ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠢ ᠰᠡᠷᠭᠡᠶᠢᠯᠡᠬᠦ ᠬᠢᠨᠠᠨ ᠬᠡᠮᠵᠢᠬᠦ ᠲᠠᠪᠴᠠᠩ ᠨᠢ ᠰᠤᠷᠤᠭᠴᠢᠳ ᠤᠨ ᠡᠷᠡᠭᠦᠯ ᠮᠡᠨᠳᠦ ᠶᠢ ᠴᠠᠭ ᠢᠮᠠᠭᠳᠠ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2022/11/29
      ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠤᠨᠤᠪᠴᠢᠳᠠᠢ ᠪᠦᠲᠦᠮᠵᠢᠲᠡᠢ ᠥᠷᠨᠢᠭᠦᠯᠬᠦ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠲᠤᠮᠤ ᠳ᠋ᠠᠶᠢᠲ᠋ᠠ ᠶᠢᠨ ᠲᠥᠪ ︽ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠢ ᠰᠡᠷᠭᠡᠶᠢᠯᠡᠬᠦ ᠬᠢᠨᠠᠨ ᠬᠡᠮᠵᠢᠬᠦ ᠲᠤᠭ᠎ᠠ ᠪᠠᠷᠢᠮᠲᠠ ᠶᠢᠨ ᠲᠠᠪᠴᠠᠩ︾᠎ ᠢ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠴᠠᠭ ᠲᠤᠬᠠᠢ ᠳᠤ ᠨᠢ ᠬᠢᠨᠠᠨ ᠡᠵᠡᠮᠳᠡᠵᠦ ᠪᠠᠶᠢᠨ᠎ᠠ᠃       ᠥᠩᠭᠡᠷᠡᠭᠰᠡᠨ ᠳᠤ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠡᠷ ᠤᠨ ᠠᠬᠠᠮᠠᠳ ᠡᠳᠦᠷ ᠪᠦᠷᠢ ︽ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋᠂ ᠨᠢᠭᠳᠠ ᠤᠶᠢᠷᠠᠳᠤᠭᠰᠠᠳ ᠤᠨ ᠺᠣᠳ᠋︾᠎ ᠢ ᠲᠠᠭᠯᠠᠵᠤ ᠰᠣᠷᠣᠭᠴᠢ ᠵᠢᠴᠢ ᠬᠡᠷ ᠤᠨ ᠠᠬᠠᠮᠠᠳ ᠤᠨ ᠡᠷᠡᠭᠦᠯ ᠮᠡᠨᠳᠦ ᠶᠢᠨ ᠬᠢᠵᠢᠭ ᠤᠨ ᠪᠠᠶᠢᠳᠠᠯ ᠤᠨ ᠲᠤᠬᠠᠢ ᠣᠶᠢᠯᠠᠭᠠᠵᠤ᠂ ᠪᠠᠭᠰᠢ ᠠᠴᠠ ︽ᠭᠤᠷᠪᠠᠨ ᠺᠣᠳ᠋︾᠎ ᠢ ᠬᠥᠮᠦᠨ ᠤ ᠬᠦᠴᠦ ᠪᠠᠷ ᠬᠠᠷᠭᠤᠭᠤᠯᠵᠤ᠂ ᠴᠠᠭ ᠬᠦᠴᠦ ᠶᠢ ᠶᠡᠭᠡ ᠭᠡᠮᠵᠢᠶ᠎ᠡ ᠎ ᠪᠠᠷ ᠵᠠᠷᠤᠴᠠᠭᠤᠯᠵᠤ ᠪᠠᠶᠢᠪᠠ᠃      ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢᠨ ᠲᠠᠪᠴᠠᠩ ᠨᠢ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠤᠨ ᠲᠤᠭ᠎ᠠ ᠪᠠᠷᠢᠮᠲᠠ ᠯᠤᠭ᠎ᠠ ᠵᠣᠯᠭᠠᠭᠤᠯᠬᠤ ᠪᠠᠷ ᠳᠡᠮᠵᠢᠨ᠂ ᠪᠠᠭᠰᠢ ᠠᠵᠢᠯᠲᠠᠨ ᠠᠵᠢᠯᠴᠢᠨ᠂ ᠰᠣᠷᠣᠭᠴᠢ ᠪᠣᠯᠤᠨ ᠬᠡᠷ ᠤᠨ ᠠᠬᠠᠮᠠᠳ ᠤᠨ ᠲᠤᠭ᠎ᠠ ᠪᠠᠷᠢᠮᠲᠠ ᠶᠢ ᠪᠥᠭᠡᠮ ᠢᠶᠠᠷ ᠣᠷᠣᠭᠤᠯᠤᠨ ᠠᠪᠴᠢᠷᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠢ ᠰᠡᠷᠭᠡᠶᠢᠯᠡᠬᠦ ᠲᠤᠭ᠎ᠠ ᠪᠠᠷᠢᠮᠲᠠ ᠶᠢᠨ ᠨᠢᠭᠡ ᠵᠢᠷᠤᠭ᠂ ᠨᠢᠭᠡ ᠳᠡᠯᠭᠡᠴᠡ ᠶᠢ ᠪᠡᠶᠡᠯᠡᠬᠦᠯᠤᠨ᠂ ᠰᠣᠷᠣᠭᠴᠢ ᠵᠢᠴᠢ ᠬᠡᠷ ᠤᠨ ᠠᠬᠠᠮᠠᠳ ᠤᠨ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠵᠡᠷᠭᠡ ᠶᠢ ᠬᠢᠨᠠᠨ ᠰᠢᠯᠭᠠᠭᠰᠠᠨ ᠲᠤᠭ᠎ᠠ ᠪᠠᠷᠢᠮᠲᠠ ᠶᠢ ᠢᠵᠢᠯ ᠠᠯᠬᠤᠮ ᠢᠶᠠᠷ ᠳᠡᠯᠭᠡᠨ ᠦᠵᠡᠭᠦᠯᠵᠦ᠂ ᠰᠣᠷᠣᠭᠴᠢ᠂ ᠬᠡᠷ ᠤᠨ ᠠᠬᠠᠮᠠᠳ᠂ ᠪᠠᠭᠰᠢ ᠶᠢᠨ ᠬᠢᠵᠢᠭ ᠢ ᠰᠡᠷᠭᠡᠶᠢᠯᠡᠬᠦ ᠲᠤᠭ᠎ᠠ ᠪᠠᠷᠢᠮᠲᠠ ᠶᠢᠨ ᠠᠦ᠋ᠲ᠋ᠦ‍ ᠰᠢᠭᠰᠢᠨ ᠪᠠᠶᠢᠴᠠᠭᠠᠯᠲᠠ᠂ ᠠᠦ᠋ᠲ᠋ᠣ᠋ ᠰᠡᠷᠡᠮᠵᠢᠯᠡᠭᠦᠯᠦᠯ ᠢ ᠬᠠᠩᠭᠠᠵᠤ ᠪᠠᠶᠢᠨ᠎ᠠ᠃ ᠬᠡᠷᠪᠡ ᠬᠡᠪ ᠤᠨ ᠪᠤᠰᠤ ᠲᠤᠭ᠎ᠠ ᠪᠠᠷᠢᠮᠲᠠ ᠢᠯᠡᠷᠡᠪᠠᠯ᠂ ᠲᠤᠰ ᠰᠢᠰᠲ᠋ᠧᠮ ᠨᠢ ᠴᠠᠭ ᠲᠤᠬᠠᠶ ᠳᠤ ᠨᠢ ᠤᠷᠢᠳᠴᠢᠯᠠᠨ ᠰᠡᠷᠡᠮᠵᠢᠯᠡᠭᠦᠯᠬᠦ ᠪᠠ ᠰᠠᠨᠠᠭᠤᠯᠵᠤ᠂ ᠡᠭᠦᠨ ᠤ ᠤᠯᠠᠮ ᠠᠴᠠ ᠰᠤᠷᠭᠠᠭᠤᠯᠢ ᠶᠢᠨ ᠬᠦᠷᠢᠶᠡᠨ ᠤ ᠬᠢᠵᠢᠭ ᠳᠡᠯᠭᠡᠷᠡᠬᠦ ᠲᠦᠭᠰᠢᠭᠦᠷᠢ ᠶᠢ ᠪᠠᠭᠠᠰᠬᠠᠬᠤ ᠪᠤᠶᠤ ᠵᠠᠶᠢᠯᠠᠰᠬᠢᠵᠦ᠂ ᠪᠠᠭᠰᠢ ᠶᠢᠨ ᠭᠤᠷᠪᠠᠨ ᠺᠣᠳ᠋ ᠢ ᠬᠢᠨᠠᠨ ᠰᠢᠯᠭᠠᠬᠤ ᠵᠢᠴᠢ ᠬᠡᠷ ᠤᠨ ᠠᠬᠠᠮᠠᠳ ᠤᠨ ᠡᠳᠦᠷ ᠪᠦᠷᠢ ᠭᠤᠷᠪᠠᠨ ᠺᠣᠳ᠋ ᠢᠶᠠᠨ ᠮᠡᠳᠡᠭᠦᠯᠦᠨ ᠬᠦᠷᠭᠡᠬᠦ ᠠᠵᠢᠯ ᠢ ᠲᠦᠬᠦᠮᠴᠢᠯᠡᠪᠡ᠃ ᠡᠭᠦᠨ ᠤ ᠬᠠᠮᠲᠤ᠂ ᠪᠥᠬᠦ ᠬᠤᠰᠢᠭᠤᠨ ᠤ ᠡᠯ᠎ᠡ ᠰᠤᠷᠭᠠᠭᠤᠯᠢ ᠶᠢᠨ ᠡᠳᠦᠷ ᠪᠦᠷᠢ ᠶᠢᠨ ᠡᠷᠡᠭᠦᠯ ᠮᠡᠨᠳᠦ ᠶᠢᠨ ᠬᠢᠵᠢᠭ ᠢ ᠰᠡᠷᠭᠡᠶᠢᠯᠡᠭᠰᠡᠨ ᠦᠷ᠎ᠡ ᠳ᠋ᠦᠩ ᠤᠨ ᠲᠤᠭ᠎ᠠ ᠪᠠᠷᠢᠮᠲᠠ ᠨᠢ ᠲᠤᠰᠬᠠᠶ ᠵᠤᠶᠢᠯ ᠤᠨ ᠮᠡᠳᠡᠭᠦᠯᠦᠯᠲᠡ ᠪᠣᠯᠵᠣ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠬᠡᠷ ᠪᠦᠯᠢ᠂ ᠰᠤᠷᠭᠠᠭᠤᠯᠢ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠷᠪᠠ ᠶᠢ ᠨᠢᠭᠡ ᠴᠣᠭᠴᠠᠵᠢᠭᠤᠯᠤᠨ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠪᠡ᠃       ᠣᠳᠣᠬᠠᠨ ᠳᠤ᠂ ᠲᠤᠰ ᠲᠠᠪᠴᠠᠩ ᠨᠢ ᠨᠢᠭᠡᠨᠲᠡ ᠪᠠᠭᠰᠢ ᠠᠵᠢᠯᠲᠠᠨ ᠠᠵᠢᠯᠴᠢᠨ ᠪᠣᠯᠤᠨ ᠰᠣᠷᠣᠭᠴᠢ᠂ ᠬᠡᠷ ᠤᠨ ᠠᠬᠠᠮᠠᠳ ᠵᠡᠷᠭᠡ ᠶᠢᠨ ᠮᠡᠳᠡᠭᠡ ᠵᠠᠩᠭᠢ ᠶᠢ ᠣᠷᠣᠭᠤᠯᠬᠤ ᠠᠵᠢᠯ ᠢ ᠪᠡᠶᠡᠯᠡᠭᠦᠯᠵᠦ᠂ ᠬᠡᠦᠬᠡᠳ ᠤᠨ ᠴᠡᠴᠡᠷᠯᠢᠭ᠂ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠰᠣᠷᠣᠭᠴᠢ᠂ ᠬᠡᠷ ᠤᠨ ᠠᠬᠠᠮᠠᠳ ᠵᠢᠴᠢ ᠪᠠᠭᠰᠢ ᠠᠵᠢᠯᠲᠠᠨ ᠵᠡᠷᠭᠡ 9 ᠲᠦᠮᠡ ᠭᠠᠷᠤᠶ ᠬᠦᠮᠤᠰ ᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ 9 ᠳ᠋ᠤᠭᠡᠷ ᠰᠠᠷ᠎ᠠ ᠶᠢᠨ 6᠎ ᠤ ᠡᠳᠦᠷ ᠠᠵᠢᠯᠯᠠᠭᠰᠠᠨ ᠠᠴᠠ ᠨᠠᠰᠢ᠂ ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢᠨ ᠲᠠᠪᠴᠠᠩ ᠨᠢᠭᠡᠨᠲᠡ 13 ᠤᠯᠠᠭᠠᠨ ᠺᠣᠳ᠋ ᠪᠠ 3 ᠰᠢᠷ᠎ᠠ ᠺᠣᠳ᠋ ︵ᠴᠥᠮ ᠨᠠᠷᠢᠨᠳᠤᠬᠤᠢ ᠪᠠᠯᠭᠠᠰᠤᠨ ᠳᠤ ᠬᠠᠷᠢᠶᠠᠯᠠᠭᠳᠠᠨ᠎ᠠ︶᠎ ᠢ ᠢᠯᠡᠷᠡᠬᠦᠯᠤᠨ᠂ ᠰᠤᠷᠭᠠᠨ ᠬᠥᠮᠦᠵᠢᠯ ᠪᠠ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠭᠤ ᠲᠤᠰᠬᠠᠭᠰᠠᠨ ᠢᠶᠠᠷ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠤᠭᠰᠠᠨ ᠨᠢ ᠪᠦᠷᠢᠮᠦᠰᠦᠨ ᠣᠨᠣᠪᠴᠢᠲᠠᠶ ᠪᠠᠶᠢᠪᠠ᠃       ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠣᠮᠣ ᠳ᠋ᠠᠶᠢᠲ᠋ᠠ ᠶᠢᠨ ᠲᠥᠪ ᠠᠴᠠ ᠲᠣᠮᠣ ᠳ᠋ᠠᠶᠢᠲ᠋ᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠤᠳᠤᠯᠲᠠ ᠵᠡᠷᠭᠡ ᠲᠡᠷᠢᠭᠦᠨ ᠤ ᠲᠤᠭ᠎ᠠ ᠪᠠᠷᠢᠮᠲᠠ ᠶᠢᠨ ᠮᠡᠷᠭᠡᠵᠢᠯ ᠢ ᠠᠰᠢᠭᠯᠠᠨ᠂ ᠲᠤᠭ᠎ᠠ ᠪᠠᠷᠢᠮᠲᠠ ᠶᠢ ᠬᠠᠮᠲᠤ ᠪᠠᠷ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ︽ᠲᠦᠪᠯᠡᠷᠡᠬᠦᠯᠬᠦ᠂ ᠬᠠᠮᠲᠤ ᠪᠠᠷ ᠬᠡᠷᠡᠭᠯᠡᠬᠦ᠂ ᠬᠠᠮᠢᠶᠠᠷᠬᠤ᠂ ᠤᠶᠢᠯᠡᠴᠢᠯᠡᠬᠦ︾ ᠲᠣᠭᠠᠴᠢᠯᠠᠭᠰᠠᠨ ᠡᠵᠡᠨ ᠬᠤᠷᠤᠭ᠎ᠠ ᠶᠢ ᠬᠦᠴᠦᠯᠡᠨ ᠪᠠᠶᠢᠭᠤᠯᠬᠤ ᠪᠠᠷ ᠪᠠᠶᠢᠨ᠎ᠠ᠃           
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ