ᠡᠵᠡᠨ ᠬᠤᠷᠤᠭ᠎ᠠ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠰᠢᠨ᠎ᠡ ᠠᠬᠢᠴᠠ ᠲᠠᠢ ᠪᠣᠯᠪᠠ
ᠨᠡᠶᠢᠲᠡᠯᠡᠭᠰᠡᠨ ᠴᠠᠭ᠄
2022/12/12
       ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠡᠯ᠎ᠡ ᠵᠦᠢᠯ ᠤᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠤᠤᠯ ᠤᠨ ᠪᠠᠶᠢᠭᠰᠠᠨ 33 ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠠᠵᠢᠯ ᠲᠥᠷᠥᠯ ᠤᠨ ᠰᠢᠨᠵᠢ ᠴᠢᠨᠠᠷ ᠵᠢᠴᠢ ᠲᠤᠬᠠᠶᠢᠯᠠᠭᠰᠠᠨ ᠠᠵᠢᠯ ᠤᠨ ᠬᠡᠰᠡᠭ ᠢᠶᠠᠷ ᠨᠢ ᠡᠨᠧᠷᠭᠢ᠂ ᠪᠠᠯᠠ ᠣᠷᠣᠭᠤᠯᠤᠯᠲᠠ᠂ ᠤᠰᠤᠨ ᠤ ᠶᠠᠪᠤᠳᠠᠯ᠂ ᠬᠤᠲᠠ ᠶᠢᠨ ᠪᠠᠯᠠ ᠣᠷᠣᠭᠤᠯᠤᠯᠲᠠ᠂ ᠦᠢᠯᠡᠴᠢᠯᠡᠭᠡ᠂ ᠰᠣᠶᠣᠯ ᠵᠢᠭᠤᠯᠴᠢᠯᠠᠯ᠂ ᠲᠠᠷᠢᠶᠠᠯᠠᠩ ᠣᠶ ᠰᠢᠭᠤᠶ᠂ ᠬᠤᠳᠠᠯᠳᠤᠭᠠᠴᠢᠨ ᠤᠷᠢᠬᠤ᠂ ᠬᠥᠷᠥᠩᠭᠡ ᠶᠢᠨ ᠡᠵᠡᠩᠨᠡᠯᠲᠡ ᠵᠡᠷᠭᠡ 9 ᠶᠡᠭᠡ ᠭᠤᠤᠯ ᠦᠢᠯᠡᠰ ᠢᠶᠠᠷ ᠲᠣᠪᠤᠶᠢᠮ᠎ᠠ᠂ ᠵᠢᠱᠢᠶ᠎ᠡ ᠦᠵᠡᠭᠦᠯᠬᠦ ᠴᠢᠨᠠᠷ ᠢᠶᠠᠷ ᠴᠢᠩᠭ᠎ᠠ ᠪᠦᠯᠦᠭᠯᠡᠯ ᠺᠣᠮᠫᠠᠨᠢ ᠪᠣᠯᠭᠠᠨ ᠡᠮᠬᠢᠯᠡᠨ ᠨᠡᠶᠢᠯᠡᠭᠦᠯᠪᠡ᠃ ᠣᠳᠣᠬᠠᠨ ᠪᠣᠯᠲᠠᠯ᠎ᠠ᠂ ᠦᠷ᠎ᠡ ᠪᠦᠲᠦᠮᠵᠢ ᠪᠠᠷ ᠳᠤᠤᠷ᠎ᠠ ᠦᠷ᠎ᠡ ᠠᠰᠢᠭ ᠥᠬᠡᠶ 166 ᠵᠦᠢᠯ ︵ᠴᠡᠪᠡᠷ ᠥᠷᠲᠡᠭ ᠨᠢ 144.45 ᠳ᠋ᠦᠩᠰᠢᠭᠤᠷ ᠲᠥᠭᠦᠷᠢᠭ︶᠎ ᠢ ᠨᠢᠭᠡᠨᠲᠡ 128  ᠵᠦᠢᠯ ︵ᠴᠡᠪᠡᠷ ᠥᠷᠲᠡᠭ ᠨᠢ 80.49 ᠳ᠋ᠦᠩᠰᠢᠭᠤᠷ ᠲᠥᠭᠦᠷᠢᠭ︶᠎ ᠢ ᠰᠠᠯᠭᠠᠵᠤ᠂ ᠠᠵᠤ ᠠᠬᠤᠶᠢᠯᠠᠯ ᠤᠨ ᠦᠷ᠎ᠡ ᠠᠰᠢᠭ ᠢᠶᠠᠷ ᠳᠤᠤᠷ᠎ᠠ ᠦᠷ᠎ᠡ ᠠᠰᠢᠭ ᠥᠬᠡᠶ ᠡᠳ᠋ ᠬᠥᠷᠥᠩᠭᠡ ᠶᠢᠨ ᠪᠣᠶ ᠪᠣᠯᠬᠤ ᠭᠠᠶᠢᠯᠢ  ᠰᠦᠢᠳᠭᠡᠯ ᠤᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠪᠡ᠃
ᠢᠷᠡᠯᠲᠡ᠄ ᠲᠤᠰ ᠰᠦᠯᠵᠢᠶ᠎ᠡ