| ᠡᠵᠡᠨ ᠬᠤᠷᠤᠭ᠎ᠠ ᠬᠤᠰᠢᠭᠤ ᠣᠯᠠᠨ ᠲᠦᠮᠡᠨ ᠤ ᠦᠨᠳᠦᠰᠦᠨ ᠠᠰᠢᠭ ᠲᠤᠰᠠ ᠶᠢ ᠴᠢᠩᠭ᠎ᠠ ᠠᠳᠬᠤᠵᠤ ᠬᠡᠷ ᠪᠠᠶᠢᠰᠢᠩ ᠭᠠᠵᠠᠷ ᠬᠥᠷᠥᠩᠭᠡ ᠶᠢᠨ | ᠬᠦᠷᠢᠶᠡᠨ ᠳᠠᠬᠢ ᠪᠠᠴᠢᠮ ᠪᠠᠶᠢᠳᠠᠯ ᠬᠦᠴᠢᠷ ᠠᠰᠠᠭᠤᠳᠠᠯ ᠪᠠ ᠬᠦᠰᠡᠯ ᠡᠷᠡᠮᠡᠯᠵᠡᠯ ᠤᠨ ᠠᠰᠠᠭᠤᠳᠠᠯ ᠢ ᠬᠡᠳᠦᠨ ᠠᠷᠭ᠎ᠠ ᠪᠠᠷ ᠬᠦᠴᠦᠯᠡᠨ ᠰᠠᠶᠢᠲᠤᠷ ᠰᠢᠢᠳᠪᠦᠷᠢᠯᠡᠵᠦ | ᠪᠠᠶᠢᠨ᠎ᠠ ᠃ | ᠨᠢᠭᠡ ᠳᠤ᠂ ︽ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ︾ ᠶᠢ ᠭᠦᠨᠵᠡᠭᠡᠶ ᠳᠥᠯᠭᠢᠨ ᠠᠬᠢᠭᠤᠯᠤᠨ᠎ᠠ᠃ ᠪᠦᠬᠦ ᠬᠤᠲᠠ ᠳᠤ | ᠡᠯᠧᠺᠲᠷᠣᠨ ᠵᠢᠷᠤᠭ ᠲᠣᠬᠢᠷᠠᠭᠤᠯᠬᠤ ᠴᠢᠳᠠᠮᠵᠢ ᠶᠢ ᠡᠩ ᠲᠡᠷᠢᠭᠦᠨ ᠳᠤ ᠭᠠᠷᠭᠠᠪᠠ᠃ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠡᠯᠧᠺᠲᠷᠣᠨ ᠦᠨᠡᠮᠯᠡᠯ ᠢ | ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠡᠯᠧᠺᠲᠷᠣᠨ ᠦᠨᠡᠮᠯᠡᠯ ᠢ 49507 ᠬᠤᠪᠢ ᠣᠯᠭᠤᠵᠤ᠂ ᠡᠯᠧᠺᠲᠷᠣᠨ | ᠭᠡᠷᠡᠴᠢ ᠶᠢ 15096 ᠬᠤᠪᠢ ᠣᠯᠭᠤᠪᠠ᠃ | ᠬᠤᠶᠠᠷ ᠲᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠳᠡᠵᠦ ᠪᠠᠶᠢᠭ᠎ᠠ ︽ᠦᠨᠡᠮᠯᠡᠯ ᠠᠪᠬᠤ ᠳᠤ | ᠬᠦᠴᠢᠷᠲᠡᠶ︾ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠬᠡᠷ ᠪᠠᠶᠢᠰᠢᠩ ᠭᠠᠵᠠᠷ ᠬᠥᠷᠥᠩᠭᠡ ᠶᠢᠨ ᠦᠯᠡᠳᠡᠭᠰᠡᠨ 71 ᠲᠥᠷᠥᠯ ᠵᠦᠢᠯ ᠢ ᠰᠢᠢᠳᠪᠦᠷᠢᠯᠡᠵᠦ᠂ | ᠠᠩᠬ᠎ᠠ ᠤᠳᠠᠭ᠎ᠠ 45893 ᠢᠵᠢ ᠳᠠᠩᠰᠠᠯᠠᠭᠤᠯᠵᠤ᠂ ᠡᠷᠦᠬᠡ ᠬᠤᠪᠢᠶᠠᠨ 41650 ᠢᠵᠢ ᠳᠠᠩᠰᠠᠯᠠᠭᠤᠯᠵᠤ᠂ ᠳᠠᠩᠰᠠᠯᠠᠭᠤᠯᠤᠭᠰᠠᠨ ᠨᠣᠷᠮ᠎ᠠ ᠨᠢ 90.8 % ᠳᠤ | ᠬᠦᠷᠴᠡᠶ᠃ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠬᠡᠷ ᠪᠠᠶᠢᠰᠢᠩ ᠤᠨ ︽ᠬᠡᠷ ᠪᠠᠶᠢᠰᠢᠩ ᠲᠤᠰᠢᠶᠠᠪᠠᠯ ᠳᠠᠷᠤᠶ ᠭᠡᠷᠡᠴᠢ ᠲᠤᠰᠢᠶᠠᠬᠤ︾ ᠥᠭᠡᠷᠡᠴᠢᠯᠡᠯᠲᠡ ᠶᠢᠨ | ᠠᠵᠢᠯ ᠢ ᠥᠷᠨᠢᠭᠦᠯᠵᠦ᠂ ᠢ ᠯᠢ ᠰᠤᠷᠭᠠᠭᠤᠯᠢ ᠪᠣᠯᠤᠨ ᠬᠤᠲᠠ ᠶᠢᠨ ᠪᠠᠯᠠ ᠣᠷᠣᠭᠤᠯᠤᠯᠲᠠ ᠶᠢᠨ ᠬᠦᠷᠢᠶᠡᠯᠡᠩ ᠳᠤ ᠡᠩ ᠲᠡᠷᠢᠭᠦᠨ ᠳᠤ ᠲᠤᠷᠰᠢᠯᠲᠠ ᠬᠢᠵᠦ᠂ ︽ | ᠦᠨᠡᠮᠯᠡᠯ ᠬᠦᠢᠴᠡᠳᠭᠡᠬᠦ ᠳᠤ ᠬᠦᠴᠢᠷᠲᠡᠶ︾ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ | ᠭᠤᠷᠪᠠ ᠳᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠦᠯᠡᠳᠡᠭᠳᠡᠯ ᠭᠠᠷ ᠬᠦᠢᠴᠡᠳᠭᠡᠯ ᠢ ᠬᠠᠪᠰᠤᠷᠤᠨ ᠬᠦᠢᠴᠡᠳᠭᠡᠨ᠎ᠡ᠃ ᠶᠢᠨ ᠵᠢᠶ᠂ | ᠶᠢᠨ ᠳ᠋ᠢᠩ ᠾᠧᠩ ᠵᠡᠷᠭᠡ ᠲᠣᠭᠤᠷᠢᠭ ᠲᠠᠬᠢ ᠪᠤᠴᠠᠭᠠᠨ ᠨᠡᠭᠦᠯᠭᠡᠭᠰᠡᠨ ᠡᠷᠦᠬᠡ ᠳᠤ 580 ᠭᠠᠷᠤᠶ ᠡᠷᠦᠬᠡ ᠶᠢᠨ ᠥᠮᠴᠢᠯᠡᠬᠦ ᠡᠷᠬᠡ ᠶᠢᠨ ᠦᠨᠡᠮᠯᠡᠯ ᠢ ᠬᠦᠢᠴᠡᠳᠭᠡᠵᠦ᠂ | ᠶᠠ ᠹᠧᠩ ᠺᠣᠮᠫᠠᠨᠢ ᠶᠢᠨ ᠬᠡᠷ ᠪᠠᠶᠢᠰᠢᠩ ᠤᠨ ᠢᠷᠡᠯᠲᠡ ᠶᠢᠨ ᠪᠠᠶᠢᠳᠠᠯ ᠪᠠ ᠪᠤᠴᠠᠭᠠᠨ ᠬᠤᠳᠠᠯᠳᠤᠨ ᠠᠪᠬᠤ ᠭᠠᠷ ᠬᠦᠢᠴᠡᠳᠭᠡᠯ ᠢ ᠡᠮᠬᠢᠯᠡᠨ ᠲᠡᠭᠦᠯᠳᠡᠷᠵᠢᠭᠦᠯᠪᠡ᠃ | ᠠᠵᠤ ᠠᠬᠤᠶᠢᠯᠠᠯ ᠢ ᠬᠠᠪᠰᠤᠷᠤᠨ ᠰᠢᠩ ᠮᠧᠩ ᠨᠢᠭᠡᠳᠦᠭᠡᠷ ᠨᠣᠮᠧᠷᠲᠤ ᠬᠤᠳᠠᠯᠳᠤᠭᠠᠨ ᠤ ᠰᠡᠭᠦᠯᠴᠢ ᠶᠢᠨ ᠬᠤᠭᠤᠴᠠᠭᠠᠨ ᠤ ᠦᠯᠡᠳᠡᠭᠰᠡᠨ ᠪᠠᠷᠢᠯᠭ᠎ᠠ ᠶᠢ ᠰᠢᠯᠭᠠᠨ | ᠠᠪᠬᠤ ᠶᠢ ᠪᠡᠶᠡᠯᠡᠬᠦᠯᠦᠨ᠎ᠡ᠃ | ᠳᠥᠷᠪᠡ ᠳᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠳᠡᠭᠡᠭᠰᠢᠯᠡᠭᠦᠯᠦᠨ ᠥᠭᠡᠷᠡᠴᠢᠯᠡᠬᠦ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠤᠨ᠎ᠠ᠃ | ᠪᠥᠬᠦ ᠵᠢᠯ ᠳᠤ 1.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠠᠯᠳᠠᠨᠰᠢᠷᠡᠭᠡ ᠪᠠᠯᠭᠠᠰᠤᠨ ᠤ ᠪᠣᠯᠪᠠᠰᠤᠨ ᠲᠣᠭᠤᠷᠢᠭ᠂ ᠮᠧᠩ ᠸᠧᠶ ᠲᠣᠭᠤᠷᠢᠭ ᠵᠡᠷᠭᠡ | 18 ᠵᠢᠵᠢᠭ ᠲᠣᠭᠤᠷᠢᠭ ᠤᠨ ᠢᠯᠴᠢ ᠬᠠᠩᠭᠠᠬᠤ᠂ ᠤᠰᠤ ᠬᠠᠩᠭᠠᠬᠤ᠂ ᠪᠣᠬᠢᠷᠲᠤᠯ ᠭᠠᠳᠠᠭᠰᠢᠯᠠᠭᠤᠯᠬᠤ ᠭᠠᠵᠠᠷ ᠳᠤᠤᠷᠠᠬᠢ ᠬᠤᠭᠤᠯᠠᠶ ᠶᠢᠨ ᠲᠤᠤᠷ ᠵᠢᠴᠢ ᠬᠡᠷ ᠤᠨ | ᠣᠷᠣᠶ ᠶᠢ ᠰᠡᠯᠪᠢᠨ ᠵᠠᠰᠠᠬᠤ ᠵᠡᠷᠭᠡ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠢ ᠨᠥᠯᠥᠭᠡᠯᠡᠬᠦ ᠲᠥᠷᠥᠯ ᠵᠦᠢᠯ ᠳᠤ ᠰᠡᠯᠪᠢᠨ ᠵᠠᠰᠠᠯᠲᠠ ᠥᠭᠡᠷᠡᠴᠢᠯᠡᠯᠲᠡ ᠬᠢᠨ᠎ᠠ᠃ |