ᠣᠷᠳᠣᠰ ᠤᠨ ᠪᠠᠰᠠ ᠨᠢᠭᠡᠨ ᠲᠣᠮᠣ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2022/11/6
      ᠣᠶᠢᠷ᠎ᠠ ᠳᠤ᠂ ᠠᠭᠠᠷ ᠠᠶᠠᠯᠠᠯ ᠤᠨ ᠭᠠᠷᠠᠮ ᠤᠨ ᠪᠠᠷᠠᠭᠠᠨ ᠤ ᠬᠦᠢᠯᠭᠡᠭᠡᠨ ᠤ ᠬᠦᠷᠢᠶᠡᠯᠡᠩ ᠲᠣᠭᠤᠷᠢᠭ ᠤᠨ ᠮᠧᠩ ᠹᠠ ᠭᠠᠳᠠᠭᠠᠳᠤ ᠶᠢᠨ ᠦᠢᠯᠡᠳᠪᠦᠷᠢ ᠠᠴᠠ ᠰᠢᠭᠤᠳ ᠣᠷᠣᠭᠤᠯᠤᠭᠰᠠᠨ ᠮᠠᠰᠢᠨ ᠲᠡᠷᠭᠡᠨ ᠤ ᠪᠠᠷᠠᠭᠠᠨ ᠤ ᠬᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ᠤᠨ ᠲᠥᠷᠥᠯ ᠵᠦᠢᠯ ᠪᠠᠷᠢᠯᠭ᠎ᠠ ᠡᠬᠢᠯᠡᠪᠡ᠃      ᠲᠣᠰ ᠲᠥᠷᠥᠯ ᠵᠦᠢᠯ ᠳᠤ ᠨᠡᠶᠢᠲᠡ 2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 230 ᠮᠥ ᠭᠠᠵᠠᠷ ᠡᠵᠡᠯᠡᠨ᠂ ᠭᠤᠤᠯᠳᠠᠭᠤ ᠳᠡᠭᠡᠳᠦ ᠲᠠᠰ ᠤᠨ ᠭᠠᠳᠠᠭᠠᠳᠤ ᠶᠢᠨ ᠦᠢᠯᠡᠳᠪᠦᠷᠢ ᠠᠴᠠ ᠰᠢᠭᠤᠳ ᠣᠷᠣᠭᠤᠯᠤᠭᠰᠠᠨ ᠮᠠᠰᠢᠨ ᠲᠡᠷᠭᠡᠨ ᠤ ᠬᠥᠮᠥᠷᠭᠡᠯᠡᠨ ᠬᠠᠳᠠᠭᠠᠯᠠᠬᠤ ᠡᠷᠬᠢᠯᠳᠡ ᠶᠢᠨ ᠬᠡᠷ᠂ ᠢᠵᠢ ᠪᠥᠷᠢᠳᠦᠭᠦᠯᠦᠭᠰᠡᠨ ᠶᠡᠷᠦᠩᠬᠡᠶᠢᠯᠡᠭᠰᠡᠨ ᠠᠰᠠᠷ᠂ ᠭᠠᠳᠠᠭᠠᠳᠤ ᠶᠢᠨ ᠦᠢᠯᠡᠳᠪᠦᠷᠢ ᠠᠴᠠ ᠰᠢᠭᠤᠳ ᠣᠷᠣᠭᠤᠯᠤᠭᠰᠠᠨ ᠮᠠᠰᠢᠨ ᠲᠡᠷᠭᠡᠨ ᠤ ᠥᠭᠡᠷᠡᠴᠢᠯᠡᠨ ᠤᠭᠰᠠᠷᠠᠬᠤ ᠦᠢᠯᠡᠳᠪᠦᠷᠢ ᠶᠢᠨ ᠲᠠᠰᠤᠭ᠂ ᠬᠥᠮᠥᠷᠭᠡᠯᠡᠨ ᠬᠠᠳᠠᠭᠠᠯᠠᠬᠤ ᠬᠡᠷ ᠵᠡᠷᠭᠡ ᠢᠵᠢ ᠪᠦᠷᠢᠳᠦᠭᠰᠡᠨ ᠭᠡᠷ ᠪᠠᠶᠢᠰᠢᠩ ᠢ ᠪᠥᠲᠥᠭᠡᠨ ᠪᠠᠶᠢᠭᠤᠯᠤᠨ᠎ᠠ᠃ ᠣᠳᠣᠬᠠᠨ ᠳᠤ᠂ ᠲᠥᠷᠥᠯ ᠵᠦᠢᠯ ᠤᠨ ᠠᠵᠢᠯ ᠨᠢᠭᠡᠨᠲᠡ ᠳᠠᠭᠤᠰᠴᠤ᠂ ᠶᠠᠭ 2᠂ 3 ᠳ᠋ᠤᠭᠠᠷ  ᠦᠢᠯᠡᠳᠪᠦᠷᠢ ᠶᠢᠨ ᠭᠡᠷ ᠤᠨ ᠰᠠᠭᠤᠷᠢ ᠨᠦᠬᠡ ᠶᠢ ᠮᠠᠯᠲᠠᠬᠤ ᠠᠵᠢᠯ ᠢ ᠥᠷᠨᠢᠭᠦᠯᠵᠦ ᠪᠠᠶᠢᠨ᠎ᠠ᠃ ᠵᠢᠱᠢᠯᠲᠡ ᠪᠠᠷ 2022 ᠣᠨ ᠤ ᠵᠢᠯ ᠤᠨ ᠡᠴᠦᠰ ᠲᠤ 2 ᠳ᠋ᠤᠭᠠᠷ ᠨᠣᠮᠧᠷᠲᠤ ᠶᠡᠷᠦᠩᠬᠡᠶᠢᠯᠡᠭᠰᠡᠨ ᠠᠰᠠᠷ ᠤᠨ ᠭᠠᠵᠠᠷ ᠳᠤᠤᠷᠠᠬᠢ ᠨᠢᠭᠡᠳᠦᠭᠡᠷ ᠳᠠᠪᠬᠤᠷᠭ᠎ᠠ ᠶᠢᠨ ᠰᠠᠯ ᠬᠠᠪᠲᠠᠰᠤ ᠶᠢᠨ ᠪᠠᠷᠢᠯᠭ᠎ᠠ ᠵᠢᠴᠢ 3 ᠳ᠋ᠤᠭᠠᠷ ᠨᠣᠮᠧᠷᠲᠤ  ᠦᠢᠯᠡᠳᠪᠦᠷᠢ ᠶᠢᠨ ᠬᠡᠷ ᠤᠨ ᠰᠠᠭᠤᠷᠢ ᠪᠠᠷᠢᠯᠭ᠎ᠠ ᠶᠢ ᠳᠠᠭᠤᠰᠬᠠᠨ᠎ᠠ᠃ ᠲᠥᠷᠥᠯ  ᠵᠦᠢᠯ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠵᠢᠯ ᠤᠨ ᠡᠵᠡᠩᠨᠡᠯᠲᠡ ᠶᠢᠨ ᠣᠷᠣᠯᠭ᠎ᠠ ᠪᠠᠷᠤᠭ 2000 ᠲᠦᠮᠡᠨ ᠲᠥᠭᠦᠷᠢᠭ ᠢ ᠪᠡᠶᠡᠯᠡᠭᠦᠯᠵᠦ᠂ ᠪᠠᠷᠤᠭ 50 ᠬᠥᠮᠦᠨ ᠢ ᠳᠠᠶᠢᠴᠢᠯᠠᠨ ᠠᠵᠢᠯ ᠤᠯᠭᠤᠬᠤ ᠪᠤᠯᠤᠨ᠎ᠠ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ