ᠡᠵᠡᠨ ᠬᠤᠷᠤᠭ᠎ᠠ ᠬᠤᠰᠢᠭᠤ ᠶᠢᠨ ᠰᠤᠨᠳᠤᠤ ᠶᠢᠨ ᠭᠤᠣᠯ ᠲᠣᠰᠬᠤᠨ ᠤ ᠲᠡᠵᠢᠭᠡᠨ ᠦᠷᠡᠵᠢᠬᠦᠯᠦᠭᠰᠡᠨ ᠵᠢᠭᠠᠰᠤ ᠡᠯᠪᠡᠭ ᠬᠤᠷᠢᠶᠠᠯᠳᠠ ᠤᠯᠪᠠ
ᠨᠡᠶᠢᠲᠡᠯᠡᠭᠰᠡᠨ ᠴᠠᠭ᠄
2022/11/9
       ᠵᠠᠰᠠᠭ ᠪᠠᠯᠭᠠᠰᠤ ᠶᠢᠨ ᠰᠤᠨᠳᠤᠤ ᠶᠢᠨ ᠭᠤᠣᠯ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠡᠵᠢᠭᠡᠨ ᠦᠷᠡᠵᠢᠬᠦᠯᠦᠭᠰᠡᠨ ᠵᠢᠭᠠᠰᠤ ᠡᠯᠪᠡᠭ ᠬᠤᠷᠢᠶᠠᠯᠳᠠ ᠤᠯᠵᠦ᠂ ᠲᠣᠰᠬᠤᠨ ᠤ ᠠᠷᠠᠳ ᠪᠠᠶᠠᠷ ᠪᠠᠭ᠋ᠠᠳᠤᠯ ᠢᠶᠠᠷ ᠪᠢᠯᠬᠠᠮ᠎ᠠ ᠪᠠᠶᠢᠯ᠎ᠠ᠃      ᠤᠢᠢᠷ᠎ᠠ ᠶᠢᠨ ᠵᠢᠯ ᠠᠴᠠ ᠨᠠᠰᠢ᠂ ᠰᠤᠨᠳᠤᠤ ᠶᠢᠨ ᠭᠤᠣᠯ ᠲᠣᠰᠬᠤᠨ ᠭᠠᠵᠠᠷ ᠣᠷᠣᠨ ᠤ ᠳᠠᠪᠠᠭᠤᠯᠢᠭ᠂ ᠤᠰᠤᠨ ᠤ ᠡᠬᠢ ᠪᠠᠶᠠᠯᠢᠭ ᠪᠠᠷ ᠡᠯᠪᠡᠭ ᠪᠠᠶᠢᠬᠤ ᠨᠥᠬᠦᠴᠡᠯ ᠳᠤ ᠪᠠᠨ ᠲᠦᠰᠢᠭᠯᠡᠨ᠂ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠰᠤᠨᠳᠤᠤ ᠶᠢᠨ ᠭᠤᠣᠯ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠪᠠ᠃ 2019 ᠣᠨ ᠳᠤ᠂ ᠲᠤᠰ ᠲᠣᠰᠬᠤᠨ ᠵᠠᠭᠤᠨ ᠠᠵᠤ ᠠᠬᠤᠶᠢᠯᠠᠯ ᠵᠠᠭᠤᠨ ᠲᠣᠰᠬᠤᠨ ᠢ ᠲᠡᠮᠵᠢᠬᠦ ᠪᠠᠷ ᠠᠵᠠ ᠲᠣᠬᠢᠶᠠᠯ ᠪᠣᠯᠭᠠᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠦᠭᠵᠢᠬᠦᠯᠦᠨ᠂ ᠠᠵᠤ ᠠᠬᠤᠶᠢᠯᠠᠯ ᠤᠨ ᠬᠠᠪᠰᠤᠷᠤᠨ ᠲᠡᠳᠬᠦᠬᠦ ᠪᠠᠷ ᠠᠵᠤ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠶᠢ ᠣᠯᠵᠤ᠂ ᠵᠢᠭᠠᠰᠤ ᠲᠡᠵᠢᠭᠡᠨ ᠦᠷᠡᠵᠢᠭᠦᠯᠬᠦ ᠴᠥᠭᠦᠷᠥᠮ ᠢ ᠪᠦᠲᠦᠭᠡᠨ ᠪᠠᠶᠢᠭᠤᠯᠵᠤ᠂ ᠵᠢᠷᠠᠭᠠᠬᠠᠢ ᠲᠠᠯᠪᠢᠨ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠦᠢᠯᠡᠰ ᠢ ᠬᠦᠭᠵᠢᠬᠦᠯᠵᠦ᠂ ᠣᠳᠣᠬᠠᠨ ᠳᠤ ᠪᠦᠬᠦ ᠲᠣᠰᠬᠤᠨ ᠳᠤ 10 ᠭᠠᠷᠤᠶ ᠲᠣᠰᠬᠤᠨ ᠤ ᠠᠷᠠᠳ ᠵᠢᠭᠠᠰᠤ ᠲᠡᠵᠢᠭᠡᠬᠦ ᠴᠥᠭᠦᠷᠥᠮ ᠪᠠᠶᠢᠭᠤᠯᠵᠠᠶ᠃      ᠣᠶᠢᠯᠠᠭᠠᠭᠰᠠᠨ ᠢᠶᠠᠷ᠂ ᠰᠤᠨᠳᠤᠤ ᠶᠢᠨ ᠭᠤᠣᠯ ᠲᠣᠰᠬᠤᠨ ᠠᠷᠠᠳ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠪᠦᠬᠦᠨ ᠢ ᠪᠥᠬᠦ ᠲᠣᠰᠬᠤᠨ ᠤ ᠲᠦᠭᠡᠭᠡᠯ ᠤᠰᠤᠨ ᠤ ᠬᠤᠭᠤᠯᠠᠶ ᠶᠢ ᠰᠡᠯᠪᠢᠨ ᠵᠠᠰᠠᠬᠤ᠂ ᠵᠢᠯ ᠪᠦᠷᠢ ᠶᠢᠨ ᠴᠠᠭᠠᠨ ᠰᠠᠷ᠎ᠠ ᠶᠢᠨ ᠲᠣᠬᠤᠨᠢᠭᠤᠯᠤᠯ᠂ 70 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠵᠡᠮᠳᠡᠭᠴᠦᠳ᠂ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠣᠨᠴᠠᠭᠠᠶ ᠬᠦᠴᠢᠷᠳᠡᠯᠲᠡᠶ ᠡᠷᠦᠬᠡ ᠶᠢ ᠲᠤᠬᠤᠨᠢᠭᠤᠯᠬᠤ ᠵᠢᠴᠢ 10 %᠎ ᠶᠢ ᠨᠢ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠠᠵᠤ ᠦᠢᠯᠡᠰ ᠤᠨ ᠬᠥᠭᠵᠢᠯᠲᠡ ᠳᠤ  ᠵᠠᠷᠤᠴᠠᠭᠤᠯᠤᠭᠰᠠᠨ ᠪᠠᠶᠢᠨ᠎ᠠ᠃      ᠡᠳᠦᠭᠡ᠂ ᠰᠤᠨᠳᠤᠤ ᠶᠢᠨ ᠭᠤᠣᠯ ᠲᠣᠰᠬᠤᠨ ᠤ ᠵᠢᠭᠠᠰᠤ ᠲᠡᠵᠢᠭᠡᠬᠦ ᠤᠰᠤᠨ ᠤ ᠲᠠᠯᠠᠪᠠᠢ 300 ᠮᠦ ᠳᠤ ᠬᠦᠷᠴᠦ᠂ ᠮᠥᠷᠭᠦ ᠵᠢᠭᠠᠰᠤ᠂ ᠠᠮᠤᠷ ᠵᠢᠭᠠᠰᠤ᠂ ᠠᠯᠠᠭᠠᠨ᠎ᠠ ᠰᠣᠭᠤᠰᠤ᠂ ᠬᠡᠯᠲᠡᠭᠡ ᠵᠢᠭᠠᠰᠤ ᠵᠡᠷᠭᠡ ᠲᠦᠷᠦᠯ ᠵᠦᠢᠯ ᠠᠳᠡ ᠨᠤᠳᠤᠬᠰᠢᠵᠦ᠂ ᠨᠢᠳᠤᠨᠤᠨ ᠤ 8 ᠰᠠᠷ᠎ᠠ ᠳᠤ᠂ ᠰᠤᠨᠳᠤᠤ ᠶᠢᠨ ᠭᠤᠣᠯ ᠲᠣᠰᠬᠤᠨ ᠤ ᠲᠡᠵᠢᠭᠡᠭᠰᠡᠨ ᠵᠢᠭᠠᠰᠤ ᠨᠢᠭᠡᠨᠲᠡ ᠳᠤᠮᠳᠠᠳᠤ ᠤᠯᠤᠰ ᠤᠨ ᠪᠣᠬᠢᠷᠲᠤᠯ ᠦᠭᠡᠢ ᠢᠳᠡᠭᠡᠨ ᠤ ᠬᠥᠭᠵᠢᠯᠲᠡ ᠶᠢᠨ ᠲᠥᠪ ᠤᠨ ᠭᠡᠷᠡᠴᠢᠯᠡᠯ ᠢᠶᠠᠷ ᠪᠣᠬᠢᠷᠲᠤᠯ ᠦᠭᠡᠢ ᠢᠳᠡᠭᠡᠨ ᠤ A ᠲᠡᠰ ᠤᠨ ᠪᠠᠷᠢᠮᠵᠢᠶ᠎ᠠ ᠳᠤ ᠨᠡᠶᠢᠴᠡᠭᠰᠡᠨ ᠵᠢᠭᠠᠰᠤ ᠪᠠᠷ ᠦᠨᠡᠯᠡᠭᠳᠡᠪᠡ ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ