ᠡᠵᠡᠨ ᠬᠤᠷᠤᠭ᠎ᠠ ᠬᠤᠰᠢᠭᠤ ︽ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ + ᠥᠯᠥ ᠬᠥᠳᠡᠯᠬᠦ ᠬᠥᠷᠥᠩᠭᠡ ᠪᠠᠷ ᠪᠠᠷᠢᠴᠠᠭᠠᠯᠠᠬᠤ ᠳᠡᠩᠰᠡᠯᠡᠯᠲᠡ︾᠎ ᠶᠢ ᠨᠢᠭᠡ ᠴᠣᠩᠬᠤᠪᠴᠢ ᠮᠠᠶ᠋ᠢᠭ ᠢᠶᠠᠷ ᠬᠦᠢᠴᠡᠳᠭᠡᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/12/10
      ᠡᠵᠡᠨ ᠬᠤᠷᠤᠭ᠎ᠠ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠲᠥᠪ ᠨᠢ ᠦᠢᠯᠡᠴᠢᠯᠡᠭᠡᠨ ᠤ ᠠᠷᠭ᠎ᠠ ᠮᠠᠶ᠋ᠢᠭ ᠲᠤ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ︽ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠷ ᠪᠠᠷᠢᠴᠠᠭᠠᠯᠠᠬᠤ ᠪᠠ ᠳᠡᠩᠰᠡᠯᠡᠨ ᠲᠡᠮᠳᠡᠭᠯᠡᠬᠦ︾ ᠦᠢᠯᠡᠴᠢᠯᠡᠭᠡᠨ ᠤ ᠵᠦᠢᠯᠡᠰ ᠢ ᠡᠮᠬᠢᠯᠡᠨ ᠨᠡᠶᠢᠯᠡᠭᠦᠯᠵᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠥᠯᠥ ᠬᠥᠳᠡᠯᠬᠦ ᠬᠥᠷᠥᠩᠭᠡ ᠪᠠᠷ ᠪᠠᠷᠢᠴᠠᠭᠠᠯᠠᠬᠤ ᠪᠠ ᠳᠡᠩᠰᠡᠯᠡᠨ ᠲᠡᠮᠳᠡᠭᠯᠡᠬᠦ ᠳᠤ ᠬᠤᠯᠪᠣᠭᠳᠠᠬᠤ ᠭᠤᠭᠴᠤᠭ᠎ᠠ ᠪᠠ ᠶᠠᠪᠤᠴᠠ ᠶᠢ ᠪᠥᠬᠦ ᠲᠠᠯ᠎ᠠ ᠪᠠᠷ ᠡᠮᠬᠢᠯᠡᠵᠦ᠂ ᠮᠡᠳᠡᠭᠡ ᠵᠠᠩᠭᠢ ᠶᠢᠨ ᠬᠤᠷᠢᠭ᠎ᠠ ᠴᠠᠷᠠᠭ᠎ᠠ ᠶᠢ ᠨᠡᠪᠲᠡᠷᠡᠭᠦᠯᠦᠨ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ 10 ᠳ᠋ᠤᠭᠠᠷ ᠰᠠᠷ᠎ᠠ ᠠᠴᠠ ᠨᠠᠰᠢ᠂ ᠣᠯᠠᠨ ᠲᠦᠮᠡᠨ ᠬᠤᠪᠢ ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠬᠦᠢᠴᠡᠳᠭᠡᠬᠦ ᠳᠤ ᠵᠥᠪᠬᠡᠨ ᠡᠵᠡᠨ ᠬᠤᠷᠤᠭ᠎ᠠ ᠬᠤᠰᠢᠭᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠦᠢᠯᠡᠴᠢᠯᠡᠭᠡᠨ ᠤ ᠲᠢᠩᠬᠢᠮ ᠳᠤ ᠬᠦᠷᠴᠦ ᠨᠢᠭᠡ ᠯᠡ ᠤᠳᠠᠭ᠎ᠠ ᠭᠤᠶᠤᠴᠢᠯᠠᠯ ᠭᠠᠷᠭᠠᠵᠤ᠂ ᠨᠢᠭᠡ ᠯᠡ ᠤᠳᠠᠭ᠎ᠠ ᠳᠠᠩᠰᠠᠯᠠᠭᠤᠯᠪᠠᠯ ᠳᠠᠷᠤᠶ ᠵᠣᠭᠤᠰ ᠲᠠᠷᠬᠠᠭᠠᠬᠤ ᠶᠢ ᠬᠦᠯᠢᠶᠡᠵᠦ᠂ ᠭᠥᠯᠢᠶᠡᠨ ᠠᠪᠴᠤ ᠰᠢᠢᠳᠪᠦᠷᠢᠯᠡᠬᠦ᠂ ᠬᠢᠨᠠᠨ ᠵᠥᠪᠰᠢᠶᠡᠷᠡᠬᠦ᠂ ᠪᠠᠷᠢᠴᠠᠭᠠᠯᠠᠬᠤ᠂ ᠵᠢᠭᠡᠯᠡᠯᠭᠡ ᠲᠠᠯᠪᠢᠬᠤ ︽ᠬᠡᠯᠬᠢᠶ᠎ᠡ ᠦᠢᠯᠡᠴᠢᠯᠡᠭᠡ︾᠎ ᠶᠢ ᠦᠨᠡᠨ ᠬᠦ ᠪᠡᠶᠡᠯᠡᠭᠦᠯᠪᠡ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠪᠠ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠦᠢᠯᠡᠴᠢᠯᠡᠭᠡ ᠶᠢ ᠤᠤᠯ ᠤᠨ ︽ᠨᠢᠭᠡ ᠥᠷᠲᠡᠭᠡ ᠮᠠᠶ᠋ᠢᠭ︾᠎ ᠠᠴᠠ ︽ᠨᠢᠭᠡ ᠴᠣᠩᠬᠤᠪᠴᠢ ᠮᠠᠶ᠋ᠢᠭ︾᠎ ᠤᠨ ᠦᠢᠯᠡᠴᠢᠯᠡᠭᠡ ᠪᠣᠯᠭᠠᠨ ᠲᠠᠰ ᠳᠡᠪᠰᠢᠭᠦᠯᠵᠦ᠂ ᠠᠵᠢᠯ ᠶᠠᠪᠤᠳᠠᠯ ᠬᠦᠢᠴᠡᠳᠭᠡᠬᠦ ᠲᠠᠰ ᠳᠠᠷᠠᠭᠠᠯᠠᠯ ᠢ ᠢᠯᠡᠳᠲᠡ ᠰᠢᠯᠢᠳᠡᠭᠵᠢᠭᠦᠯᠦᠨ᠂ ᠬᠦᠢᠴᠡᠳᠭᠡᠬᠦ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠭᠤᠶᠤᠴᠢᠯᠠᠬᠤ ᠮᠠᠲ᠋ᠧᠷᠢᠶᠠᠯ ᠢ ᠢᠯᠡᠳᠲᠡ ᠪᠠᠭᠠᠰᠬᠠᠨ᠂ ᠵᠢᠭᠡᠯᠡᠯᠭᠡ ᠲᠠᠯᠪᠢᠬᠤ ᠦᠷ᠎ᠡ ᠪᠦᠲᠦᠮᠵᠢ ᠶᠢ ᠢᠯᠡᠳᠲᠡ ᠲᠡᠭᠡᠭᠰᠢᠯᠡᠬᠦᠯᠪᠡ᠃
ᠢᠷᠡᠯᠲᠡ᠄ ᠲᠤᠰ ᠰᠦᠯᠵᠢᠶ᠎ᠡ