ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠠᠪᠤᠳᠠᠯ ᠢ ᠡᠷᠬᠢᠯᠡᠬᠦ ᠭᠡᠰᠢᠭᠦᠳ ᠤᠨ ᠬᠤᠷᠠᠯ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2022/12/8
ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠠᠪᠤᠳᠠᠯ ᠢ ᠡᠷᠬᠢᠯᠡᠬᠦ ᠭᠡᠰᠢᠭᠦᠳ ᠤᠨ ᠬᠤᠷᠠᠯ ᠤᠨ ᠠᠯᠪᠠᠨ ᠵᠠᠷᠯᠠᠯ                 ︵1 ᠳ᠋ᠦ᠋ᠭᠡᠷ ᠲᠣᠭᠠᠲᠤ︶      ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠵᠢᠶᠠᠩ ᠽᠧ ᠮᠢᠨ ᠨᠥᠬᠦᠷ ᠢ ᠬᠢᠵᠠᠭᠠᠯᠠᠰᠢ ᠦᠭᠡᠢ ᠪᠢᠰᠢᠷᠡᠨ ᠬᠦᠨᠳᠦᠳᠬᠡᠵᠦ ᠪᠠᠶᠢᠬᠤ ᠪᠠ ᠭᠦᠨ᠎ᠡ ᠡᠮᠭᠡᠨᠢᠨ ᠭᠠᠰᠢᠭᠤᠳᠠᠵᠤ ᠪᠠᠶᠢᠬᠤ ᠰᠡᠳᠬᠢᠯᠭᠡ ᠶᠢ ᠢᠯᠡᠳᠬᠡᠬᠦ ᠶᠢᠨ ᠲᠥᠯᠥᠭᠡ᠂ ᠡᠳᠦᠭᠡ ᠲᠣᠭᠲᠠᠭᠠᠬᠤ ᠨᠢ᠄      ︵ᠨᠢᠭᠡ︶ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠮᠡᠳᠡᠭᠳᠡᠬᠦ ᠪᠢᠴᠢᠭ ᠢ ᠨᠡᠶᠢᠲᠡᠯᠡᠭᠰᠡᠨ ᠡᠳᠦᠷ ᠠᠴᠠ ᠡᠬᠢᠯᠡᠨ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠬᠤᠷᠠᠯ ᠢ ᠬᠢᠬᠦ ᠪᠣᠯᠲᠠᠯ᠎ᠠ᠂ ᠪᠡᠭᠡᠵᠢᠩ ᠤᠨ ᠲᠢᠶᠠᠨ ᠠᠨ ᠮᠧᠨ᠂ ᠰᠢᠨᠬᠤᠸᠠ ᠮᠧᠨ᠂ ᠠᠷᠠᠳ ᠤᠨ ᠶᠡᠭᠡ ᠬᠤᠷᠠᠯ ᠤᠨ ᠲᠢᠩᠬᠢᠮ᠂ ᠭᠠᠳᠠᠭᠠᠳᠤ ᠶᠠᠪᠤᠳᠠᠯ ᠤᠨ ᠶᠠᠮᠣᠨ ᠪᠣᠯᠣᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠳᠤ ᠰᠠᠭᠤᠭ᠎ᠠ ᠲᠥᠪ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭ᠎ᠠ ᠠᠪᠬᠤ ᠠᠯᠪᠠᠨ ᠭᠡᠷ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠳᠤ ᠰᠠᠭᠤᠭ᠎ᠠ ᠲᠥᠪ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭ᠎ᠠ ᠠᠪᠬᠤ ᠠᠯᠪᠠᠨ ᠭᠡᠷ᠂ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠪᠠ ᠺᠤᠨᠰᠦ᠋ᠯ ᠤᠨ ᠭᠠᠵᠠᠷ ᠤᠯᠤᠰ ᠤᠨ ᠲᠤᠭ ᠢ ᠬᠠᠭᠠᠰ ᠪᠠᠭᠤᠯᠭᠠᠨ ᠭᠠᠰᠢᠭᠤᠳᠠᠨ᠎ᠠ᠃ ᠡᠨᠡ ᠬᠤᠭᠤᠴᠠᠭᠠᠨ ᠳᠤ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠳᠤ ᠰᠠᠭᠤᠭ᠎ᠠ ᠲᠥᠪ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭ᠎ᠠ ᠠᠪᠬᠤ ᠠᠯᠪᠠᠨ ᠭᠡᠷ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠳᠤ ᠰᠠᠭᠤᠭ᠎ᠠ ᠲᠥᠪ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭ᠎ᠠ ᠠᠪᠬᠤ ᠠᠯᠪᠠᠨ ᠭᠡᠷ᠂ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠪᠠ ᠺᠤᠨᠰᠦ᠋ᠯ ᠤᠨ ᠭᠠᠵᠠᠷ ᠲᠤ ᠭᠠᠰᠢᠭᠤᠳᠠᠯ ᠤᠨ ᠲᠠᠩᠬᠢᠮ ᠭᠠᠷᠭᠠᠵᠤ᠂ ᠰᠢᠶᠠᠩᠭᠠᠩ ᠣᠣᠮᠧᠨ ᠣᠷᠣᠨ ᠪᠠ ᠭᠠᠳᠠᠭᠠᠳᠤ ᠬᠠᠷᠢᠯᠴᠠᠭᠠᠨ ᠤ ᠠᠵᠢᠯᠲᠠᠳ ᠤᠨ ᠰᠠᠭᠤᠭ᠎ᠠ ᠤᠯᠤᠰ ᠤᠨ ᠭᠠᠰᠢᠭᠤᠳᠠᠯ ᠢ ᠬᠦᠯᠢᠶᠡᠨ ᠠᠪᠤᠨ᠎ᠠ᠃      ︵ᠬᠤᠶᠠᠷ︶ ᠮᠠᠨ ᠤ ᠤᠯᠤᠰ ᠤᠨ ᠵᠤᠷᠰᠢᠯ ᠶᠣᠰᠣᠭᠠᠷ ᠭᠠᠳᠠᠭᠠᠳᠤ ᠤᠯᠤᠰ ᠤᠨ ᠵᠠᠰᠠᠭ ᠤᠨ ᠣᠷᠳᠣᠨ᠂ ᠲᠥᠷᠥ ᠶᠢᠨ ᠨᠠᠮ ᠪᠠ ᠨᠥᠬᠦᠷᠰᠡᠭ ᠬᠦᠮᠦᠰ ᠤᠨ ᠲᠥᠯᠥᠭᠡᠯᠡᠭᠴᠢ ᠶᠢᠨ ᠪᠦᠯᠬᠦᠮ ᠪᠤᠶᠤ ᠲᠥᠯᠥᠭᠡᠯᠡᠭᠴᠢ ᠲᠣᠮᠢᠯᠠᠨ ᠳᠤᠮᠳᠠᠳᠤ ᠤᠯᠤᠰ ᠲᠤ ᠢᠷᠡᠭᠦᠯᠦᠨ ᠭᠠᠰᠢᠭᠤᠳᠠᠬᠤ ᠠᠵᠢᠯᠯᠠᠭ᠎ᠠ ᠳᠤ ᠣᠷᠣᠯᠴᠠᠭᠤᠯᠬᠤ ᠶᠢ ᠤᠷᠢᠬᠤ ᠦᠭᠡᠢ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃                          ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ                          ᠶᠠᠪᠤᠳᠠᠯ ᠢ ᠡᠷᠬᠢᠯᠡᠬᠦ ᠭᠡᠰᠢᠭᠦᠳ ᠤᠨ ᠬᠤᠷᠠᠯ                          2022 ᠣᠨ ᠤ 11 ᠰᠠᠷ᠎ᠠ ᠶᠢᠨ 30᠎ ᠤ ᠡᠳᠦᠷ
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ