ᠮᠠᠨ ᠤ ᠣᠷᠣᠨ ᠤ 11 ᠳ᠋ᠦ᠋ᠭᠡᠷ ᠰᠠᠷ᠎ᠠ ᠶᠢᠨ 7᠎ ᠤ ᠡᠳᠦᠷ ᠤᠨ 24 ᠴᠠᠭ ᠪᠣᠯᠲᠠᠯᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/11/8
      11 ᠰᠠᠷ᠎ᠠ ᠶᠢᠨ 7᠎ ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 159 ᠨᠡᠮᠡᠭᠳᠡᠵᠦ᠂ ᠡᠭᠦᠨ ᠳᠤ ᠭᠦᠭᠡᠬᠤᠳᠠ ᠳᠤ 156᠂ ᠪᠤᠭᠤᠲᠤ ᠬᠤᠲᠠ ᠳᠤ 2 ︵ᠬᠥᠨᠳᠡᠯᠡᠨ ᠲᠣᠭᠤᠷᠢᠭ ᠲᠤ 1᠂ ᠵᠢᠤᠶᠤᠸᠠᠨ ᠲᠣᠭᠤᠷᠢᠭ ᠲᠤ 1︶᠂ ᠣᠷᠳᠣᠰ ᠬᠤᠲᠠ ᠳᠤ 1 ︵ᠵᠡᠭᠦᠨᠭᠠᠷ ᠬᠤᠰᠢᠭᠤᠨ ᠳᠤ ᠪᠤᠢ︶ ᠪᠠᠶᠢᠨ᠎ᠠ᠃       ᠲᠤᠬᠠᠢ ᠶᠢᠨ ᠡᠳᠦᠷ ᠨᠡᠮᠡᠭᠳᠡᠭᠰᠡᠨ ᠢᠯᠠᠷᠢᠰᠢᠵᠤ ᠡᠮᠨᠡᠯᠭᠡ ᠠᠴᠠ ᠭᠠᠷᠤᠭᠰᠠᠨ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 58 ᠪᠠᠶᠢᠵᠤ᠂ ᠡᠭᠦᠨ ᠳᠤ ᠭᠦᠭᠡᠬᠤᠳᠠ ᠳᠤ 35᠂ ᠪᠤᠭᠤᠲᠤ ᠬᠤᠳᠠ ᠳᠤ 13 ︵ᠴᠢᠩᠱᠠᠨ ᠲᠣᠭᠤᠷᠢᠭ ᠲᠤ 2᠂ ᠵᠢᠤᠶᠤᠸᠠᠨ ᠲᠣᠭᠤᠷᠢᠭ ᠲᠤ 11︶᠂ ᠰᠢᠯᠢ ᠶᠢᠨ ᠭᠤᠣᠯ ᠠᠶᠢᠮᠠᠭ ᠲᠤ 1 ︵ᠰᠢᠯᠢᠩᠬᠤᠲᠠ ᠳᠤ ᠪᠤᠢ︶᠂ ᠣᠷᠳᠣᠰ ᠬᠤᠲᠠ ᠳᠤ 9 ︵ᠡᠵᠡᠨ ᠬᠤᠷᠤᠭ᠎ᠠ ᠬᠤᠰᠢᠭᠤᠨ ᠳᠤ 3᠂ ᠬᠠᠩᠭᠢᠨ ᠬᠤᠰᠢᠭᠤᠨ ᠳᠤ 6︶ ᠪᠠᠶᠢᠨ᠎ᠠ᠃       11 ᠰᠠᠷ᠎ᠠ ᠶᠢᠨ 7᠎ ᠤ ᠡᠳᠦᠷ ᠤᠨ 24 ᠴᠠᠭ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠪᠠᠶᠢᠭ᠎ᠠ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 929 ᠪᠠᠶᠢᠵᠤ᠂ ᠡᠭᠦᠨ ᠳᠤ ᠭᠦᠭᠡᠬᠤᠳᠠ ᠳᠤ 850᠂ ᠪᠤᠭᠤᠲᠤ ᠬᠤᠳᠠ ᠳᠤ 7 ︵ᠬᠥᠨᠳᠡᠯᠡᠨ ᠲᠣᠭᠤᠷᠢᠭ ᠲᠤ 2᠂ ᠴᠢᠩᠱᠠᠨ ᠲᠣᠭᠤᠷᠢᠭ ᠲᠤ 1᠂ ᠳ᠋ᠦᠩ ᠾᠧ ᠲᠣᠭᠤᠷᠢᠭ ᠲᠤ 1᠂ ᠵᠢᠤᠶᠤᠸᠠᠨ ᠲᠣᠭᠤᠷᠢᠭ ᠲᠤ 3︶᠂ ᠲᠦᠩᠯᠢᠶᠣᠣ ᠬᠤᠲᠠ ᠳᠤ 3 ︵ᠴᠥᠮ ᠬᠤᠷᠴᠢᠨ ᠲᠣᠭᠤᠷᠢᠭ ᠲᠤ ᠪᠤᠢ︶᠂ ᠤᠯᠠᠭᠠᠨᠬᠠᠳᠠ ᠬᠤᠲᠠ ᠳᠤ 25 ︵ᠬᠤᠩᠱᠠᠨ ᠲᠣᠭᠤᠷᠢᠭ ᠲᠤ 6᠂ ᠠᠷᠤ ᠬᠤᠷᠴᠢᠨ ᠬᠤᠰᠢᠭᠤᠨ ᠳᠤ 19︶᠂ ᠰᠢᠯᠢ ᠶᠢᠨ ᠭᠤᠣᠯ ᠠᠶᠢᠮᠠᠭ ᠲᠤ 6 ︵ᠰᠢᠯᠢᠩᠬᠤᠲᠠ ᠳᠤ 5᠂ ᠠᠪᠠᠭ᠎ᠠ ᠬᠤᠰᠢᠭᠤᠨ ᠳᠤ 1︶᠂ ᠣᠷᠳᠣᠰ ᠬᠤᠲᠠ ᠳᠤ 34 ︵ᠳᠠᠯᠠᠳ ᠬᠤᠰᠢᠭᠤᠨ ᠳᠤ 5᠂ ᠵᠡᠭᠦᠨᠭᠠᠷ ᠬᠤᠰᠢᠭᠤᠨ ᠳᠤ 3᠂ ᠡᠵᠡᠨ ᠬᠤᠷᠤᠭ᠎ᠠ ᠬᠤᠰᠢᠭᠤᠨ ᠳᠤ 11᠂ ᠬᠠᠩᠭᠢᠨ ᠬᠤᠰᠢᠭᠤᠨ ᠳᠤ 14᠂ ᠤᠳᠤᠭ ᠤᠨ ᠡᠮᠦᠨᠡᠲᠦ ᠬᠤᠰᠢᠭᠤᠨ ᠳᠤ 1︶᠂ ᠪᠠᠶᠠᠨᠨᠠᠭᠤᠷ ᠬᠤᠲᠠ ᠳᠤ 1 ︵ᠤᠷᠠᠳ ᠤᠨ ᠡᠮᠦᠨᠡᠲᠦ ᠬᠤᠰᠢᠭᠤᠨ ᠳᠤ ᠪᠤᠢ︶᠂ ᠦᠬᠠᠢ ᠬᠤᠲᠠ ᠳᠤ 2 ︵ᠴᠥᠮ ᠬᠠᠶᠢᠷᠤᠪ ᠤᠨ ᠲᠣᠬᠤᠢ ᠲᠣᠭᠤᠷᠢᠭ ᠲᠤ ᠪᠤᠢ︶᠂ ᠠᠯᠠᠱᠠ ᠠᠶᠢᠮᠠᠭ ᠲᠤ 1 ︵ᠴᠡᠭᠡ ᠪᠣᠭᠤᠮᠲᠠ ᠳᠤ ᠪᠤᠢ︶ ᠪᠠᠶᠢᠨ᠎ᠠ᠃       ᠲᠤᠬᠠᠢ ᠶᠢᠨ ᠡᠳᠦᠷ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ ᠨᠡᠮᠡᠭᠳᠡᠭᠰᠡᠨ ᠦᠭᠡᠢ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ᠨᠡᠮᠡᠭᠳᠡᠵᠦ᠂ ᠢᠯᠠᠷᠢᠰᠢᠵᠤ ᠡᠮᠨᠡᠯᠭᠡ ᠠᠴᠠ ᠭᠠᠷᠤᠭᠰᠠᠨ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 3᠂ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠭᠰᠠᠨ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1 ᠪᠠᠶᠢᠨ᠎ᠠ᠂ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠤᠨ ᠬᠤᠪᠢᠶᠠᠷᠢᠯᠠᠯᠲᠠ ᠪᠠᠷ ᠬᠦᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠯᠭᠠᠭᠰᠠᠨ ᠳᠤ ᠪᠠᠶᠢᠵᠠᠢ᠃ ᠣᠳᠣ ᠪᠠᠶᠢᠭ᠎ᠠ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠣᠯᠠᠭᠰᠠᠨ ᠡᠪᠡᠳᠴᠢᠨ ᠤ ᠵᠢᠱᠢᠶ᠎ᠡ 11᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 5 ᠪᠤᠢ᠃       ᠲᠤᠬᠠᠢ ᠶᠢᠨ ᠡᠳᠦᠷ ᠨᠡᠮᠡᠭᠳᠡᠭᠰᠡᠨ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 1635 ᠪᠠᠶᠢᠵᠤ᠂ ᠡᠭᠦᠨ ᠳᠤ ᠭᠦᠭᠡᠬᠤᠳᠠ ᠎ ᠳᠤ 1604᠂ ᠪᠤᠭᠤᠲᠤ ᠳᠤ 3 ︵ᠬᠥᠨᠳᠡᠯᠡᠨ ᠲᠣᠭᠤᠷᠢᠭ ᠲᠤ 1᠂ ᠵᠢᠤᠶᠤᠸᠠᠨ ᠲᠣᠭᠤᠷᠢᠭ ᠲᠤ 2︶᠂ ᠤᠯᠠᠭᠠᠨᠴᠠᠪ ᠬᠤᠲᠠ ᠳᠤ 8 ︵ᠴᠥᠮ ᠵᠢᠨᠢᠩ ᠲᠣᠭᠤᠷᠢᠭ ᠲᠤ ᠪᠣᠢ︶᠂ ᠪᠠᠶᠠᠨᠨᠠᠭᠤᠷ ᠬᠤᠲᠠ ᠳᠤ 14 ︵ᠯᠢᠨᠾᠧ ᠲᠣᠭᠤᠷᠢᠭ ᠲᠤ 1᠂ ᠦᠶᠤᠸᠠᠨ ᠰᠢᠶᠠᠨ ᠳᠤ 1᠂ ᠤᠷᠠᠳ ᠤᠨ ᠡᠮᠦᠨᠡᠲᠦ ᠬᠤᠰᠢᠭᠤᠨ ᠳᠤ 7᠂ ᠤᠷᠠᠳ ᠤᠨ ᠬᠤᠶᠢᠲᠤ ᠬᠤᠰᠢᠭᠤᠨ ᠳᠤ 2᠂ ᠬᠠᠩᠭᠢᠨ ᠬᠤᠶᠢᠲᠤ ᠬᠤᠰᠢᠭᠤᠨ ᠳᠤ 3︶᠂ ᠠᠯᠠᠱᠠ ᠠᠶᠢᠮᠠᠭ ᠲᠤ 6 ︵ᠴᠥᠮ ᠠᠯᠠᠱᠠ ᠪᠠᠷᠠᠭᠤᠨ ᠬᠤᠰᠢᠭᠤᠨ ᠳᠤ ᠪᠣᠶ︶ ᠪᠠᠶᠢᠨ᠎ᠠ᠃       ᠲᠤᠬᠠᠢ ᠶᠢᠨ ᠡᠳᠦᠷ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠭᠰᠠᠨ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 230 ᠪᠠᠶᠢᠵᠤ᠂ ᠡᠭᠦᠨ ᠳᠤ ᠭᠦᠭᠡᠬᠤᠳᠠ ᠳᠤ 188᠂ ᠪᠤᠭᠤᠲᠤ ᠬᠤᠲᠠ ᠳᠤ 19 ︵ᠬᠥᠨᠳᠡᠯᠡᠨ ᠲᠣᠭᠤᠷᠢᠭ ᠲᠤ 2᠂ ᠴᠢᠩᠱᠠᠨ ᠲᠣᠭᠤᠷᠢᠭ ᠲᠤ 5᠂ ᠳ᠋ᠦᠩ ᠾᠧ ᠲᠣᠭᠤᠷᠢᠭ ᠲᠤ 1᠂ ᠵᠢᠤᠶᠤᠸᠠᠨ ᠲᠣᠭᠤᠷᠢᠭ ᠲᠤ 10᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠣᠷᠣᠨ ᠳᠤ 1︶᠂ ᠤᠯᠠᠭᠠᠨᠬᠠᠳᠠ ᠬᠤᠲᠠ ᠳᠤ 5 ︵ᠬᠤᠩᠱᠠᠨ ᠲᠣᠭᠤᠷᠢᠭ ᠲᠤ 3᠂ ᠨᠢᠩᠴᠧᠩ ᠰᠢᠶᠠᠨ ᠳᠤ 1᠂ ᠠᠷᠤ ᠬᠤᠷᠴᠢᠨ ᠬᠤᠰᠢᠭᠤᠨ ᠳᠤ 1︶᠂ ᠣᠷᠳᠣᠰ ᠬᠤᠲᠠ ᠳᠤ 9 ︵ᠴᠥᠮ ᠬᠠᠩᠭᠢᠨ ᠬᠤᠰᠢᠭᠤᠨ ᠳᠤ ᠪᠣᠶ︶᠂ ᠪᠠᠶᠠᠨᠨᠠᠭᠤᠷ ᠬᠤᠲᠠ ᠳᠤ 9 ︵ᠯᠢᠨ ᠾᠧ ᠲᠣᠭᠤᠷᠢᠭ ᠲᠤ 8᠂ ᠤᠷᠠᠳ ᠤᠨ ᠡᠮᠦᠨᠡᠲᠦ ᠬᠤᠰᠢᠭᠤᠨ ᠳᠤ 1︶ ᠪᠠᠶᠢᠨ᠎ᠠ᠃       11 ᠰᠠᠷ᠎ᠠ ᠶᠢᠨ 7᠎ ᠤ ᠡᠳᠦᠷ ᠤᠨ 24 ᠴᠠᠭ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠣ ᠪᠠᠶᠢᠭ᠎ᠠ ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 6829 ᠪᠠᠶᠢᠵᠤ᠂ ᠡᠭᠦᠨ ᠳᠤ ᠭᠦᠭᠡᠬᠤᠳᠠ ᠳᠤ 6534᠂ ᠪᠤᠭᠤᠲᠤ ᠬᠤᠳᠠ ᠳᠤ 6 ︵ᠬᠥᠨᠳᠡᠯᠡᠨ ᠲᠣᠭᠤᠷᠢᠭ ᠲᠤ 1᠂ ᠴᠢᠩᠱᠠᠨ ᠲᠣᠭᠤᠷᠢᠭ ᠲᠤ 2᠂ ᠳ᠋ᠦᠩ ᠾᠧ ᠲᠣᠭᠤᠷᠢᠭ ᠲᠤ 1᠂ ᠵᠢᠤᠶᠤᠸᠠᠨ ᠲᠣᠭᠤᠷᠢᠭ ᠲᠤ 2︶᠂ ᠬᠢᠩᠭᠠᠨ ᠠᠶᠢᠮᠠᠭ ᠲᠤ 1 ︵ᠵᠠᠯᠠᠶᠢᠳ ᠬᠤᠰᠢᠭᠤᠨ ᠳᠤ ᠪᠤᠢ︶᠂ ᠲᠦᠩᠯᠢᠶᠣᠣ ᠬᠤᠲᠠ ᠳᠤ 2 ︵ᠴᠥᠮ ᠬᠤᠷᠴᠢᠨ ᠲᠣᠭᠤᠷᠢᠭ ᠲᠤ ᠪᠤᠢ︶᠂ ᠤᠯᠠᠭᠠᠨᠬᠠᠳᠠ ᠬᠤᠲᠠ ᠳᠤ 70 ︵ᠬᠤᠩᠱᠠᠨ ᠲᠣᠭᠤᠷᠢᠭ ᠲᠤ 52᠂ ᠠᠷᠤ ᠬᠤᠷᠴᠢᠨ ᠬᠤᠰᠢᠭᠤᠨ ᠳᠤ 18︶᠂ ᠰᠢᠯᠢ ᠶᠢᠨ ᠭᠤᠣᠯ ᠠᠶᠢᠮᠠᠭ ᠲᠤ 11 ︵ᠰᠢᠯᠢᠩᠬᠤᠲᠠ ᠳᠤ 7᠂ ᠰᠥᠨᠢᠳ ᠵᠡᠭᠦᠨ ᠬᠤᠰᠢᠭᠤᠨ ᠳᠤ 2᠂ ᠰᠥᠨᠢᠳ ᠪᠠᠷᠠᠭᠤᠨ ᠬᠤᠰᠢᠭᠤᠨ ᠳᠤ 2︶᠂ ᠤᠯᠠᠭᠠᠨᠴᠠᠪ ᠬᠤᠳᠠ ᠳᠤ 53 ︵ᠵᠢᠨᠢᠩ ᠲᠣᠭᠤᠷᠢᠭ ᠲᠤ 51᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ 1᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ 1︶᠂ ᠣᠷᠳᠣᠰ ᠬᠤᠳᠠ ᠳᠤ 37 ︵ᠴᠥᠮ ᠬᠠᠩᠭᠢᠨ ᠬᠤᠰᠢᠭᠤᠨ ᠳᠤ ᠪᠤᠢ︶᠂ ᠪᠠᠶᠠᠨᠨᠠᠭᠤᠷ ᠬᠤᠲᠠ ᠳᠤ 92 ︵ᠯᠢᠨᠾᠧ ᠲᠣᠭᠤᠷᠢᠭ ᠲᠤ 34᠂ ᠦᠶᠤᠸᠠᠨ ᠰᠢᠶᠠᠨ ᠳᠤ 32᠂ ᠤᠷᠠᠳ ᠤᠨ ᠡᠮᠦᠨᠡᠲᠦ ᠬᠤᠰᠢᠭᠤᠨ ᠳᠤ 15᠂ ᠤᠷᠠᠳ ᠤᠨ ᠬᠤᠶᠢᠲᠤ ᠬᠤᠰᠢᠭᠤᠨ ᠳᠤ 5᠂ ᠬᠠᠩᠭᠢᠨ ᠬᠤᠶᠢᠲᠤ ᠬᠤᠰᠢᠭᠤᠨ ᠳᠤ 6︶᠂ ᠦᠬᠠᠢ ᠬᠤᠳᠠ ᠳᠤ 1 ︵ᠬᠠᠶᠢᠷᠤᠪ ᠤᠨ ᠲᠣᠬᠤᠢ ᠲᠣᠭᠤᠷᠢᠭ ᠲᠤ ᠪᠣᠢ︶᠂ ᠠᠯᠠᠱᠠ ᠠᠶᠢᠮᠠᠭ ᠲᠤ 22 ︵ᠠᠯᠠᠱᠠ ᠵᠡᠭᠦᠨ ᠬᠤᠰᠢᠭᠤᠨ ᠳᠤ 4᠂ ᠠᠯᠠᠱᠠ ᠪᠠᠷᠠᠭᠤᠨ ᠬᠤᠰᠢᠭᠤᠨ ᠳᠤ 11᠂ ᠴᠡᠭᠡ ᠪᠣᠭᠤᠮᠲᠠ ᠳᠤ 7︶ ᠪᠠᠶᠢᠨ᠎ᠠ᠃       ᠳᠡᠭᠡᠷ᠎ᠡ ᠳᠤᠷᠠᠳᠤᠭᠰᠠᠨ ᠬᠥᠮᠥᠰ ᠢ ᠪᠦᠭᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠬᠦ ᠪᠤᠶᠤ ᠴᠢᠩᠭᠢᠯᠢᠭ ᠡᠮᠨᠡᠯᠭᠡ ᠶᠢᠨ ᠬᠤᠷᠢᠶ᠎ᠠ ᠳᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠶ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ