ᠠᠵᠢᠯᠴᠢᠨ ᠤ ᠡᠪᠯᠡᠯ ᠤᠨ ᠬᠠᠶᠢᠷ᠎ᠠ ᠬᠠᠯᠠᠮᠵᠢ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2022/11/6
      ᠣᠶᠢᠷ᠎ᠠ ᠳᠤ᠂ ᠣᠷᠳᠣᠰ ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ᠂ ᠡᠵᠡᠨ ᠬᠤᠷᠤᠭ᠎ᠠ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ︽ᠰᠡᠳᠬᠢᠯ ᠢ ᠲᠤᠯᠠᠭᠠᠴᠠᠭᠤᠯᠬᠤ ᠨᠣᠭᠤᠭ᠎ᠠ︾᠎ ᠶᠢ ᠡᠵᠡᠨ ᠬᠤᠷᠤᠭ᠎ᠠ ᠬᠤᠰᠢᠭᠤᠨ ᠤ ᠬᠢᠵᠢᠭ ᠢ ᠡᠰᠡᠷᠬᠦᠴᠡᠬᠦ ᠡᠮᠦᠨ᠎ᠡ ᠹᠷᠣᠨᠲ ᠲᠤ ᠬᠦᠷᠭᠡᠵᠡᠶ᠃      ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠡᠮᠦᠨ᠎ᠡ᠂ ᠬᠤᠳᠠ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠥᠷᠭᠡᠨ ᠤᠯᠠᠨ ᠠᠵᠢᠯᠳᠠᠨ ᠠᠵᠢᠯᠴᠢᠨ ᠲᠠᠢ ᠨᠢᠭᠲᠠ ᠬᠠᠷᠢᠯᠴᠠᠭ᠎ᠠ ᠪᠠᠨ ᠢᠮᠠᠭᠲᠠ ᠪᠠᠲᠤᠯᠠᠵᠤ᠂ ᠬᠢᠵᠢᠭ ᠢ ᠡᠰᠡᠷᠬᠦᠴᠡᠬᠦ ᠡᠮᠦᠨ᠎ᠡ ᠹᠷᠣᠨᠲ ᠤᠨ ᠠᠵᠢᠯᠳᠠᠨ ᠤ ᠪᠣᠳᠠᠲᠠᠢ ᠬᠡᠷᠡᠭᠴᠡᠭᠡ ᠶᠢ ᠠᠩᠬᠠᠷᠤᠨ ᠬᠠᠯᠠᠮᠵᠢᠯᠠᠵᠤ᠂ ᠡᠯ᠎ᠡ ᠲᠦᠷᠦᠯ ᠤᠨ ᠪᠣᠳᠠᠲᠠᠢ ᠠᠰᠠᠭᠤᠳᠠᠯ ᠢ ᠢᠳᠡᠪᠬᠢᠲᠡᠢ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠦᠴᠦᠨ ᠴᠢᠳᠠᠯ ᠢᠶᠠᠨ ᠡᠷᠭᠦᠪᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ