ᠡᠵᠡᠨ ᠬᠤᠷᠤᠭ᠎ᠠ ᠴᠠᠬᠢᠯᠭᠠᠨ ᠬᠠᠩᠭᠠᠬᠤ ᠺᠣᠮᠫᠠᠨᠢ ᠶᠢᠨ ᠰᠢᠨ᠎ᠡ ᠠᠰᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2022/11/5
      11 ᠳ᠋ᠤᠭᠡᠷ ᠰᠠᠷ᠎ᠠ ᠶᠢᠨ 4᠎ ᠤ ᠡᠳᠦᠷ᠂ ᠡᠵᠡᠨ ᠬᠤᠷᠤᠭ᠎ᠠ ᠴᠠᠬᠢᠯᠭᠠᠨ ᠬᠠᠩᠭᠠᠬᠤ ᠺᠣᠮᠫᠠᠨᠢ ᠶᠢᠨ ᠰᠢᠨ᠎ᠡ ᠠᠰᠠᠷ ᠠᠰᠢᠭᠯᠠᠯᠳᠠ ᠳᠤ ᠤᠷᠤᠬᠤ ᠶᠣᠰᠣᠯᠠᠯ ᠬᠢᠪᠡ᠃      ᠣᠶᠢᠯᠠᠭᠠᠭᠰᠠᠨ ᠢᠶᠠᠷ᠂ ᠡᠵᠡᠨ ᠬᠤᠷᠤᠭ᠎ᠠ ᠴᠠᠬᠢᠯᠭᠠᠨ ᠬᠠᠩᠭᠠᠬᠤ ᠺᠣᠮᠫᠠᠨᠢ ᠶᠢᠨ ᠰᠢᠨ᠎ᠡ ᠠᠰᠠᠷ ᠨᠢ ᠶᠢᠨ ᠽᠧ ᠲᠣᠮᠣ ᠠᠰᠠᠷ ᠤᠨ ᠪᠠᠷᠠᠭᠤᠨ ᠬᠤᠶᠢᠲᠤ ᠬᠡᠰᠡᠭ ᠲᠤ ᠪᠠᠶᠢᠷᠢᠯᠠᠨ᠂ ᠡᠵᠡᠯᠡᠬᠦ ᠲᠠᠯᠠᠪᠠᠢ ᠎ ᠨᠢ 12028 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ ᠨᠢ 9680 ᠲᠡᠭᠰᠢ ᠳᠥᠷᠪᠡᠯᠵᠢᠨ ᠮᠧᠲᠷ᠂ ᠭᠤᠤᠯ ᠠᠰᠠᠷ ᠨᠢ 7 ᠳᠠᠪᠬᠤᠷ᠂ ᠲᠤᠭᠤᠷᠢᠭᠤᠯ ᠬᠡᠷ ᠨᠢ 2 ᠳᠠᠪᠬᠤᠷ᠂ ᠭᠠᠵᠠᠷ ᠲᠤᠤᠷ᠎ᠠ 1 ᠳᠠᠪᠬᠤᠷ ᠪᠠᠶᠢᠵᠤ᠂ ᠴᠠᠬᠢᠯᠭᠠᠨ ᠤ ᠲᠤᠤᠷ ᠤᠨ ᠲᠣᠬᠢᠷᠠᠭᠤᠯᠤᠯᠲᠠ᠂ ᠭᠡᠷᠡᠭᠯᠡᠭᠴᠢᠳ ᠲᠤ ᠤᠶᠢᠯᠡᠴᠢᠯᠡᠬᠦ᠂ 24 ᠴᠠᠭ ᠤᠨ ᠳᠣᠲᠣᠷ᠎ᠠ ᠲᠦᠷᠭᠡᠨ ᠵᠠᠰᠠᠬᠤ ᠵᠡᠷᠭᠡ ᠴᠢᠳᠠᠮᠵᠢ ᠶᠢᠨ ᠴᠢᠨᠠᠷᠲᠠᠶ ᠬᠡᠷ ᠪᠠᠶᠢᠰᠢᠩ ᠪᠠᠭᠲᠠᠨ᠎ᠠ᠃ ᠰᠢᠨ᠎ᠠ ᠠᠰᠠᠷ ᠤᠨ ᠠᠰᠢᠭᠯᠠᠯᠳᠠ ᠳᠤ ᠤᠷᠤᠭᠰᠠᠨ ᠨᠢ ᠡᠵᠡᠨ ᠬᠤᠷᠤᠭ᠎ᠠ ᠬᠤᠰᠢᠭᠤᠨ ᠤ ᠴᠠᠬᠢᠯᠭᠠᠨ ᠬᠦᠴᠦᠨ ᠤ ᠤᠶᠢᠯᠡᠰ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ