| ᠠᠯᠳᠠᠨᠰᠢᠷᠡᠭᠡ ᠪᠠᠯᠭᠠᠰᠤ ᠤᠯᠠᠨ ᠲᠦᠮᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠳᠤ ᠦᠢᠯᠡᠴᠢᠯᠡᠬᠦ ᠲᠤᠰᠬᠠᠢ | ᠵᠠᠷᠤᠳᠠᠯ ᠢ ᠰᠠᠶᠢᠲᠤᠷ ᠭᠡᠷᠡᠭᠯᠡᠨ᠂ ︽ᠰᠡᠳᠬᠢᠯ ᠤᠨ ᠬᠥᠭᠦᠷᠭᠡ︾ ᠶᠢ ᠪᠠᠶᠢᠭᠤᠯᠪᠠ᠃ | ᠣᠶᠢᠷ᠎ᠠ ᠳᠤ᠂ ᠰᠢᠨ ᠪᠸᠢ ᠨᠡᠶᠢᠭᠡᠮ ᠲᠣᠭᠤᠷᠢᠭ ᠨᠢ ᠬᠠᠷᠢᠶᠠᠲᠤ ᠣᠷᠣᠨ ᠤ ᠥᠨᠳᠥᠷ ᠨᠠᠰᠤ ᠲᠠᠢ᠂ ᠭᠠᠭᠴᠠᠭᠠᠷ ᠰᠠᠭᠤᠭ᠎ᠠ ᠨᠠᠰᠤᠲᠠᠶᠢᠴᠤᠳ ᠨᠡᠯᠢᠶᠡᠳ ᠣᠯᠠᠨ | ᠪᠠᠶᠢᠬᠤ ᠪᠠᠶᠢᠳᠠᠯ ᠢ ᠦᠨᠳᠦᠰᠦᠯᠡᠨ᠂ ᠨᠡᠶᠢᠭᠡᠮ ᠲᠣᠭᠤᠷᠢᠭ ᠤᠨ ᠰᠡᠳᠬᠢᠯ ᠢ ᠳᠤᠯᠠᠭᠠᠴᠠᠭᠤᠯᠬᠤ ᠰᠠᠭᠤᠷᠢ ᠮᠥᠩᠭᠦ᠂ ᠨᠡᠶᠢᠭᠡᠮ ᠤᠨ ᠠᠵᠢᠯᠲᠠᠨ ᠵᠢᠴᠢ ᠰᠠᠶᠢᠨ | ᠳᠤᠷᠠᠴᠤᠳ ᠵᠡᠷᠭᠡ ᠣᠯᠠᠨ ᠲᠠᠯ᠎ᠠ ᠶᠢᠨ ᠬᠦᠴᠦᠨ ᠢ ᠠᠰᠢᠭᠯᠠᠨ᠂ ᠨᠡᠶᠢᠭᠡᠮ ᠲᠣᠭᠤᠷᠢᠭ ᠤᠨ ︽ᠰᠡᠳᠬᠢᠯ ᠢ ᠳᠤᠯᠠᠭᠠᠴᠠᠭᠤᠯᠬᠤ︾ ᠠᠵᠢᠯᠯᠯᠠᠭ᠎ᠠ ᠶᠢ ᠦᠷᠨᠢᠬᠦᠯᠵᠦ᠂ | ᠨᠡᠶᠢᠭᠡᠮ ᠲᠣᠭᠤᠷᠢᠭ ᠲᠠᠬᠢ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠥᠬᠡᠶ ᠪᠠᠷ ᠡᠨᠧᠷᠭᠢ ᠠᠷᠪᠢᠯᠠᠬᠤ ᠰᠥᠨᠢ ᠶᠢᠨ ᠳ᠋ᠧᠩ ᠤᠭᠰᠠᠷᠠᠵᠤ ᠦᠭᠬᠦᠨ᠂ | ᠨᠠᠰᠤᠲᠠᠶᠢᠴᠤᠳ ᠤᠨ ᠰᠦᠨᠢ ᠭᠠᠳᠠᠨ᠎ᠠ ᠭᠠᠷᠬᠤ ᠳᠤ ᠨᠢ ᠠᠮᠤᠷ ᠲᠦᠪᠰᠢᠨ ᠢ ᠬᠠᠮᠠᠭᠠᠯᠠᠨ ᠲᠥᠬᠦᠮ ᠦᠵᠡᠭᠦᠯᠦᠭᠰᠡᠨ ᠪᠠᠶᠢᠨ᠎ᠠ᠃ | ᠲᠢᠶᠠᠨ ᠢ ᠵᠢᠶᠧ ᠪᠣᠯ ᠠᠵᠢᠨᠠᠶ ᠨᠡᠶᠢᠭᠡᠮ ᠲᠣᠭᠤᠷᠢᠭ ᠤᠨ ᠫᠦ ᠶᠠ ᠬᠤᠸᠠ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠪᠣᠯᠤᠨ᠎ᠠ᠂ | ᠳᠥᠷᠪᠡᠨ ᠵᠢᠯ ᠤᠨ ᠡᠮᠦᠨ᠎ᠡ᠂ ᠬᠦᠨᠳᠦ ᠡᠪᠡᠳᠴᠢᠨ ᠳᠤ ᠨᠡᠷᠪᠡᠭᠳᠡᠵᠦ᠂ ᠬᠥᠯᠥᠰᠥᠨ ᠠᠵᠢᠯ ᠬᠢᠵᠦ ᠠᠮᠢᠳᠤᠷᠠᠯ ᠢᠶᠠᠨ ᠠᠷᠭᠠᠴᠠᠭᠠᠵᠤ ᠪᠠᠶᠢᠭᠰᠠᠨ ᠨᠢᠭᠡ ᠭᠡᠷ ᠤᠨ ᠬᠢᠨ ᠢ | ᠨᠠᠩ ᠬᠦᠴᠢᠷᠲᠡᠶ ᠪᠣᠯᠭᠠᠵᠠᠶ᠃ 2020 ᠣᠨ ᠠᠴᠠ ᠨᠠᠭᠠᠰᠢ᠂ ᠠᠵᠢᠨᠠᠶ ᠨᠡᠶᠢᠭᠡᠮ ᠲᠣᠭᠤᠷᠢᠭ ᠤᠨ ᠬᠢᠨ ᠨᠡᠶᠢᠭᠡᠮ ᠲᠣᠭᠤᠷᠢᠭ ᠤᠨ ᠬᠤᠯᠪᠤᠭᠠᠯᠠᠨ ᠪᠠᠶᠢᠭᠤᠯᠬᠤ | ᠨᠢᠭᠡᠴᠢ ᠪᠣᠯᠬᠤ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠪᠡᠯᠡ ᠣᠷᠤᠭᠤᠯᠤᠯᠲᠠ ᠵᠢᠨᠪᠦ᠋ᠯᠦᠭᠯᠡᠯ ᠲᠠᠢ ᠢᠳᠡᠪᠬᠢᠳᠡᠢ ᠬᠠᠷᠢᠯᠴᠠᠵᠤ᠂ ᠲᠡᠭᠦᠨ ᠢ ᠬᠠᠪᠰᠤᠷᠤᠨ | ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ᠵᠡᠮᠳᠡᠭᠴᠦᠳ ᠤᠨ ᠦᠨᠡᠮᠯᠡᠯ ᠢ ᠭᠤᠶᠤᠴᠢᠯᠠᠨ ᠦᠭᠴᠦ᠂ ᠡᠮ ᠡᠮᠨᠡᠯᠭᠡ ᠶᠢᠨ | ᠳᠠᠭᠠᠳᠬᠠᠯ ᠢ ᠨᠢ ᠲᠤᠰᠢᠶᠠᠪᠠ᠃ ᠡᠨᠡ ᠵᠢᠯ ᠪᠠᠰᠠ ᠲᠡᠬᠦᠨ ᠤ ᠬᠤᠰᠢᠭᠤᠨ ᠤ ᠬᠡᠷ ᠪᠠᠶᠢᠰᠢᠩ ᠤᠨ ᠬᠠᠮᠢᠶᠠᠷᠤᠯᠲᠠ ᠶᠢᠨ ᠲᠤᠪᠴᠢᠶᠠᠨ ᠳᠤ ᠦᠷᠢᠳᠦᠵᠦ ᠪᠠᠶᠢᠭᠰᠠᠨ | ᠨᠡᠶᠢᠲᠡ ᠶᠢᠨ ᠲᠦᠷᠢᠶᠡᠰᠦᠨ ᠬᠡᠷ ᠤᠨ 11800 ᠲᠥᠭᠦᠷᠢᠭ ᠤᠨ ᠲᠦᠷᠢᠶᠡᠰᠤᠨ ᠮᠦᠡᠭᠬᠦ ᠢ ᠨᠡᠶᠢᠭᠡᠮ ᠲᠣᠭᠤᠷᠢᠭ ᠤᠨ ︽ᠰᠠᠭᠤᠷᠢ ᠮᠥᠩᠭᠦ︾ ᠪᠠᠷ ᠬᠠᠪᠰᠤᠷᠤᠨ | ᠲᠤᠰᠢᠶᠠᠨ ᠦᠭᠴᠦ᠂ ᠵᠢᠷᠭᠤᠳᠤᠭᠠᠷ ᠳᠠᠪᠬᠤᠷᠯᠢᠭ ᠠᠴᠠ ᠤᠷᠤᠵᠤ ᠭᠠᠷᠬᠤ ᠳᠤ ᠳᠥᠭᠦᠮ ᠦᠭᠡᠢ ᠪᠠᠶᠢᠬᠤ ᠶᠢ ᠨᠢ ᠪᠣᠳᠣᠯᠬᠢᠯᠠᠭᠠᠳ ᠬᠡᠷ ᠪᠠᠶᠢᠰᠢᠩ ᠤᠨ | ᠬᠠᠮᠢᠶᠠᠷᠤᠯᠲᠠ ᠶᠢᠨ ᠲᠣᠪᠴᠢᠶ᠎ᠠ ᠠᠴᠠ ᠲᠡᠭᠦᠨ ᠳᠤ ᠨᠢᠭᠡᠳᠦᠭᠡᠷ ᠳᠠᠪᠬᠤᠷ ᠤᠨ ᠣᠷᠣᠨ ᠰᠠᠭᠤᠴᠠ ᠰᠣᠯᠢᠵᠤ ᠥᠭᠴᠡᠶ᠃ | ᠣᠶᠢᠯᠠᠭᠠᠭᠰᠠᠨ ᠢᠶᠠᠷ᠂ ᠲᠦᠷᠦᠭᠦᠦ ᠬᠠᠭᠠᠰ ᠵᠢᠯ ᠳᠤ ᠠᠯᠲᠠᠨᠰᠢᠷᠡᠭᠡ ᠪᠠᠯᠭᠠᠰᠤ ᠶᠢᠨ ︽ᠰᠡᠳᠬᠢᠯ ᠢ ᠳᠤᠯᠠᠭᠠᠴᠠᠭᠤᠯᠬᠤ︾ ᠲᠤᠰᠬᠠᠶ ᠰᠠᠭᠤᠷᠢ ᠮᠥᠩᠭᠦ ᠶᠢ | ᠨᠡᠶᠢᠲᠡ 1997060 ᠲᠥᠭᠦᠷᠢᠭ ᠴᠤᠭᠯᠠᠭᠤᠯᠵᠤ᠂ 202017 ᠲᠥᠭᠦᠷᠢᠭ ᠵᠠᠷᠤᠴᠠᠭᠤᠯᠵᠠᠶ᠂ ᠡᠭᠦᠨ ᠳᠤ ᠪᠠᠯᠭᠠᠰᠤᠨ ᠤ ᠱᠠᠲᠤᠨ ᠤ ᠴᠤᠭᠯᠠᠭᠤᠯᠤᠭᠰᠠᠨ ᠪᠠᠯᠠ | ᠮᠥᠩᠭᠦ 100 ᠲᠦᠮᠡᠨ ᠲᠥᠭᠦᠷᠢᠭ᠂ 10 ᠲᠦᠮᠡᠨ ᠲᠥᠭᠦᠷᠢᠭ ᠵᠠᠷᠤᠴᠠᠭᠤᠯᠵᠠᠶ᠃ ᠭᠤᠤᠯᠳᠠᠭᠤ ᠨᠡᠶᠢᠭᠡᠮ ᠲᠣᠭᠤᠷᠢᠭ ᠤᠨ ᠬᠢᠵᠢᠭ ᠢ ᠰᠡᠷᠭᠡᠶᠢᠯᠡᠬᠦ᠂ ᠨᠡᠶᠢᠭᠡᠮ | ᠲᠣᠭᠤᠷᠢᠭ ᠤᠨ ᠵᠠᠰᠠᠯᠲᠠ᠂ ᠬᠦᠴᠢᠷᠳᠡᠯᠲᠡᠶ ᠬᠥᠮᠦᠰ ᠢ ᠬᠠᠪᠰᠤᠷᠤᠨ ᠲᠡᠳᠬᠦᠬᠦ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠳᠤ | ᠬᠡᠷᠡᠭᠯᠡᠵᠦ᠂ ᠨᠡᠶᠢᠭᠡᠮ ᠲᠣᠭᠤᠷᠢᠭ ᠤᠨ ᠬᠥᠭᠵᠢᠯᠲᠡ ᠵᠠᠰᠠᠯᠲᠠ ᠶᠢ ᠤᠯᠠᠮ ᠨᠢᠭᠡ ᠠᠯᠬᠤᠮ ᠠᠬᠢᠭᠤᠯᠬᠤ ᠳᠤ ᠪᠣᠳᠠᠰ ᠤᠨ ᠪᠠᠲᠤᠯᠠᠭ᠎ᠠ ᠬᠠᠩᠭᠠᠪᠠ᠃ | | | | |