ᠡᠵᠡᠨ ᠬᠤᠷᠤᠭ᠎ᠠ ᠬᠤᠰᠢᠭᠤ᠄ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠵᠤ︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2022/12/14
      2021 ᠣᠨ ᠤ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠬᠦ︾ ᠠᠵᠢᠯᠯᠠᠭ᠎ᠠ ᠡᠬᠢᠯᠡᠭᠰᠡᠨ ᠠᠴᠠ ᠨᠠᠰᠢ᠂ ᠡᠵᠡᠨ ᠬᠤᠷᠤᠭ᠎ᠠ ᠬᠤᠰᠢᠭᠤ ᠨᠠᠷᠢᠨ ᠤᠨᠤᠴᠠᠳᠠᠢ ᠲᠣᠬᠢᠷᠠᠭᠤᠯᠤᠨ ᠪᠠᠶᠢᠷᠢᠯᠠᠭᠤᠯᠵᠤ᠂ ︽ᠵᠠᠰᠠᠭ ᠤᠨ ᠣᠷᠳᠣᠨ ᠲᠠᠪᠴᠠᠩ ᠪᠠᠶᠢᠭᠤᠯᠬᠤ᠂ ᠭᠠᠴᠠᠭ᠎ᠠ ᠲᠣᠰᠬᠤᠨ ᠠᠵᠤ ᠠᠬᠤᠶᠢᠯᠠᠯ ᠬᠠᠮᠳᠤᠷᠠᠯᠴᠠᠵᠤ᠂ ᠬᠠᠮᠵᠢᠯᠴᠠᠨ ᠬᠥᠭᠵᠢᠬᠦ︾ ᠶᠡᠷᠦᠩᠬᠡᠢ ᠵᠠᠷᠴᠢᠮ ᠢ ᠪᠠᠷᠢᠮᠲᠠᠯᠠᠵᠤ᠂ ᠲᠣᠰᠬᠤᠨ ᠠᠵᠤ ᠠᠬᠤᠶᠢᠯᠠᠯ ᠢ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠶᠢ ᠪᠥᠬᠦ ᠲᠠᠯ᠎ᠠ ᠪᠠᠷ᠂ ᠣᠯᠠᠨ ᠬᠦᠷᠢᠶ᠎ᠡ ᠴᠠᠷᠠᠭ᠎ᠠ ᠪᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠢᠶᠠᠷ ᠲᠣᠰᠬᠤᠨ ᠢ ᠳᠠᠶᠢᠴᠢᠯᠠᠨ᠂ ᠲᠣᠰᠬᠤᠨ ᠠᠵᠤ ᠠᠬᠤᠶᠢᠯᠠᠯ ᠢ ᠬᠠᠮᠲᠤ ᠪᠠᠷ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠲᠦᠯᠬᠢᠨ ᠠᠬᠢᠭᠤᠯᠵᠤ᠂ ᠨᠢᠭᠡ ᠪᠦᠯᠦᠭ ᠲᠣᠰᠬᠤᠨ ᠠᠵᠤ ᠠᠬᠤᠶᠢᠯᠠᠯ ᠤᠨ ᠬᠠᠮᠲᠤ ᠪᠠᠷ ᠪᠠᠶᠢᠭᠤᠯᠬᠤ ᠲᠥᠷᠥᠯ ᠵᠦᠢᠯ ᠢ ᠤᠷᠤᠨᠰᠢᠭᠤᠯᠤᠨ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠬᠥᠭᠵᠢᠯᠲᠡ ᠶᠢ ᠲᠠᠰᠤᠷᠠᠯᠲᠠ ᠦᠭᠡᠢ ᠪᠡᠶᠡᠯᠡᠭᠦᠯᠵᠦ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠳᠤ ᠬᠦᠴᠦᠷᠬᠡᠭ ᠶᠡᠭᠡ ᠬᠦᠳᠡᠯᠬᠡᠭᠴᠢ ᠬᠦᠴᠦᠨ ᠬᠠᠩᠭᠠᠪᠠ᠃
1.jpg
      ᠨᠢᠭᠡᠳᠦᠯᠲᠡᠢ ᠲᠦᠯᠦᠪᠵᠢᠬᠦᠯᠦᠨ ᠵᠣᠬᠢᠴᠠᠭᠤᠯᠵᠤ᠂ ᠨᠡᠶᠢᠯᠡᠮᠡᠯ ᠬᠦᠴᠦᠨ ᠢ ᠪᠦᠷᠢᠯᠳᠦᠭᠦᠯᠪᠡ᠃ ᠡᠵᠡᠨ ᠬᠤᠷᠤᠭ᠎ᠠ ᠬᠤᠰᠢᠭᠤᠨ ᠤ ᠨᠢᠭᠡᠳᠦᠮᠡᠯ ᠹᠷᠣᠨᠲ ᠤᠨ ᠬᠡᠯᠲᠡᠰ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠰᠡᠨ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ᠂ ᠵᠢᠯᠣᠭᠤᠳᠤᠨ ᠠᠬᠢᠭᠤᠯᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠦᠢᠯᠡᠴᠢᠯᠡᠭᠡᠨ ᠤ ᠪᠠᠲᠤᠯᠠᠭ᠎ᠠ ᠶᠢ ᠬᠠᠷᠢᠭᠤᠴᠠᠨ᠎ᠠ᠃ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠳᠡᠮᠵᠢᠬᠦ ᠦᠢᠯᠡᠴᠢᠯᠡᠭᠡ ᠪᠠᠨ ᠰᠢᠯᠢᠳᠡᠭᠵᠢᠭᠦᠯᠵᠦ᠂ ᠬᠤᠰᠢᠭᠤᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠡᠷᠬᠡ ᠠᠰᠢᠭ ᠢᠶᠠᠨ ᠬᠠᠮᠠᠭᠠᠯᠠᠵᠤ ᠪᠠᠶᠢᠴᠠᠭᠠᠨ ᠬᠤᠯᠪᠣᠭᠠᠯᠠᠬᠤ ᠲᠠᠰᠤᠭ ᠪᠣᠯᠣᠨ ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠢ ᠪᠠᠶᠢᠩᠭᠤᠵᠢᠭᠤᠯᠤᠨ ᠵᠣᠯᠭᠠᠭᠤᠯᠬᠤ ᠬᠠᠮᠲᠤᠷᠠᠯᠴᠠᠭᠠᠨ ᠤ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠮᠥᠩᠭᠦᠨ ᠭᠦᠢᠯᠭᠡᠭᠡ᠂ ᠬᠠᠤᠯᠢ ᠴᠠᠭᠠᠵᠠ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠳᠤ ᠣᠷᠤᠯᠴᠠᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠠᠨᠠᠭᠠᠴᠢᠯᠠᠭ᠎ᠠ ᠠᠴᠠ ᠪᠠᠨ ᠣᠷᠤᠯᠴᠠᠬᠤ ᠢᠲᠡᠭᠡᠯ ᠵᠣᠷᠢᠭ ᠢ ᠨᠡᠩ ᠬᠥᠪᠴᠢᠯᠡᠵᠦ᠂ ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠤᠯᠯᠠᠬᠤ᠂ ᠠᠵᠤ ᠠᠬᠤᠶᠢᠯᠠᠯ ᠣᠷᠤᠯᠴᠠᠬᠤ᠂ ᠨᠡᠶᠢᠭᠡᠮ ᠢᠶᠠᠷ ᠢᠶᠠᠨ ᠬᠠᠮᠵᠢᠯᠴᠠᠨ ᠨᠢᠭᠡ ᠴᠣᠭᠴᠠᠵᠢᠭᠤᠯᠤᠨ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠤᠨ᠎ᠠ᠃
2.jpg
      ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠨᠠᠷᠢᠨ ᠤᠨᠤᠴᠠᠳᠠᠢ ᠬᠦᠴᠦᠯᠡᠪᠡ᠃ ︽ᠬᠠᠪᠰᠤᠷᠬᠤ︾᠎ ᠠᠴᠠ ︽ᠮᠠᠨᠳᠤᠭᠤᠯᠬᠤ︾ ᠬᠦᠷᠲᠡᠯ᠎ᠡ᠂ ᠨᠠᠷᠢᠨ ᠤᠨᠤᠴᠠᠳᠠᠢ ᠪᠠᠷ ᠬᠦᠴᠦᠯᠡᠵᠦ᠂ ᠡᠵᠡᠨ ᠬᠤᠷᠤᠭ᠎ᠠ ᠬᠤᠰᠢᠭᠤ ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠪᠦᠬᠦ ᠲᠣᠰᠬᠤᠨ ᠢᠶᠠᠷ ᠠᠬᠢᠭᠤᠯᠬᠤ ᠲᠦᠷᠦᠯ ᠵᠦᠢᠯ ᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠭᠦᠨᠵᠡᠭᠡᠢ ᠣᠷᠤᠯᠴᠠᠬᠤ ᠶᠢ ᠬᠥᠲᠥᠯᠥᠨ ᠵᠢᠯᠤᠭᠤᠳᠬᠤ ᠬᠦᠴᠦᠯᠡᠬᠦ ᠴᠡᠭ ᠪᠠ ᠲᠤᠰᠤᠯᠲᠠ ᠪᠣᠯᠭᠠᠪᠠ᠃       ᠬᠤᠨᠢᠴᠢᠨᠭᠤᠤᠯ ᠪᠠᠯᠭᠠᠰᠤ ᠶᠢᠨ ᠬᠠᠳᠠᠲᠤ ᠨᠠᠭᠤᠷ ᠲᠣᠰᠬᠤᠨ ᠤ ᠡᠷᠬᠢᠨ ᠲᠣᠭᠤᠷᠢᠨ ᠤ ᠭᠠᠵᠠᠷ ᠣᠷᠣᠨ ᠤ ᠭᠠᠵᠠᠷ ᠰᠢᠷᠣᠢ᠂ ᠤᠰᠤᠨ ᠤ ᠡᠬᠢ ᠪᠠᠶᠠᠯᠢᠭ ᠨᠡᠯᠢᠶᠡᠳ ᠡᠯᠪᠡᠭ ᠪᠣᠯᠪᠠᠴᠤ ᠠᠵᠤ ᠦᠢᠯᠡᠰ ᠤᠨ ᠪᠦᠲᠦᠴᠡ ᠲᠠᠩ ᠴᠤᠯᠭᠤᠢ ᠪᠠᠶᠢᠵᠤ᠂ ᠤᠯᠠᠮᠵᠢᠯᠠᠯᠲᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠯᠪᠡᠷᠢ ᠪᠣᠯᠣᠨ ᠦᠢᠯᠡᠳᠪᠦᠷᠢᠯᠡᠯ ᠤᠨ ᠮᠡᠷᠭᠡᠵᠢᠯ ᠬᠠᠷᠢᠴᠠᠩᠭᠤᠢ ᠬᠤᠴᠤᠷᠤᠩᠭᠤᠢ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠳᠣᠣᠷ᠎ᠠ ᠪᠠᠶᠢᠪᠠ᠃ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠦᠴᠦᠲᠡᠢ ᠠᠬᠢᠭᠤᠯᠤᠯ ᠳᠣᠣᠷ᠎ᠠ᠂ ᠬᠠᠳᠠᠲᠤ ᠨᠠᠭᠤᠷ ᠲᠣᠰᠬᠤᠨ᠂ ᠮᠧᠩ ᠲᠠᠢ ᠪᠦᠯᠦᠭᠯᠡᠯ ᠤᠨ ᠲᠠᠷᠢᠶᠠᠯᠠᠩ ᠮᠠᠯ ᠠᠵᠤ ᠠᠬᠤᠢ ᠶᠢᠨ ᠺᠣᠮᠫᠠᠨᠢ ︽ᠲᠣᠰᠬᠤᠨ ᠠᠯᠤᠰᠯᠠᠨ ᠬᠥᠭᠵᠢᠭᠦᠯᠬᠦ᠂ ᠬᠤᠪᠢ ᠣᠷᠣᠭᠤᠯᠤᠨ ᠡᠵᠡᠩᠨᠡᠬᠦ᠂ ᠰᠠᠭᠤᠷᠢ ᠶᠢ ᠪᠠᠲᠤᠯᠠᠨ ᠠᠰᠢᠭ ᠬᠤᠪᠢᠶᠠᠬᠤ︾᠎ ᠪᠠᠷ ᠭᠤᠣᠯ ᠪᠣᠯᠭᠠᠭᠰᠠᠨ ᠬᠥᠭᠵᠢᠯᠲᠡ ᠶᠢᠨ ᠬᠡᠪ ᠵᠠᠭᠪᠤᠷ ᠢ ᠰᠢᠨ᠎ᠡ ᠪᠠᠷ ᠡᠭᠦᠳᠦᠨ ᠪᠠᠶᠢᠭᠤᠯᠵᠤ᠂ ᠨᠠᠷᠢᠨᠰᠢᠯᠢ ᠲᠣᠰᠬᠤᠨ ᠵᠡᠷᠭᠡ 6 ᠲᠣᠰᠬᠤᠨ ᠲᠠᠢ ᠬᠠᠮᠲᠤ ᠪᠠᠷ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢ ᠪᠠᠶᠢᠭᠤᠯᠪᠠ᠃  ᠺᠤᠮᠫᠠᠨᠢᠵᠢᠭᠰᠠᠨ ᠡᠷᠬᠢᠯᠳᠡ ᠪᠠᠷ ᠳᠠᠮᠵᠢᠨ᠂ ᠲᠣᠰᠬᠤᠨ ᠬᠢᠭᠡᠳ ᠲᠣᠰᠬᠤᠨ ᠤ ᠬᠤᠭᠤᠷᠣᠨᠳᠣᠬᠢ ᠭᠠᠵᠠᠷ ᠰᠢᠷᠣᠢ᠂ ᠪᠡᠯᠡ ᠮᠥᠩᠭᠦ ᠵᠡᠷᠭᠡ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠵᠤ ᠦᠢᠯᠡᠰ ᠤᠨ ᠲᠡᠳᠬᠦᠮᠵᠢ ᠶᠢᠨ ᠪᠡᠯᠡ ᠮᠥᠩᠭᠦ ᠶᠢ ᠨᠡᠶᠢᠲᠡ 1600 ᠭᠠᠷᠤᠢ ᠲᠦᠮᠡᠨ ᠲᠥᠭᠦᠷᠢᠭ ᠣᠯᠵᠤ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ 5.8 ᠲᠦᠮᠡ ᠭᠠᠷᠤᠢ ᠲᠡᠭᠰᠢ ᠳᠥᠷᠪᠡᠯᠵᠢᠨ ᠮᠧᠲᠷ ᠢᠵᠢ ᠪᠦᠷᠢᠳᠦᠭᠦᠯᠦᠨ ᠪᠠᠶᠢᠭᠤᠯᠵᠤ᠂ ᠡᠯᠵᠢᠭᠡ ᠲᠦᠮᠡ ᠭᠠᠷᠤᠢ ᠲᠣᠯᠣᠭᠠᠢ ᠲᠠᠢ ᠪᠣᠯᠪᠠ᠃ ︽ᠵᠠᠰᠠᠭ ᠤᠨ ᠣᠷᠳᠣᠨ + ᠺᠣᠮᠫᠠᠨᠢ + ᠬᠤᠷᠰᠢᠶ᠎ᠠ + ᠪᠠᠩᠬᠢ + ᠳᠠᠭᠠᠳᠬᠠᠯ ᠤᠨ ᠺᠣᠮᠫᠠᠨᠢ + ᠲᠠᠷᠢᠶᠠᠴᠢᠨ ᠡᠷᠦᠬᠡ︾᠎ ᠶᠢᠨ ᠬᠡᠪ ᠮᠠᠶ᠋ᠢᠭ ᠢᠶᠠᠷ ᠳᠠᠮᠵᠢᠭᠤᠯᠤᠨ᠂ ᠡᠯᠵᠢᠭᠡᠨ ᠤ ᠠᠵᠤ ᠦᠢᠯᠡᠰ ᠤᠨ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠪᠠ᠃ ᠣᠳᠣᠬᠠᠨ ᠳᠤ᠂ ᠡᠯᠵᠢᠭᠡ ᠲᠡᠵᠢᠭᠡᠨ ᠦᠷᠡᠵᠢᠭᠦᠯᠬᠦ ᠳᠤ ᠣᠷᠣᠯᠴᠠᠭᠰᠠᠨ ᠲᠠᠷᠢᠶᠠᠴᠢᠨ ᠡᠷᠦᠬᠡ ᠨᠢᠭᠡᠨᠲᠡ 200 ᠭᠠᠷᠤᠢ ᠬᠦᠮᠦᠨ ᠪᠣᠯᠵᠣ᠂ ᠡᠭᠦᠨ ᠤ ᠵᠡᠷᠭᠡ ᠳᠤ ᠲᠥᠷᠥᠯ ᠵᠦᠢᠯ ᠢᠶᠠᠷ ᠤᠶᠢᠷ᠎ᠠ ᠬᠠᠪᠢ ᠶᠢᠨ ᠮᠠᠯᠴᠢᠨ ᠲᠠᠷᠢᠶᠠᠴᠢᠳ ᠢ ᠳᠠᠶᠢᠴᠢᠯᠠᠨ 2 ᠲᠦᠮᠡᠨ ᠮᠦ ᠴᠢᠨᠠᠷ ᠰᠠᠶᠢᠲᠠᠢ ᠲᠡᠵᠢᠭᠡᠯ ᠡᠪᠡᠰᠦ ᠳᠠᠷᠢᠭᠤᠯᠵᠤ᠂ ᠡᠷᠦᠬᠡ ᠪᠦᠷᠢ ᠶᠢᠨ ᠣᠷᠣᠯᠭ᠎ᠠ ᠳᠤᠮᠳᠠᠴᠢ ᠪᠠᠷ 1.5 ᠲᠦᠮᠡᠨ ᠲᠥᠭᠦᠷᠢᠭ ᠠᠴᠠ ᠳᠡᠭᠡᠭᠰᠢ ᠨᠡᠮᠡᠭᠳᠡᠬᠦ ᠪᠣᠯᠣᠨ᠎ᠠ᠃
3.jpg
      ︽︿ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ﹀ ᠠᠵᠢᠯᠯᠠᠭ᠎ᠠ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠵᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠢᠳᠡᠪᠬᠢᠲᠡᠢ ᠣᠷᠣᠯᠴᠠᠭᠤᠯᠵᠤ᠂ ᠢᠳᠡᠪᠬᠢᠲᠡᠢ ᠠᠵᠢᠯᠯᠠᠭᠤᠯᠵᠤ᠂ ᠦᠳᠲᠡᠷ ᠲᠦᠷᠭᠡᠨ ᠠᠵᠢᠯᠯᠠᠭ᠎ᠠ ᠳᠤ ᠣᠷᠣᠯᠴᠠᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠪᠦᠬᠦᠯᠢ ᠴᠣᠭᠴᠠ ᠪᠠᠷ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠦᠬᠦ ᠲᠠᠯ᠎ᠠ ᠪᠠᠷ ᠬᠦᠴᠦᠨ ᠨᠡᠮᠡᠷᠢᠯᠡᠨ᠎ᠡ︾ ᠭᠡᠵᠦ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠪᠡ᠃      ᠪᠦᠯᠬᠦᠮ ᠨᠡᠶᠢᠳᠡ ᠪᠠᠷ ᠬᠥᠭᠵᠢᠭᠦᠯᠵᠦ᠂ ᠲᠠᠷᠢᠶᠠᠯᠠᠩ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠪᠡ᠃ ᠤᠯᠠᠭᠠᠨᠮᠥᠷᠡᠨ ᠪᠠᠯᠭᠠᠰᠤ ᠶᠢᠨ ᠴᠠᠭᠠᠨᠰᠤᠭᠤ ᠲᠣᠰᠬᠤᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠲᠣᠰᠬᠤᠨ ᠠᠵᠤ ᠠᠬᠤᠶᠢᠯᠠᠯ ᠬᠤᠯᠪᠤᠭᠠᠯᠠᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢᠨ ︽ᠬᠠᠮ ᠠᠷᠭ᠎ᠠ ᠬᠡᠮᠵᠢᠶ᠎ᠡ︾᠎ ᠶᠢ ᠰᠠᠶᠢᠲᠤᠷ ᠬᠡᠷᠡᠭᠵᠢᠭᠦᠯᠵᠦ᠂ ︽ᠲᠣᠰᠬᠤᠨ ᠠᠯᠤᠰᠯᠠᠨ ᠬᠥᠭᠵᠢᠭᠦᠯᠬᠦ᠂ ᠬᠤᠪᠢ ᠣᠷᠣᠭᠤᠯᠤᠨ ᠡᠵᠡᠩᠨᠡᠬᠦ᠂ ᠰᠠᠭᠤᠷᠢ ᠶᠢ ᠪᠠᠲᠤᠯᠠᠨ ᠠᠰᠢᠭ ᠬᠤᠪᠢᠶᠠᠬᠤ︾᠎ ᠪᠠᠷ ᠭᠤᠣᠯ ᠪᠣᠯᠭᠠᠭᠰᠠᠨ ᠬᠥᠭᠵᠢᠯᠲᠡ ᠶᠢᠨ ᠬᠡᠪ ᠮᠠᠶ᠋ᠢᠭ ᠢᠶᠠᠷ ᠲᠣᠰᠬᠤᠨ ᠠᠵᠤ ᠠᠬᠤᠶᠢᠯᠠᠯ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠬᠤᠯᠪᠤᠭᠠᠯᠠᠨ ᠪᠠᠶᠢᠭᠤᠯᠵᠤ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠪᠡ᠃ 2022 ᠣᠨ ᠳᠤ ᠤᠯᠤᠰ ᠤᠨ ᠴᠠᠬᠢᠯᠭᠠᠨ ᠬᠦᠴᠦᠨ ᠤ ᠥᠪᠥᠷ ᠮᠣᠩᠭᠤᠯ ᠤᠨ ᠬᠤᠪᠢᠶᠠᠷᠢ ᠺᠣᠮᠫᠠᠨᠢ ᠲᠥᠷᠥᠯ ᠵᠦᠢᠯ ᠢᠶᠠᠷ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ᠂ ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠪᠦᠲᠦᠭᠡᠭᠳᠡᠬᠦᠨ ᠢ ᠪᠣᠷᠣᠯᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ︵ᠢᠳᠡᠰᠢᠨ ᠨᠣᠭᠤᠭ᠎ᠠ︶᠎ ᠢ 28 ᠲᠦᠮᠡᠨ ᠲᠥᠭᠦᠷᠢᠭ ᠣᠷᠴᠢᠮ ᠬᠠᠪᠰᠤᠷᠤᠨ ᠪᠣᠷᠣᠯᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠶᠢᠯᠠᠯ ᠤᠨ ᠣᠷᠣᠯᠭ᠎ᠠ ᠪᠠᠨ ᠨᠡᠮᠡᠭᠳᠡᠭᠦᠯᠦᠨ ᠠᠰᠢᠭ ᠭᠥᠷᠳᠡᠬᠦ ᠶᠢ ᠰᠢᠭᠤᠳ ᠳᠠᠶᠢᠴᠢᠯᠠᠨ᠂ ᠠᠵᠤ ᠠᠬᠤᠶᠢᠯᠠᠯ ᠬᠢᠭᠡᠳ ᠭᠠᠴᠠᠭ᠎ᠠ ᠲᠣᠰᠬᠤᠨ ᠤ ᠬᠠᠷᠢᠯᠴᠠᠨ ᠠᠰᠢᠭ ᠣᠯᠭᠤᠵᠤ ᠬᠠᠮᠲᠤᠪᠠᠷ ᠠᠰᠢᠭ ᠭᠥᠷᠳᠡᠬᠦ ᠶᠢ ᠪᠦᠲᠦᠮᠵᠢᠲᠡᠶ ᠠᠬᠢᠭᠤᠯᠪᠠ᠃
4.jpg
      ︽ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠮᠠᠨᠳᠤᠭᠤᠯᠬᠤ︾ ᠠᠵᠢᠯᠯᠠᠭ᠎ᠠ ᠶᠢ ᠥᠷᠨᠢᠭᠦᠯᠬᠦ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠪᠦᠷᠢᠯᠳᠦᠭᠦᠨ ᠬᠡᠰᠡᠭ ᠪᠠᠶᠢᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠠᠬᠢᠭᠤᠯᠬᠤ ᠬᠦᠴᠦᠨ ᠪᠤᠯᠤᠨ᠎ᠠ᠃ ᠣᠳᠣᠬᠠᠨ ᠳᠤ᠂ ᠡᠵᠡᠨ ᠬᠤᠷᠤᠭ᠎ᠠ ᠬᠤᠰᠢᠭᠤᠨ ᠳᠤ ᠨᠡᠶᠢᠲᠡ 159 ᠠᠵᠤ ᠠᠬᠤᠶᠢᠯᠠᠯ ᠠᠵᠤ ᠦᠢᠯᠡᠰ ᠤᠨ ᠲᠠᠰ ᠳᠡᠪᠰᠢᠬᠦ᠂ ᠲᠣᠰᠬᠤᠨ ᠠᠵᠤ ᠠᠬᠤᠶᠢᠯᠠᠯ ᠬᠤᠯᠪᠤᠭᠠᠯᠠᠨ ᠪᠠᠶᠢᠭᠤᠯᠬᠤ᠂ ᠠᠵᠢᠯ ᠣᠯᠭᠤᠯᠲᠠ ᠪᠠᠷ ᠳᠠᠶᠢᠴᠢᠯᠠᠬᠤ᠂ ᠬᠡᠷᠡᠭᠯᠡᠭᠡ ᠪᠠᠷ ᠲᠡᠳᠬᠦᠬᠦ ᠵᠡᠷᠭᠡ ᠬᠠᠪᠰᠤᠷᠤᠨ ᠲᠡᠳᠬᠦᠬᠦ  ᠬᠡᠪ ᠮᠠᠶ᠋ᠢᠭ ᠢᠶᠠᠷ ᠳᠡᠮᠵᠢᠨ 138 ᠭᠠᠴᠠᠭ᠎ᠠ ᠲᠣᠰᠬᠤᠨ ᠢ ᠬᠠᠪᠰᠤᠷᠤᠨ ᠲᠡᠳᠬᠦᠵᠦ ᠪᠠᠶᠢᠨ᠎ᠠ᠃ 2021 ᠣᠨ ᠳᠤ 24 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ 12 ᠪᠡᠯᠡ ᠣᠷᠣᠭᠤᠯᠤᠯᠲᠠ ᠶᠢ ᠨᠡᠮᠡᠵᠦ᠂ 2888.3 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠰᠢᠨ᠎ᠡ ᠪᠠᠷ ᠨᠡᠮᠡᠭᠳᠡᠭᠦᠯᠵᠦ᠂ 614.2 ᠲᠦᠮᠡᠨ ᠲᠥᠭᠦᠷᠢᠭ ᠤᠨ ᠣᠷᠣᠯᠭ᠎ᠠ ᠶᠢ ᠳᠠᠶᠢᠴᠢᠯᠠᠨ ᠨᠡᠮᠡᠭᠳᠡᠭᠦᠯᠵᠦ᠂ ᠠᠵᠤ ᠠᠬᠤᠶᠢᠯᠠᠯ ᠤᠨ ᠨᠡᠶᠢᠲᠡ ᠶᠢᠨ ᠠᠰᠠᠷᠠᠮᠵᠢ ᠶᠢᠨ ᠬᠠᠨᠳᠢᠪᠯᠡᠨ ᠬᠦᠷᠭᠡᠭᠰᠡᠨ ᠡᠳ᠋ ᠪᠣᠳᠠᠰ 201.82 ᠲᠦᠮᠡᠨ ᠲᠥᠭᠦᠷᠢᠭ ᠲᠤ ᠬᠦᠷᠴᠦ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ 74 ᠨᠡᠮᠡᠭᠳᠡᠭᠦᠯᠵᠦ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ 113.77 ᠲᠦᠮᠡᠨ ᠲᠥᠭᠦᠷᠢᠭ ᠢ ᠬᠠᠪᠰᠤᠷᠤᠨ ᠪᠣᠷᠣᠯᠠᠭᠤᠯᠪᠠ᠃ 2022 ᠣᠨ ᠠᠴᠠ ᠨᠠᠰᠢ᠂ ᠪᠣᠳᠠᠲᠠᠢ ᠠᠬᠢᠴᠠ ᠲᠠᠢ ᠪᠣᠯᠤᠭᠰᠠᠨ ᠭᠠᠴᠠᠭ᠎ᠠ ᠲᠣᠰᠬᠤᠨ 48 ᠪᠠᠶᠢᠵᠤ᠂ ᠨᠢᠭᠡᠨᠲᠡ 23993.02 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠡᠷᠡᠭᠵᠢᠭᠦᠯᠦᠭᠰᠡᠨ ᠲᠥᠷᠥᠯ ᠵᠦᠢᠯ ᠤᠨ ᠲᠤᠭ᠎ᠠ ᠨᠢ 72 ᠪᠠᠶᠢᠵᠤ᠂ ᠠᠵᠤ ᠠᠬᠤᠶᠢᠯᠠᠯ ᠤᠨ ᠨᠡᠶᠢᠲᠡ ᠶᠢᠨ ᠠᠰᠠᠷᠠᠮᠵᠢ ᠶᠢᠨ ᠬᠠᠨᠳᠢᠪᠯᠡᠨ ᠬᠦᠷᠭᠡᠭᠰᠡᠨ ᠡᠳ᠋ ᠪᠣᠳᠠᠰ 4000 ᠲᠦᠮᠡᠨ ᠲᠥᠭᠦᠷᠢᠭ ᠲᠤ ᠬᠦᠷᠪᠡ᠃      ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠬᠥᠳᠡᠭᠡ ᠲᠣᠰᠬᠤᠨ ᠪᠠᠨ ᠴᠢᠷᠮᠠᠶᠢᠨ ᠬᠦᠭᠵᠢᠬᠦᠯᠦᠨ᠎ᠡ᠃ ᠡᠵᠡᠨ ᠬᠤᠷᠤᠭ᠎ᠠ ᠬᠤᠰᠢᠭᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠥᠭᠵᠢᠯᠲᠡ ᠶᠢᠨ ᠬᠥᠳᠡᠯᠭᠡᠭᠦ ᠬᠦᠴᠦᠨ ᠢ ᠨᠢᠭᠲᠠᠷᠠᠭᠤᠯᠵᠤ᠂ ᠲᠣᠰᠬᠤᠨ ᠤ ᠳᠦᠷᠰᠦ ᠪᠠᠶᠢᠳᠠᠯ ᠴᠡᠪᠡᠷ ᠰᠠᠶᠢᠬᠠᠨ᠂ ᠣᠷᠴᠢᠨ ᠲᠣᠭᠤᠷᠢᠨ ᠭᠤᠶᠢᠳᠠ ᠰᠠᠶᠢᠬᠠᠨ᠂ ᠠᠮᠢᠳᠤᠷᠠᠯ ᠵᠣᠯ ᠵᠢᠷᠭᠠᠯ ᠲᠠᠢ᠂ ᠠᠵᠤ ᠦᠢᠯᠡᠰ ᠬᠥᠭᠵᠢᠨ ᠮᠠᠨᠳᠤᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠡᠵᠡᠨ ᠬᠤᠷᠤᠭ᠎ᠠ ᠶᠢᠨ ᠡᠬᠡ ᠭᠠᠵᠠᠷ ᠲᠤ ᠠᠯᠭᠤᠷᠬᠠᠨ ᠢᠶᠠᠷ ᠳᠡᠯᠭᠡᠨ ᠦᠵᠡᠭᠦᠯᠵᠦ ᠪᠠᠶᠢᠨ᠎ᠠ᠃                          
ᠢᠷᠡᠯᠲᠡ᠄ ᠲᠤᠰ ᠰᠦᠯᠵᠢᠶ᠎ᠡ