ᠡᠵᠡᠨ ᠬᠤᠷᠤᠭ᠎ᠠ ᠬᠤᠰᠢᠭᠤ ᠪᠠᠰᠠ ᠨᠢᠭᠡ ᠰᠠᠭᠤᠭᠠᠯᠢ ᠠᠷᠠᠳ ᠤᠨ ᠲᠣᠭᠤᠷᠢᠭ ᠪᠠᠶᠢᠭᠤᠯᠬᠤ ᠪᠠᠷ ᠪᠣᠶ
ᠨᠡᠶᠢᠲᠡᠯᠡᠭᠰᠡᠨ ᠴᠠᠭ᠄
2022/11/3
       11 ᠳ᠋ᠦ᠋ᠭᠡᠷ ᠰᠠᠷ᠎ᠠ ᠶᠢᠨ 3᠎ ᠤ ᠡᠳᠦᠷ᠂ ᠣᠷᠳᠣᠰ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠣᠷᠳᠣᠰ ᠬᠤᠲᠠ ᠶᠢᠨ ᠮᠧᠩ ᠰᠢᠨ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠠᠭᠠᠷ ᠤᠨ ᠭᠠᠷᠠᠮ ᠤᠨ ᠪᠠᠷᠠᠭᠠᠨ ᠤ ᠬᠦᠢᠯᠭᠡᠭᠡᠨ ᠤ ᠲᠣᠭᠤᠷᠢᠭ ᠤᠨ ᠺᠠᠩ ᠾᠧ ᠰᠢᠨ ᠭᠠᠩ ᠰᠠᠭᠤᠭᠠᠯᠢ ᠠᠷᠠᠳ ᠤᠨ ᠲᠣᠭᠤᠷᠢᠭ ᠤᠨ ᠲᠥᠷᠥᠯ ᠵᠦᠢᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠥᠰᠦᠯ ᠢ ᠵᠥᠪᠰᠢᠶᠡᠷᠡᠬᠦ ᠠᠴᠠ ᠡᠮᠦᠨ᠎ᠡ ᠵᠠᠷᠯᠠᠨ ᠨᠡᠶᠢᠲᠡᠯᠡᠪᠡ᠃      ᠲᠥᠷᠥᠯ ᠵᠦᠢᠯ ᠨᠢ ᠠᠭᠠᠷ ᠤᠨ ᠭᠠᠷᠠᠮ ᠤᠨ ᠪᠠᠷᠠᠭᠠᠨ ᠤ ᠬᠦᠢᠯᠭᠡᠭᠡᠨ ᠤ ᠲᠣᠭᠤᠷᠢᠭ ᠲᠤ ᠪᠠᠶᠢᠷᠢᠯᠠᠵᠤ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ ᠪᠠᠷᠤᠭ 16.4 ᠲᠦᠮᠡᠨ ᠲᠡᠭᠰᠢ ᠳᠥᠷᠪᠡᠯᠵᠢᠨ ᠮᠧᠲᠷ᠂ ᠭᠡᠷᠡᠭᠯᠡᠭᠰᠡᠨ ᠭᠠᠵᠠᠷ ᠤᠨ ᠲᠠᠯᠠᠪᠠᠶ ᠨᠢ ᠪᠠᠷᠤᠭ 8.78 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠡᠭᠦᠨ ᠳᠤ ᠭᠠᠵᠠᠷ ᠳᠡᠭᠡᠷᠡᠬᠢ ᠪᠠᠷᠢᠯᠭ᠎ᠠ ᠶᠢᠨ ᠲᠠᠯᠠᠪᠠᠶ ᠨᠢ ᠪᠠᠷᠤᠭ 11.9 ᠲᠦᠮᠡᠨ ᠲᠡᠭᠰᠢ ᠳᠥᠷᠪᠡᠯᠵᠢᠨ ᠮᠧᠲᠷ᠂ ᠭᠠᠵᠠᠷ ᠳᠣᠣᠷᠠᠬᠢ ᠪᠠᠷᠢᠯᠭ᠎ᠠ ᠶᠢᠨ ᠲᠠᠯᠠᠪᠠᠶ ᠨᠢ ᠪᠠᠷᠤᠭ 4.5 ᠲᠦᠮᠡᠨ ᠲᠡᠭᠰᠢ ᠳᠥᠷᠪᠡᠯᠵᠢᠨ ᠮᠧᠲᠷ  ᠪᠤᠯᠤᠨ᠎ᠠ᠃ ᠪᠠᠭᠲᠠᠭᠠᠮᠵᠢ ᠶᠢᠨ ᠨᠣᠷᠮ᠎ᠠ ᠨᠢ 1.36᠂ ᠪᠠᠷᠢᠯᠭ᠎ᠠ ᠶᠢᠨ ᠨᠢᠭᠲᠠᠴᠠ ᠨᠢ 20%᠂ ᠪᠠᠷᠢᠯᠭ᠎ᠠ ᠶᠢᠨ ᠥᠨᠳᠥᠷ ᠨᠢ 35 ᠮᠧᠲᠷ᠂ ᠨᠤᠭᠤᠭᠠᠷᠠᠭᠤᠯᠤᠯᠳᠠ ᠶᠢᠨ ᠨᠣᠷᠮ᠎ᠠ ᠨᠢ 35%᠂ ᠮᠠᠰᠢᠨ ᠲᠡᠷᠭᠡᠨ ᠤ ᠵᠣᠭᠰᠣᠭᠠᠯ ᠨᠢ 1335᠂ ᠨᠡᠶᠢᠲᠡ 992 ᠡᠷᠦᠬᠡ ᠪᠠᠶᠢᠵᠤ᠂ ᠨᠡᠶᠢᠲᠡ 26 ᠣᠷᠣᠨ ᠰᠠᠭᠤᠴᠠ ᠶᠢᠨ ᠠᠰᠠᠷ ︵19 ᠰᠠᠭᠤᠷᠢ 9 ᠲᠠᠪᠬᠤᠷᠭ᠎ᠠ ᠶᠢᠨ ᠣᠷᠣᠨ ᠰᠠᠭᠤᠴᠠ ᠶᠢᠨ ᠠᠰᠠᠷ︔ 7 ᠰᠠᠭᠤᠷᠢ 11 ᠲᠠᠪᠬᠤᠷᠭ᠎ᠠ ᠶᠢᠨ ᠣᠷᠣᠨ ᠰᠠᠭᠤᠴᠠ ᠶᠢᠨ ᠠᠰᠠᠷ︶᠂ 1 ᠰᠠᠭᠤᠷᠢ 6 ᠲᠠᠪᠬᠤᠷᠭ᠎ᠠ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠠᠰᠠᠷ᠂ 16 ᠰᠠᠭᠤᠷᠢ 3 ᠲᠠᠪᠬᠤᠷᠭ᠎ᠠ ᠶᠢᠨ ᠬᠤᠳᠠᠯᠳᠤᠭᠠᠨ ᠤ ᠠᠰᠠᠷ᠂ 1 ᠰᠠᠭᠤᠷᠢ 2 ᠲᠠᠪᠬᠤᠷᠭ᠎ᠠ ᠶᠢᠨ ᠠᠳᠠᠯ ᠠᠬᠤᠶ ᠳᠤ ᠬᠡᠷᠡᠭᠯᠡᠬᠦ ᠠᠰᠠᠷ ᠪᠤᠢ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ