ᠮᠠᠨ ᠤ ᠬᠤᠰᠢᠭᠤ ᠬᠢᠵᠢᠭ ᠢ ᠰᠡᠷᠬᠡᠶᠢᠯᠡᠨ ᠡᠵᠡᠮᠳᠡᠬᠦ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠴᠢᠩᠭ᠎ᠠ ᠠᠳᠬᠤᠵᠦ ᠪᠠᠶᠢᠨ᠎ᠠ
ᠨᠡᠶᠢᠲᠡᠯᠡᠭᠰᠡᠨ ᠴᠠᠭ᠄
2022/12/6
      ᠣᠶᠢᠷ᠎ᠠ ᠶᠢᠨ ᠡᠳᠦᠷ ᠤᠳ ᠲᠤ᠂ ᠮᠠᠨ ᠤ ᠬᠤᠰᠢᠭᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠴᠠᠭ ᠤᠨ ᠪᠡᠷᠬᠡ ᠶᠢ ᠬᠠᠮᠲᠤ ᠪᠠᠷ ᠲᠤᠭᠤᠯᠤᠨ᠂ ᠬᠢᠵᠢᠭ ᠲᠠᠢ ᠲᠡᠮᠡᠴᠡᠬᠦ᠂ ᠦᠢᠯᠡᠳᠪᠦᠷᠢᠯᠡᠯ ᠢ ᠪᠠᠲᠤᠯᠠᠬᠤ ᠪᠠᠷ ᠬᠦᠴᠦᠯᠡᠨ ᠴᠢᠷᠮᠠᠶᠢᠵᠤ᠂ ᠬᠢᠵᠢᠭ ᠤᠨ ᠪᠠᠶᠢᠳᠠᠯ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠦᠷᠭᠡᠨ ᠪᠥᠭᠡᠳ ᠯᠠᠪᠳᠠᠭᠤᠨ᠂ ᠡᠮᠬᠢ ᠵᠢᠷᠤᠮ ᠲᠠᠢ ᠠᠭᠢᠬᠤ ᠶᠢ ᠦᠨᠡᠨ ᠬᠦ ᠪᠠᠲᠤᠯᠠᠪᠠ᠃      ᠶᠤᠸᠠᠨ ᠵᠢᠩ ᠬᠦᠳᠡᠯᠭᠡᠭᠴᠢ ᠬᠦᠴᠦᠨ ᠤ ᠣᠷᠳᠣᠰ ᠬᠤᠲᠠ ᠶᠢᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠤᠬᠠᠶ ᠶᠢᠨ ᠲᠠᠯᠠᠪᠠᠢ ᠳᠤ ᠮᠠᠰᠢᠨ ᠬᠦᠷᠴᠢᠭᠢᠨᠡᠵᠦ᠂ ᠦᠢᠯᠡᠳᠪᠦᠷᠢᠯᠡᠯ ᠤᠨ ᠱᠤᠭᠤᠮ ᠡᠮᠬᠢ ᠴᠡᠭᠴᠡ ᠲᠠᠢ ᠶᠠᠪᠤᠭᠳᠠᠵᠤ᠂ ᠦᠢᠯᠡᠳᠪᠦᠷᠢᠯᠡᠯ ᠤᠨ ᠲᠠᠰᠤᠭ ᠮᠠᠰᠢ ᠶᠠᠭᠠᠷᠠᠯᠲᠠᠢ ᠪᠠᠶᠢᠯ᠎ᠠ᠃      ᠣᠶᠢᠷ᠎ᠠ ᠳᠤ ᠶᠤᠸᠠᠨ ᠵᠢᠩ ᠬᠦᠳᠡᠯᠭᠡᠭᠴᠢ ᠬᠦᠴᠦᠨ ᠤ ᠣᠷᠳᠣᠰ ᠬᠤᠲᠠ ᠶᠢᠨ ᠲᠤᠨᠤᠬᠯᠠᠯ ᠦᠢᠯᠡᠳᠬᠦ ᠰᠠᠭᠤᠷᠢᠨ ᠭᠠᠵᠠᠷ ᠨᠢᠭᠡ ᠪᠦᠯᠦᠭ ᠵᠠᠩᠭᠢᠯᠠᠭ᠎ᠠ ᠶᠢᠨ ᠲᠥᠬᠦᠭᠡᠷᠦᠮᠵᠢ ᠬᠡᠷᠡᠭᠰᠡᠬᠦ ᠴᠢᠬᠤᠯᠠᠳᠠᠢ ᠪᠠᠶᠢᠪᠠ᠂ ᠭᠡᠪᠡᠴᠦ ᠬᠢᠵᠢᠭ ᠤᠨ ᠨᠥᠯᠥᠭᠡ ᠠᠴᠠ ᠪᠣᠯᠵᠣ᠂ ᠲᠥᠬᠦᠭᠡᠷᠦᠮᠵᠢ ᠨᠢ ᠬᠥᠬᠡᠬᠤᠲᠠ ᠠᠴᠠ ᠭᠠᠷᠬᠤ ᠶᠢᠨ ᠠᠷᠭ᠎ᠠ ᠥᠬᠡᠶ ᠪᠠᠶᠢᠬᠤ ᠳᠤ᠂ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ᠶᠢᠨ ᠵᠣᠬᠢᠴᠠᠭᠤᠯᠭ᠎ᠠ ᠳᠤᠤᠷ᠎ᠠ᠂ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠮ ᠬᠠᠷᠢᠯᠴᠠᠭᠠᠨ ᠤ ᠪᠠᠲᠤᠯᠠᠭ᠎ᠠ ᠶᠢᠨ ᠳᠤᠭᠤᠶᠢᠯᠠᠩ ᠴᠠᠭ ᠮᠥᠴᠡ ᠶᠢ ᠠᠮᠵᠢᠨ ᠨᠡᠪᠲᠡᠷᠡᠬᠦ ᠦᠨᠡᠮᠯᠡᠯ ᠤᠨ ᠭᠠᠷᠳᠠᠮ ᠢ ᠬᠦᠢᠴᠡᠳᠬᠡᠵᠦ᠂ ᠲᠣᠰ ᠰᠦᠨᠢ ᠨᠢ ᠲᠣᠰ ᠲᠥᠬᠦᠭᠡᠷᠦᠮᠵᠢ ᠶᠢ ᠬᠥᠬᠡᠬᠤᠲᠠ ᠠᠴᠠ ᠳ᠋ᠢᠶᠠᠨ ᡂᠢ ᠶᠢᠨ ᠦᠢᠯᠡᠳᠪᠦᠷᠢ ᠳᠤ ᠲᠡᠭᠡᠭᠡᠪᠦᠷᠢᠯᠡᠨ ᠠᠪᠴᠢᠷᠠᠵᠤ᠂ ᠦᠢᠯᠡᠳᠪᠦᠷᠢᠯᠡᠯ ᠤᠨ ᠬᠡᠪ ᠤᠨ ᠡᠷᠭᠢᠯᠲᠡ ᠶᠢ ᠪᠠᠲᠤᠯᠠᠪᠠ᠃      ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯ ᠨᠡᠮᠡᠭᠳᠡᠯ ᠢ ᠲᠣᠭᠲᠠᠪᠤᠷᠢᠵᠢᠭᠤᠯᠬᠤ ᠬᠦᠴᠦᠲᠡᠶ ᠲᠤᠯᠭᠠᠭᠤᠷᠢᠯᠠᠯ ᠮᠥᠨ᠃ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠡᠮᠦᠨ᠎ᠡ᠂ ᠦᠪᠦᠷ ᠮᠤᠩᠭᠤᠯ ᠵᠢᠶᠠᠩᠰᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠭᠤᠷᠪᠠᠨ ᠬᠡᠰᠡᠭ ᠣᠷᠣᠨ ᠤ ᠡᠯ᠎ᠡ ᠰᠠᠭᠤᠭ᠎ᠠ ᠠᠵᠤ ᠠᠬᠤᠶᠢᠯᠠᠯ ᠤᠨ ᠦᠢᠯᠡᠳᠪᠦᠷᠢᠯᠡᠯ ᠠᠮᠢᠳᠤᠷᠠᠯ ᠤᠨ ᠲᠠᠯ᠎ᠠ ᠪᠠᠷ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠡᠯ᠎ᠡ ᠠᠵᠤ ᠠᠬᠤᠶᠢᠯᠠᠯ ᠤᠨ ᠲᠦᠭᠦᠬᠡᠶ ᠮᠠᠲ᠋ᠧᠷᠢᠶᠠᠯ ᠪᠠ ᠦᠢᠯᠡᠳᠬᠦᠨ ᠤ ᠲᠡᠭᠡᠭᠡᠪᠦᠷᠢ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠲᠥᠷᠥᠯ ᠵᠦᠢᠯ ᠤᠨ ᠲᠣᠭᠲᠠᠭᠤᠨ ᠢᠶᠠᠷ ᠠᠵᠢᠯᠯᠠᠬᠤ ᠶᠢ ᠪᠠᠳᠤᠯᠠᠪᠠ᠃ ᠡᠭᠦᠨ ᠤ ᠬᠠᠮᠲᠤ᠂ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠱᠠᠭᠠᠷᠳᠠᠵᠤ᠂ ᠡᠳ᠋ ᠪᠣᠳᠠᠰ ᠲᠡᠷᠭᠡ ᠬᠥᠰᠬᠡ ᠶᠢᠨ ᠪᠥᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠥᠷᠲᠡᠭᠡᠨ ᠳᠤ ᠬᠦᠷᠦᠭᠰᠡᠨ ᠤ ᠳᠠᠷᠠᠭ᠎ᠠ ᠲᠡᠷᠭᠡ ᠬᠥᠰᠬᠡ ᠪᠠ ᠡᠳ᠋ ᠪᠣᠳᠠᠰ ᠢᠶᠠᠨ ᠠᠷᠢᠭᠤᠳᠬᠠᠵᠤ᠂ ᠡᠳ᠋ ᠪᠣᠳᠠᠰ ᠢᠶᠠᠨ ᠪᠠᠭᠤᠯᠭᠠᠭᠰᠠᠨ ᠤ ᠳᠠᠷᠠᠭ᠎ᠠ᠂ ᠲᠠᠬᠢᠨᠳᠠ ᠠᠷᠢᠭᠤᠳᠬᠠᠯ ᠬᠢᠵᠦ᠂ ᠪᠥᠬᠦ ᠶᠠᠪᠤᠴᠠ ᠳᠤ ᠵᠢᠯᠣᠭᠤᠴᠢ ᠶᠢ ᠲᠡᠷᠭᠡᠨ ᠠᠴᠠ ᠪᠠᠭᠤᠯᠭᠠᠬᠤ ᠦᠬᠡᠢ ᠪᠠᠶᠢᠯᠭᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠳᠠᠯᠢᠬᠠᠨ ᠠᠳᠬᠤᠵᠤ᠂ ᠬᠤᠶᠠᠷ ᠢ ᠰᠠᠭᠠᠲᠠᠭᠠᠬᠤ ᠦᠭᠡᠢ ᠪᠠᠶᠢᠬᠤ ᠶᠢ ᠪᠠᠳᠤᠯᠠᠪᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠤᠯ ᠦᠭᠡᠢ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠠᠰᠤᠯᠳᠠᠭᠤᠯᠤᠯ ᠦᠭᠡᠢ ᠬᠢᠪᠡ᠃ ᠮᠠᠨ ᠤ ᠬᠤᠰᠢᠭᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠲᠠᠰᠤᠷᠠᠯᠲᠠ ᠥᠬᠡᠶ ᠴᠢᠩᠭᠠᠳᠬᠠᠵᠤ᠂ ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠳᠬᠤᠨ᠂ ᠨᠥᠭᠦᠭᠡ ᠲᠠᠯ᠎ᠠ ᠪᠠᠷ ᠦᠢᠯᠡᠳᠪᠦᠷᠢᠯᠡᠯ ᠢ ᠠᠳᠬᠤᠵᠤ᠂ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠰᠠᠭᠠᠳ ᠥᠬᠡᠶ ᠨᠡᠪᠲᠡᠷᠡᠬᠦ ᠵᠠᠮ ᠭᠠᠷᠭᠠᠵᠤ᠂ ᠬᠢᠵᠢᠭ ᠤᠨ ᠪᠠᠶᠢᠳᠠᠯ ᠢ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ ᠲᠤ ᠨᠥᠯᠥᠭᠡᠯᠡᠬᠦ ᠥᠬᠡᠶ ᠪᠠᠶᠢᠬᠤ ᠶᠢ ᠦᠨᠡᠨ ᠬᠦ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ ᠪᠠᠲᠤ ᠰᠠᠬᠢᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠥᠬᠦ ᠬᠦᠴᠦᠨ ᠢᠶᠠᠷ ᠢᠶᠠᠨ  ᠬᠠᠮᠠᠭᠠᠯᠠᠬᠰᠠᠨ ᠪᠠᠶᠢᠨ᠎ᠠ᠃      2022 ᠣᠨ ᠳᠤ᠂ ᠪᠥᠬᠦ ᠬᠤᠰᠢᠭᠤ 500 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ 245 ︵152 ᠲᠦᠷᠦᠯ ᠵᠦᠢᠯ ᠢ ᠰᠢᠨ᠎ᠡ ᠪᠠᠷ ᠪᠠᠶᠢᠭᠤᠯᠵᠤ᠂ 93 ᠲᠦᠷᠦᠯ ᠵᠦᠢᠯ ᠢ ᠦᠷᠭᠦᠯᠵᠢᠯᠡᠨ ᠪᠠᠶᠢᠭᠤᠯᠤᠨ᠎ᠠ︶᠎ ᠶᠢ ᠬᠡᠷᠡᠭᠵᠢᠭᠦᠯᠬᠦ ᠪᠠᠷ ᠲᠥᠯᠥᠪᠯᠡᠵᠦ᠂ ᠤᠳᠤᠬᠠᠨ ᠪᠤᠯᠳᠠᠯ᠎ᠠ᠂ 180 ᠲᠦᠷᠦᠯ ᠵᠦᠢᠯ ᠢ ᠨᠢ ᠨᠢᠭᠡᠨᠲᠡ ᠠᠵᠢᠯ ᠡᠬᠢᠯᠡᠭᠦᠯᠦᠨ ᠰᠡᠷᠭᠦᠭᠡᠵᠦ᠂ ᠠᠵᠢᠯ ᠡᠬᠢᠯᠡᠭᠦᠯᠦᠨ ᠰᠡᠷᠭᠦᠭᠡᠭᠰᠡᠨ ᠨᠣᠷᠮ᠎ᠠ 73.5 %᠎ ᠳᠤ ᠬᠦᠷᠴᠦ᠂ 146.73 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠡᠭᠦᠨ ᠳᠤ᠂ ᠬᠤᠲᠠ ᠶᠢᠨ ᠱᠠᠳᠤᠨ ᠤ ᠲᠤᠬᠢᠷᠠᠭᠤᠯᠤᠯᠳᠠ ᠶᠢᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ 5000 ᠲᠦᠮᠡᠨ ᠲᠥᠭᠦᠷᠢᠭ᠂ ᠠᠵᠤ ᠠᠬᠤᠶᠢᠯᠠᠯ ᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠦᠯ ᠵᠦᠢᠯ 76 ︵39 ᠲᠦᠷᠦᠯ ᠵᠦᠢᠯ ᠢ ᠰᠢᠨ᠎ᠡ ᠪᠠᠷ ᠪᠠᠶᠢᠭᠤᠯᠵᠤ᠂ 37 ᠲᠦᠷᠦᠯ ᠵᠦᠢᠯ ᠢ ᠦᠷᠭᠦᠯᠵᠢᠯᠡᠨ ᠪᠠᠶᠢᠭᠤᠯᠤᠨ᠎ᠠ︶᠎ ᠶᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ 1295.57 ᠳ᠋ᠦᠩᠰᠢᠭᠤᠷ ᠲᠥᠭᠦᠷᠢᠭ ᠲᠤ ᠬᠦᠷᠴᠦ᠂ ᠲᠣᠰ ᠵᠢᠯ ᠳᠤ 152.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃ ᠣᠳᠣᠬᠠᠨ ᠳᠤ᠂ ᠪᠦᠬᠦᠨ ᠢ ᠠᠵᠢᠯ ᠡᠬᠢᠯᠡᠭᠦᠯᠦᠨ ᠰᠡᠷᠭᠦᠭᠡᠵᠦ᠂ 138.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠵᠢᠯ ᠤᠨ ᠲᠥᠯᠥᠪᠯᠡᠭᠡ ᠪᠠᠨ 91 %᠎ ᠪᠠᠷ ᠪᠡᠶᠡᠯᠡᠭᠦᠯᠪᠡ᠃       
ᠢᠷᠡᠯᠲᠡ᠄ ᠡᠵᠡᠨ ᠬᠤᠷᠤᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ