ᠡᠵᠡᠨ ᠬᠤᠷᠤᠭ᠎ᠠ ᠬᠤᠰᠢᠭᠤᠨ ᠤ ᠨᠡᠶᠢᠭᠡᠮ ᠤᠨ ᠡᠯ᠎ᠡ ᠡᠲᠡᠭᠡᠳ ᠤᠨ ᠬᠢᠨ ᠬᠠᠯᠠᠭᠤᠨ ᠰᠡᠳᠬᠢᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2022/11/26
      ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠤᠨ ᠡᠮᠦᠨ᠎ᠡ᠂ ᠡᠵᠡᠨ ᠬᠤᠷᠤᠭ᠎ᠠ ᠬᠤᠰᠢᠭᠤᠨ ᠤ ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠰᠡᠳᠬᠢᠯᠲᠦ ᠠᠵᠤ ᠠᠬᠤᠶᠢᠯᠠᠯ ᠬᠠᠯᠠᠭᠤᠨ ᠭᠠᠷ ᠢᠶᠠᠨ ᠰᠤᠩᠭᠠᠨ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ᠂ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠨ᠂ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠨᠡᠮᠡᠷᠢᠯᠡᠵᠦ᠂ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠢᠯᠡᠷᠡᠭᠦᠯᠦᠭᠰᠡᠨ ᠪᠥᠭᠡᠳ ᠡᠵᠡᠨ ᠬᠤᠷᠤᠭ᠎ᠠ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃      ᠣᠳᠣᠬᠠᠨ ᠪᠣᠯᠲᠠᠯ᠎ᠠ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠳ᠋ ᠪᠣᠳᠠᠰ ᠤᠨ ᠪᠠᠲᠤᠯᠠᠭ᠎ᠠ ᠶᠢᠨ ᠳᠤᠭᠤᠶᠢᠯᠠᠩ᠂ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ᠨᠢᠭᠡᠨᠲᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠳᠤ ᠬᠠᠨᠳᠢᠪᠯᠠᠭᠰᠠᠨ ᠵᠣᠭᠤᠰ ᠮᠦᠩᠬᠦ ᠶᠢ 3250000 ᠲᠥᠭᠦᠷᠢᠭ ᠵᠢᠴᠢ 2832000 ᠲᠥᠭᠦᠷᠢᠭ ᠤᠨ ᠥᠷᠲᠡᠭ ᠪᠥᠬᠦᠶ ᠬᠢᠵᠢᠭ ᠢ ᠰᠡᠷᠭᠡᠶᠢᠯᠡᠬᠦ  ᠳᠤ ᠬᠡᠷᠡᠭᠯᠡᠬᠦ ᠡᠳ᠋ ᠪᠣᠳᠠᠰ ᠢ ᠭᠥᠯᠢᠶᠡᠨ ᠠᠪᠴᠠᠶ᠃  
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ