ᠬᠦᠢᠯᠡᠰᠦᠲᠡᠢ ᠲᠣᠰᠬᠤᠨ ᠰᠦᠨ ᠠᠵᠦ ᠦᠢᠯᠡᠰ ᠢ ᠰᠠᠶᠢᠳᠣᠷ ᠬᠥᠭᠵᠢᠭᠦᠯᠦᠨ ᠲᠠᠷᠢᠶᠠᠴᠢᠳ ᠤᠨ ᠠᠰᠢᠭ ᠣᠷᠣᠯᠭ᠎ᠠ ᠶᠢ ᠨᠡᠮᠡᠭᠳᠡᠭᠦᠯᠬᠦ ᠵᠠᠮ ᠢ ᠢᠳᠡᠪᠬᠢᠲᠡᠢ ᠡᠷᠢᠯᠬᠢᠯᠡᠵᠤ ᠪᠠᠶᠢᠨ᠎ᠡ
ᠨᠡᠶᠢᠲᠡᠯᠡᠭᠰᠡᠨ ᠴᠠᠭ᠄
2022/11/7
      ᠵᠠᠰᠠᠭ ᠪᠠᠯᠭᠠᠰᠤ ᠶᠢᠨ ᠬᠦᠢᠯᠡᠰᠦᠲᠡᠢ ᠲᠣᠰᠬᠤᠨ ᠲᠡᠵᠢᠭᠡᠨ ᠦᠷᠡᠵᠢᠭᠦᠯᠬᠦ ᠦᠢᠯᠡᠰ ᠢ ᠭᠡᠪᠴᠢᠶᠡᠵᠢᠬᠦᠯᠤᠨ᠂ ᠦᠢᠯᠡᠳᠪᠦᠷᠢᠯᠡᠯ ᠢ  ᠪᠠᠷᠢᠮᠵᠢᠶᠠᠵᠢᠭᠤᠯᠵᠤ᠂ ᠪᠤᠷᠤᠯᠠᠭᠤᠯᠤᠯᠳᠠ ᠶᠢ ᠨᠡᠷᠡᠲᠦ ᠲᠡᠮᠳᠡᠭᠴᠢᠯᠡᠨ᠂ ᠬᠠᠮᠢᠶᠠᠷᠣᠯᠲᠠ ᠶᠢ ᠣᠶᠣᠨᠴᠢᠯᠠᠬᠤ ᠵᠡᠷᠭᠡ ᠰᠦᠨ ᠤ ᠠᠵᠥ ᠦᠢᠯᠡᠰ ᠢ ᠬᠦᠴᠦᠷᠭᠡᠭᠵᠢᠭᠦᠯᠬᠦ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠬᠦᠳᠡᠭᠡ ᠲᠣᠰᠬᠤᠨ ᠢ ᠬᠥᠭᠵᠢᠭᠦᠯᠦᠨ ᠮᠠᠨᠳᠣᠭᠤᠯᠬᠤ ᠰᠢᠨ᠎ᠡ ᠪᠠᠶᠢᠳᠠᠯ ᠢ ᠪᠣᠢ ᠪᠣᠯᠭᠠᠵᠤ ᠪᠠᠶᠢᠨ᠎ᠡ᠃      ᠭᠦᠢᠯᠡᠰᠦᠲᠡᠢ ᠲᠣᠰᠬᠤᠨ ᠤ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠣᠯ ︽ᠵᠠᠰᠠᠭ ᠤᠨ ᠣᠷᠳᠣᠨ ᠵᠢᠯᠣᠭᠤᠳᠴᠤ᠂ ᠲᠥᠷᠥ ᠶᠢᠨ ᠪᠣᠳᠣᠯᠭ᠎ᠠ ᠪᠠᠷ ᠲᠡᠳᠭᠦᠵᠤ᠂ ᠠᠵᠥ ᠠᠬᠤᠶᠢᠯᠡᠯ ᠳᠠᠶᠢᠴᠢᠯᠠᠭᠰᠠᠨ᠂ ᠬᠦᠳᠡᠯᠮᠦᠷᠢ ᠬᠦᠴᠦᠨ ᠤ ᠺᠣᠮᠫᠠᠨᠢ ᠡᠵᠡᠩᠨᠡᠯᠲᠡ ᠬᠢᠵᠤ᠂ ᠶᠠᠳᠠᠭᠤ ᠠᠴᠠ ᠠᠩᠭᠢᠵᠢᠷᠠᠭᠰᠠᠨ ᠡᠷᠦᠭᠡ ︾᠎ ᠶᠢ ᠣᠷᠣᠯᠴᠠᠭᠤᠯᠣᠭᠰᠠᠨ ᠰᠡᠳᠬᠢᠭᠦᠢ ᠪᠠᠷ ᠬᠢᠭᠰᠡᠨ ︽ᠲᠡᠵᠢᠭᠡᠨ ᠦᠷᠡᠵᠢᠭᠦᠯᠬᠦ᠂ ᠬᠤᠲᠠᠯᠳᠣᠨ ᠠᠪᠬᠤ᠂ ᠪᠣᠯᠪᠠᠰᠣᠷᠠᠭᠤᠯᠬᠤ᠂ ᠪᠣᠷᠣᠯᠠᠭᠤᠯᠬᠤ︾ ᠵᠡᠷᠭᠡ ᠠᠵᠥ ᠦᠢᠯᠡᠰ ᠤᠨ ᠬᠡᠯᠬᠢᠶᠡᠵᠢᠯ ᠢ ᠪᠣᠢ ᠪᠣᠯᠭᠠᠭᠰᠠᠨ ᠲᠦᠷᠦᠯ ᠵᠣᠶᠢᠯ ᠪᠣᠯᠣᠨ᠎ᠠ᠃ ᠬᠦᠢᠯᠡᠰᠦᠲᠡᠢ ᠲᠣᠰᠬᠤᠨ ᠡᠨᠡᠬᠦ ᠠᠵᠥ ᠦᠢᠯᠡᠰ ᠢ ᠬᠢᠬᠦ ᠳᠤ ᠪᠠᠨ ᠲᠣᠰᠬᠤᠨ ᠤ ᠪᠠᠨ ᠪᠣᠳᠠᠳᠣ  ᠪᠠᠶᠢᠳᠠᠯ ᠳᠤ ᠰᠠᠭᠤᠷᠢᠯᠠᠵᠤ᠂ ᠤᠯᠠᠨ ᠤᠳᠠᠭᠠᠨ ᠤ ᠵᠠᠬ᠎ᠠ ᠲᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ᠂ ᠪᠣᠳᠠᠲᠤ ᠭᠠᠵᠠᠷ ᠲᠤ ᠪᠠᠶᠢᠴᠠᠭᠠᠯᠲᠠ ᠬᠢᠬᠦ ᠵᠡᠷᠭᠡ ᠪᠠᠷ ᠳᠠᠮᠵᠢᠨ᠂ ᠨᠡᠶᠢᠲᠡ 1953 ᠲᠡᠭᠰᠢ ᠲᠦᠷᠪᠡᠯᠵᠢᠨ ᠮᠧᠲᠷ ᠤᠨ ᠭᠠᠵᠠᠷ ᠲᠤ 325 ᠲᠦᠮᠡᠨ ᠲᠦᠭᠦᠷᠢᠭ ᠤᠨ ᠪᠡᠯᠡ ᠣᠷᠣᠭᠤᠯᠵᠤ ᠪᠠᠶᠢᠭᠤᠯᠵᠡᠢ᠃      ᠵᠠᠰᠠᠭ ᠪᠠᠯᠭᠠᠰᠤ ᠶᠢᠨ ᠬᠦᠢᠯᠡᠰᠦᠲᠡᠢ ᠲᠣᠰᠬᠤᠨ ᠤ ᠨᠠᠮ ᠤᠨ ᠡᠭᠦᠷ ᠤᠨ ᠱᠦᠵᠢ ᠱᠡᠩ ᠦ᠋ ᠾᠧ᠄ ︽ᠪᠢᠳᠠ ᠬᠠᠮᠤᠭ ᠠᠩᠬ᠎ᠠ 71 ᠲᠣᠯᠣᠭᠠᠢ ᠰᠠᠭᠠᠯᠢ ᠶᠢᠨ ᠢᠮᠠᠭ᠎ᠠ ᠠᠪᠴᠤ᠂ ᠣᠳᠣ ᠪᠣᠯᠬᠤ ᠳᠤ 265 ᠲᠣᠯᠣᠭᠠᠢ ᠪᠣᠯᠣᠭᠰᠠᠨ᠃ ᠪᠢᠳᠠ ᠭᠤᠣᠯᠳᠠᠭᠤ ᠲᠡᠵᠢᠭᠡᠨ ᠦᠷᠡᠵᠢᠭᠦᠯᠬᠦ ᠪᠠᠷ ᠭᠤᠣᠯᠯᠠᠵᠤ ᠪᠣᠢ᠃ ᠭᠤᠷᠪᠡᠨ ᠵᠢᠯ ᠤᠨ ᠲᠠᠷᠠᠭ᠎ᠠ 500 ᠲᠣᠯᠣᠭᠠᠢ ᠰᠠᠭᠠᠯᠢ ᠶᠢᠨ ᠢᠮᠠᠭ᠎ᠠ ᠪᠣᠯᠭᠠᠬᠤ ᠪᠠᠷ ᠲᠦᠰᠦᠪᠯᠡᠵᠤ᠂ ᠦᠨᠡᠨᠬᠦ ᠰᠠᠭᠠᠯᠢ ᠶᠢᠨ ᠢᠮᠠᠭ᠎ᠠ ᠶᠢ ᠲᠡᠵᠢᠭᠡᠨ ᠦᠷᠡᠵᠢᠭᠦᠯᠬᠦ ᠪᠣᠯᠣᠨ ᠰᠠᠭᠠᠯᠢ ᠶᠢᠨ ᠪᠦᠲᠦᠭᠡᠭᠳᠡᠭᠦᠨ ᠪᠣᠷᠣᠯᠠᠭᠤᠯᠬᠤ ᠪᠠᠷ ᠳᠠᠮᠵᠢᠨ᠂ ᠮᠠᠨ ᠤ ᠲᠣᠰᠬᠤᠨ ᠤ ᠠᠵᠢᠯ ᠣᠯᠭᠤᠯᠲᠠ ᠪᠠ ᠲᠠᠷᠢᠶᠠᠴᠢᠳ ᠤᠨ ᠠᠰᠢᠭ ᠣᠷᠣᠯᠭ᠎ᠠ ᠶᠢ ᠨᠡᠮᠡᠭᠳᠡᠭᠦᠯᠬᠦ ᠪᠠᠷ ᠪᠠᠶᠢᠨ᠎ᠡ︾ ᠭᠡᠮᠡᠨ ᠲᠠᠨᠢᠯᠴᠠᠭᠤᠯᠵᠤ ᠶᠠᠷᠢᠨ᠎ᠠ᠃      ᠲᠦᠷᠦᠯ ᠵᠣᠶᠢᠯ ᠢ ᠬᠡᠷᠡᠭᠵᠢᠭᠦᠯᠦᠭᠰᠡᠨ ᠠᠴᠠ ᠨᠠᠰᠢ᠂ ᠨᠣᠲᠤᠭ ᠤᠨ ᠰᠠᠭᠠᠯᠢ ᠶᠢᠨ ᠢᠮᠠᠭ᠎ᠠ ᠶᠢ ᠲᠡᠵᠢᠭᠡᠨ ᠦᠷᠡᠵᠢᠭᠦᠯᠬᠦ ᠠᠵᠥ ᠦᠢᠯᠡᠰ ᠢ ᠨᠠᠷᠢᠯᠢᠭᠵᠢᠭᠤᠯᠣᠭᠰᠠᠨ ᠵᠠᠭᠪᠣᠷ ᠢᠶᠠᠷ ᠬᠥᠭᠵᠢᠭᠦᠯᠵᠦ᠂ ᠡᠭᠦᠯᠳᠡᠷ ᠢ ᠰᠠᠶᠢᠵᠢᠷᠠᠭᠤᠯᠵᠤ ᠪᠦᠲᠦᠴᠡ ᠶᠢ ᠬᠤᠪᠢᠷᠠᠭᠤᠯᠬᠤ ᠪᠠ ᠮᠠᠯ ᠠᠵᠥ ᠠᠬᠤᠢ ᠶᠢᠨ ᠠᠰᠢᠭ ᠣᠷᠣᠯᠭ᠎ᠠ ᠶᠢ ᠨᠡᠮᠡᠭᠳᠡᠭᠦᠯᠬᠦ ᠳᠤ ᠬᠦᠴᠦ ᠲᠠᠯᠪᠢᠬᠤ ᠶᠢᠨ ᠬᠠᠮᠲᠤ᠂ ᠲᠣᠬᠠᠢ ᠶᠢᠨ ᠭᠠᠵᠠᠷ ᠤᠨ ᠲᠠᠷᠢᠶᠠᠴᠢᠳ ᠠᠴᠠ ᠶᠡᠭᠡ ᠬᠡᠮᠵᠢᠶᠡᠨ ᠤ ᠲᠠᠷᠢᠶᠠᠯᠠᠩ ᠤᠨ  ᠡᠰᠢ  ᠰᠦᠷᠡᠯ ᠢ ᠬᠤᠲᠠᠯᠳᠣᠨ ᠠᠪᠴᠤ᠂ ᠡᠰᠢ ᠰᠦᠷᠡᠯ ᠢ ᠪᠦᠲᠦᠮᠵᠢᠲᠡᠢ  ᠠᠰᠢᠭᠯᠠᠨ ᠮᠠᠯᠴᠢᠨ ᠲᠠᠷᠢᠶᠠᠴᠢᠳ ᠲᠤ ᠠᠰᠢᠭ ᠤᠷᠤᠯᠭ᠎ᠠ ᠡᠬᠦᠳᠦᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠬᠦᠢᠯᠡᠰᠦᠲᠡᠢ ᠲᠣᠰᠬᠤᠨ ᠨᠢ ᠣᠶᠢᠷ᠎ᠠ ᠬᠠᠪᠢ ᠶᠢᠨ ᠮᠠᠯᠴᠢᠨ ᠲᠠᠷᠢᠶᠠᠴᠢᠳ ᠲᠤ ᠤᠬᠤᠨ᠎ᠠ ᠪᠣᠷᠣᠯᠠᠭᠤᠯᠣᠨ ᠦᠨ᠎ᠡ ᠲᠦᠯᠦᠪᠦᠷᠢ ᠦᠭᠡᠢ ᠮᠡᠷᠭᠡᠵᠢᠯ ᠤᠨ ᠵᠢᠯᠣᠭᠤᠳᠣᠮᠵᠢ ᠬᠢᠵᠤ᠂ ᠠᠮᠢᠳᠣᠷᠠᠯ ᠨᠢ ᠬᠦᠴᠢᠷᠲᠡᠯᠲᠡᠢ ᠡᠷᠦᠭᠡ ᠲᠠᠢ ᠭᠡᠷ᠎ᠡ ᠲᠣᠭᠲᠠᠵᠤ᠂ ᠠᠰᠢᠭ ᠬᠦᠷᠲᠡᠭᠰᠡᠨ ᠤ ᠲᠠᠷᠠᠭ᠎ᠠ 10%᠎ ᠶᠢᠨ ᠠᠰᠢᠭ ᠣᠷᠣᠯᠭ᠎ᠠ ᠶᠢ ᠳᠠᠩᠰᠠ ᠪᠠᠶᠢᠭᠤᠯᠣᠭᠰᠠᠨ ᠠᠮᠢᠳᠣᠷᠠᠯ ᠨᠢ ᠬᠦᠴᠢᠷᠲᠡᠯᠲᠡᠢ ᠡᠷᠦᠭᠡ ᠳᠤ ᠬᠤᠪᠢᠶᠠᠬᠤ ᠪᠠᠷ  ᠪᠤᠯᠤᠭᠰᠠᠨ ᠪᠠᠶᠢᠨ᠎ᠡ᠃      ᠡᠵᠡᠨ ᠬᠤᠷᠤᠭ᠎ᠠ ᠬᠤᠰᠢᠭᠤᠨ ᠤ ᠠᠵᠦ ᠦᠢᠯᠡᠳᠪᠦᠷᠢ ᠬᠤᠲᠠᠯᠳᠤᠭ᠎ᠠ ᠶᠢᠨ ᠬᠤᠯᠪᠣᠭᠠᠲᠤ ᠬᠤᠷᠠᠯ ᠤᠨ ᠵᠠᠰᠠᠭ ᠪᠠᠯᠭᠠᠰᠤ ᠶᠢᠨ ᠬᠦᠢᠯᠡᠰᠦᠲᠡᠢ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠡᠩ ᠯᠧ᠄ ︽ᠳᠠᠷᠠᠭ᠎ᠠ ᠠᠯᠬᠤᠮ ᠳᠤ ᠪᠢᠳᠠ ᠦᠷᠭᠦᠯᠵᠢᠯᠡᠨ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠬᠡᠪᠴᠢᠶ᠎ᠠ ᠪᠠᠨ ᠨᠡᠮᠡᠭᠳᠡᠭᠦᠯᠵᠦ᠂ ᠰᠠᠭᠠᠯᠢ ᠶᠢᠨ ᠪᠦᠲᠦᠭᠡᠭᠳᠡᠭᠦᠨ ᠬᠢᠬᠦ ᠲᠦᠷᠦᠯ ᠵᠣᠶᠢᠯ ᠢᠶᠠᠨ ᠤᠯᠠᠨ ᠪᠣᠯᠭᠠᠨ᠂ ᠦᠢᠯᠡᠳᠪᠦᠷᠢᠯᠡᠯ ᠤᠨ ᠱᠣᠭᠤᠮ ᠢᠶᠠᠨ ᠨᠡᠮᠡᠭᠳᠡᠭᠦᠯᠵᠦ᠂ ᠨᠢᠭᠡᠨ ᠬᠡᠯᠬᠢᠶᠡᠵᠢᠭᠰᠡᠨ ᠠᠵᠥ ᠦᠢᠯᠡᠰ ᠢ ᠪᠣᠢ  ᠪᠤᠯᠭᠠᠨ᠂ ᠲᠣᠰᠬᠤᠨ ᠤ ᠬᠠᠮᠲᠤ ᠶᠢᠨ ᠠᠵᠥ ᠠᠬᠤᠢ ᠶᠢ ᠪᠣᠵᠠᠭᠠᠶᠢᠷᠠᠭᠤᠯᠬᠤ ᠪᠠᠷ ᠴᠢᠷᠮᠠᠶᠢᠵᠤ ᠪᠠᠶᠢᠨ᠎ᠡ︾ ᠭᠡᠰᠡᠨ ᠪᠠᠶᠢᠨ᠎ᠠ᠃    
ᠢᠷᠡᠯᠲᠡ᠄ ​ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ