠ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ                  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                           2022 ᠣᠨ ᠤ 11 ᠳ᠋ᠦ᠋ᠭᠡᠷ ᠰᠠᠷ᠎ᠠ ᠶᠢᠨ 21᠎ ᠤ ᠡᠳᠦᠷ 
ᠢᠷᠡᠯᠲᠡ᠄ ᠲᠤᠰ ᠰᠦᠯᠵᠢᠶ᠎ᠡ