ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠮᠡᠳᠡᠭᠳᠡᠬᠦ ᠪᠢᠴᠢᠭ
ᠨᠡᠶᠢᠲᠡᠯᠡᠭᠰᠡᠨ ᠴᠠᠭ᠄
2022/12/8
     ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶ᠎ᠠ      ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ      ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶ᠎ᠠ      ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠪᠦᠬᠦ ᠤᠯᠤᠰ ᠤᠨ ᠬᠤᠷᠢᠶ᠎ᠠ      ᠳᠤᠮᠳᠠᠳᠤ ᠤᠯᠤᠰ ᠤᠨ ᠡᠪ ᠬᠠᠮᠲᠤ ᠨᠠᠮ ᠪᠠ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ      ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠮᠡᠳᠡᠭᠳᠡᠬᠦ ᠪᠢᠴᠢᠭ      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶ᠎ᠠ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠪᠦᠬᠦ ᠤᠯᠤᠰ ᠤᠨ ᠬᠤᠷᠢᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠪᠠ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠲᠦᠢᠯ ᠤᠨ ᠡᠮᠭᠡᠨᠢᠯ ᠭᠠᠰᠢᠭᠤᠳᠠᠯ ᠲᠠᠢ ᠪᠠᠷ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠵᠠᠷᠯᠠᠨ ᠮᠡᠳᠡᠭᠳᠡᠬᠦ ᠨᠢ᠄ ᠪᠢᠳᠡᠨ ᠤ ᠬᠦᠨᠳᠦᠲᠦ ᠬᠠᠶᠢᠷᠠᠲᠤ ᠵᠢᠶᠠᠩ ᠽᠧ ᠮᠢᠨ ᠨᠦᠬᠦᠷ ᠴᠢᠰᠤ ᠴᠠᠶᠢᠬᠤ ᠡᠪᠡᠳᠴᠢᠨ ᠳᠤ ᠨᠡᠷᠪᠡᠭᠳᠡᠭᠰᠡᠨ ᠤ ᠳᠡᠭᠡᠷ᠎ᠡ ᠣᠯᠠᠨ ᠴᠣᠯᠣ ᠡᠷᠬᠡᠲᠡᠨ ᠤ ᠴᠢᠳᠠᠮᠵᠢ ᠮᠠᠭᠤᠲᠠᠬᠤ ᠳᠠᠪᠬᠤᠴᠠᠭᠠᠳ᠂ ᠵᠠᠪᠳᠤᠨ ᠠᠪᠤᠷᠠᠭᠰᠠᠨ ᠪᠣᠯᠪᠠᠴᠤ ᠲᠤᠰᠠ ᠪᠣᠯᠣᠭᠰᠠᠨ ᠦᠭᠡᠢ᠂ 2022 ᠣᠨ ᠤ 11 ᠰᠠᠷ᠎ᠠ ᠶᠢᠨ 30᠎ ᠤ ᠡᠳᠦᠷ ᠤᠨ 12 ᠴᠠᠭ 13 ᠮᠢᠨᠦ᠋ᠲ ᠲᠤ ᠱᠠᠩᠬᠠᠢ ᠳᠤ ᠨᠠᠰᠤ ᠪᠠᠷᠠᠪᠠ᠂ ᠨᠠᠰᠤᠨ ᠰᠡᠭᠦᠳᠡᠷ 96᠃        ᠵᠢᠶᠠᠩ ᠽᠧ ᠮᠢᠨ ᠨᠦᠬᠦᠷ ᠪᠣᠯ ᠮᠠᠨ ᠤ ᠨᠠᠮ ᠮᠠᠨ ᠤ ᠴᠡᠷᠢᠭ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠡᠶᠢᠳᠡᠮ ᠮᠡᠳᠡᠷᠡᠭᠳᠡᠭᠰᠡᠨ ᠡᠷᠬᠢᠮ ᠳᠡᠭᠡᠳᠦ ᠨᠡᠷ᠎ᠡ ᠬᠦᠨᠳᠦ ᠲᠠᠢ ᠭᠠᠷᠮᠠᠭᠠᠢ ᠤᠳᠤᠷᠢᠳᠤᠭᠴᠢ᠂ ᠠᠭᠤᠤ ᠶᠡᠭᠡ ᠮᠠᠷᠺᠰ ᠤᠨ ᠦᠵᠡᠯᠲᠡᠨ᠂ ᠠᠭᠤᠤ ᠶᠡᠭᠡ ᠦᠭᠡᠶᠢᠭᠦᠦ ᠠᠩᠭᠢ ᠶᠢᠨ ᠬᠤᠪᠢᠰᠬᠠᠯᠴᠢ᠂ ᠤᠯᠤᠰ ᠲᠦᠷᠦᠴᠢᠨ᠂ ᠴᠡᠷᠢᠭ ᠤᠨ ᠡᠷᠳᠡᠮᠲᠡᠨ᠂ ᠭᠠᠳᠠᠭᠠᠳᠤ ᠬᠠᠷᠢᠯᠴᠠᠭᠠᠨ ᠤ ᠵᠢᠳᠬᠦᠯᠲᠡᠨ᠂ ᠤᠷᠲᠤ ᠬᠤᠭᠤᠴᠠᠭᠠᠨ ᠤ ᠰᠢᠯᠭᠠᠯᠲᠠ ᠶᠢ ᠦᠩᠭᠡᠷᠡᠭᠡᠭᠰᠡᠨ ᠡᠪ ᠬᠠᠮᠲᠤ ᠶᠣᠰᠣᠨ ᠤ ᠪᠠᠶᠢᠯᠳᠤᠭᠴᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠤᠨ ᠭᠠᠷᠮᠠᠭᠠᠢ ᠤᠳᠤᠷᠢᠳᠤᠭᠴᠢ᠂ ᠨᠠᠮ ᠤᠨ ᠭᠤᠷᠪᠠᠳᠤᠭᠠᠷ ᠦᠶ᠎ᠡ ᠶᠢᠨ ᠲᠦᠪ ᠬᠤᠷᠢᠶᠠᠨ ᠤ ᠤᠳᠤᠷᠢᠳᠬᠤ ᠬᠠᠮᠲᠤ ᠶᠢᠨ ᠭᠤᠣᠯᠯᠠᠭᠴᠢ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭᠠᠨ ᠤ ᠭᠤᠣᠯ ᠡᠭᠦᠳᠦᠭᠴᠢ ᠮᠦᠨ᠃        ᠵᠢᠶᠠᠩ ᠽᠧ ᠮᠢᠨ ᠨᠦᠬᠦᠷ ᠵᠠᠯᠠᠭᠤ ᠪᠠᠭ᠎ᠠ ᠨᠠᠰᠤᠨ ᠠᠴᠠ ᠪᠠᠨ ᠡᠬᠢᠯᠡᠨ ᠰᠢᠷᠭᠠᠭᠤ ᠬᠠᠲᠠᠭᠤᠵᠢᠯᠲᠠᠢ ᠰᠤᠷᠤᠯᠴᠠᠨ᠂ ᠦᠨᠡᠨ ᠶᠣᠰᠣ ᠶᠢ ᠬᠦᠭᠡᠭᠡᠴᠡᠯᠳᠦᠵᠦ᠂ ᠤᠯᠤᠰ ᠢᠶᠠᠨ ᠬᠠᠶᠢᠷᠠᠯᠠᠬᠤ ᠦᠵᠡᠯ ᠰᠠᠨᠠᠭ᠎ᠠ ᠪᠠ ᠠᠷᠠᠳᠴᠢᠯᠠᠭᠰᠠᠨ ᠬᠤᠪᠢᠰᠬᠠᠯ ᠤᠨ ᠦᠵᠡᠯ ᠰᠠᠨᠠᠭᠠᠨ ᠤ ᠰᠡᠩᠬᠡᠷᠡᠭᠦᠯᠦᠯ ᠢ ᠬᠦᠷᠲᠡᠭᠰᠡᠨ ᠶᠤᠮ᠃ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠬᠤ ᠬᠤᠭᠤᠴᠠᠭᠠᠨ ᠳᠠᠭᠠᠨ᠂ ᠶᠠᠫᠤᠨ ᠢ ᠡᠰᠡᠷᠭᠦᠴᠡᠵᠦ ᠤᠯᠤᠰ ᠢᠶᠠᠨ ᠬᠠᠶᠢᠷᠠᠯᠠᠬᠤ ᠬᠦᠳᠡᠯᠭᠡᠭᠡᠨ ᠳᠤ ᠢᠳᠡᠪᠬᠢᠲᠡᠢ ᠣᠷᠣᠯᠴᠠᠬᠤ ᠪᠠᠷ ᠳᠠᠮᠵᠢᠭᠠᠳ ᠵᠢᠶᠠᠩ ᠽᠧ ᠮᠢᠨ ᠨᠦᠬᠦᠷ ᠮᠠᠷᠺᠰ ᠤᠨ ᠦᠵᠡᠯ ᠤᠨ ᠶᠢᠷᠲᠢᠨᠴᠦ ᠶᠢᠨ ᠦᠵᠡᠯᠲᠡ ᠶᠢ ᠪᠣᠢ ᠪᠣᠯᠭᠠᠵᠤ᠂ ᠬᠦᠮᠦᠨ ᠤ ᠠᠮᠢᠳᠤᠷᠠᠯ ᠤᠨ ᠵᠠᠮ ᠤᠨ ᠰᠣᠩᠭᠤᠯᠲᠠ ᠶᠢ ᠪᠡᠶᠡᠯᠡᠭᠦᠯᠦᠭᠡᠳ᠂ ᠬᠠᠮᠤᠭ ᠤᠨ ᠡᠴᠦᠰ ᠲᠡᠭᠡᠨ ᠦᠨᠳᠦᠰᠦᠲᠡᠨ ᠤ ᠴᠢᠯᠦᠭᠡᠯᠡᠯᠲᠡ᠂ ᠠᠷᠠᠳ ᠲᠦᠮᠡᠨ ᠤ ᠵᠣᠯ ᠵᠢᠷᠭᠠᠯ ᠤᠨ ᠲᠦᠯᠦᠭᠡ ᠲᠡᠮᠡᠴᠡᠬᠦ ᠠᠮᠢᠳᠤᠷᠠᠬᠤᠢ ᠶᠢᠨ ᠬᠦᠰᠡᠯᠡᠩ ᠪᠠ ᠢᠲᠡᠭᠡᠯ ᠪᠢᠰᠢᠷᠡᠯ ᠢ ᠪᠣᠢ ᠪᠣᠯᠭᠠᠵᠠᠢ᠃ 1947 ᠣᠨ ᠳᠤ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠠᠴᠠ ᠲᠡᠭᠦᠰᠦᠭᠰᠡᠨ ᠤ ᠳᠠᠷᠠᠭ᠎ᠠ᠂ ᠵᠢᠶᠠᠩ ᠽᠧ ᠮᠢᠨ ᠨᠦᠬᠦᠷ ᠦᠢᠯᠡᠳᠪᠦᠷᠢ ᠳᠤ ᠣᠴᠢᠵᠤ ᠠᠵᠢᠯᠯᠠᠨ᠂ ᠠᠵᠢᠯᠴᠢᠨ ᠣᠯᠠᠨ ᠲᠦᠮᠡᠨ ᠤ ᠳᠤᠮᠳᠠ ᠪᠠᠶᠢᠭᠰᠠᠨ ᠪᠦᠭᠡᠳ ᠵᠠᠯᠠᠭᠤᠴᠤᠳ ᠤᠨ ᠬᠤᠯᠪᠣᠭᠠᠲᠤ ᠬᠤᠷᠠᠯ ᠤᠨ ᠰᠦᠨᠢ ᠶᠢᠨ ᠰᠤᠷᠭᠠᠭᠤᠯᠢ ᠶᠢᠨ ᠠᠵᠢᠯ ᠮᠡᠷᠭᠡᠵᠢᠯ ᠲᠠᠢ ᠵᠠᠯᠠᠭᠤᠴᠤᠳ ᠤᠨ ᠳᠤᠮᠳᠠ ᠬᠤᠪᠢᠰᠬᠠᠯ ᠤᠨ ᠤᠬᠠᠭᠤᠯᠭ᠎ᠠ ᠶᠢᠨ ᠠᠵᠢᠯ ᠢ ᠬᠢᠵᠦ᠂ 1949 ᠣᠨ ᠳᠤ ᠠᠵᠢᠯᠴᠢᠨ ᠣᠯᠠᠨ ᠲᠦᠮᠡᠨ ᠢ ᠵᠣᠬᠢᠶᠠᠨ ᠪᠠᠶᠢᠭᠤᠯᠤᠨ ᠦᠢᠯᠡᠳᠪᠦᠷᠢ ᠪᠠᠨ ᠬᠠᠮᠠᠭᠠᠯᠠᠬᠤ ᠠᠵᠢᠯᠯᠠᠭ᠎ᠠ ᠶᠢ ᠦᠷᠨᠢᠭᠦᠯᠵᠦ᠂ ᠱᠠᠩᠬᠠᠢ ᠶᠢᠨ ᠴᠢᠯᠦᠭᠡᠯᠡᠯᠲᠡ ᠶᠢ ᠤᠭᠲᠤᠵᠠᠢ᠃      ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠵᠢᠶᠠᠩ ᠽᠧ ᠮᠢᠨ ᠨᠦᠬᠦᠷ ᠤᠷᠢᠳ ᠬᠤᠵᠢᠳ ᠱᠠᠩᠬᠠᠢ ᠶᠢᠨ ᠢᠮᠢᠨ ᠢᠳᠡᠭᠡᠨ ᠤ ᠨᠢᠭᠡᠳᠦᠭᠡᠷ ᠦᠢᠯᠡᠳᠪᠦᠷᠢ ᠶᠢᠨ ᠨᠢᠭᠡᠳᠦᠭᠡᠷ ᠳᠡᠳ᠋ ᠳᠠᠷᠤᠭ᠎ᠠ᠂ ᠱᠠᠩᠬᠠᠢ ᠶᠢᠨ ᠰᠠᠪᠤᠩ ᠤᠨ ᠦᠢᠯᠡᠳᠪᠦᠷᠢ ᠶᠢᠨ ᠨᠢᠭᠡᠳᠦᠭᠡᠷ ᠳᠡᠳ᠋ ᠳᠠᠷᠤᠭ᠎ᠠ᠂ ᠨᠢᠭᠡᠳᠦᠭᠡᠷ ᠮᠠᠰᠢᠨ ᠮᠧᠬᠠᠨᠢᠭ ᠤᠨ ᠠᠵᠤ ᠦᠢᠯᠡᠳᠪᠦᠷᠢ ᠶᠢᠨ ᠬᠡᠯᠲᠡᠰ ᠤᠨ ᠱᠠᠩᠬᠠᠢ ᠶᠢᠨ ᠬᠤᠶᠠᠳᠤᠭᠠᠷ ᠵᠢᠷᠤᠭ ᠲᠦᠯᠦᠪᠯᠡᠭᠡᠨ ᠤ ᠬᠤᠪᠢᠶᠠᠷᠢ ᠲᠣᠪᠴᠢᠶᠠᠨ ᠤ ᠴᠠᠬᠢᠯᠭᠠᠨ ᠬᠡᠷᠡᠭᠰᠡᠯ ᠤᠨ ᠲᠤᠰᠬᠠᠢ ᠮᠡᠷᠭᠡᠵᠢᠯ ᠤᠨ ᠰᠠᠯᠠᠭᠠᠨ ᠤ ᠰᠠᠯᠠᠭᠠᠨ ᠳᠠᠷᠤᠭ᠎ᠠ ᠵᠡᠷᠭᠡ ᠲᠤᠰᠢᠶᠠᠯ ᠢ ᠡᠭᠦᠷᠭᠡᠯᠡᠵᠦ ᠦᠩᠭᠡᠷᠡᠵᠡᠢ᠃ 1954 ᠣᠨ ᠳᠤ᠂ ᠤᠯᠤᠰ ᠠᠴᠠ ᠴᠠᠩᠴᠦ᠋ᠨ ᠳᠤ ᠨᠢᠭᠡᠳᠦᠭᠡᠷ ᠮᠠᠰᠢᠨ ᠲᠡᠷᠭᠡᠨ ᠤ ᠦᠢᠯᠡᠳᠪᠦᠷᠢ ᠶᠢ ᠪᠠᠶᠢᠭᠤᠯᠬᠤ ᠦᠶ᠎ᠡ ᠳᠤ ᠶᠡᠭᠡ ᠬᠡᠮᠵᠢᠶᠡᠨ ᠤ ᠲᠤᠰᠬᠠᠢ ᠮᠡᠷᠭᠡᠵᠢᠯ ᠤᠨ ᠺᠠᠳ᠋ᠷ ᠪᠠ ᠬᠠᠮᠢᠶᠠᠷᠤᠯᠲᠠ ᠶᠢᠨ ᠺᠠᠳ᠋ᠷ ᠬᠡᠷᠡᠭᠰᠡᠬᠦ ᠲᠤᠯᠠ ᠵᠢᠶᠠᠩ ᠽᠧ ᠮᠢᠨ ᠨᠦᠬᠦᠷ ᠠᠵᠢᠯ ᠤᠨ ᠲᠣᠬᠢᠷᠠᠭᠤᠯᠤᠯᠲᠠ ᠪᠠᠷ ᠰᠢᠯᠵᠢᠨ ᠣᠴᠢᠵᠤ᠂ 1955 ᠣᠨ ᠳᠤ ᠵᠦᠪᠯᠡᠯᠲᠦ ᠬᠤᠯᠪᠤᠭᠠᠲᠤ ᠤᠯᠤᠰ ᠤᠨ ᠮᠣᠰᠺᠸᠠ ᠳᠠᠬᠢ ᠰᠲ᠋ᠠᠯᠢᠨ ᠮᠠᠰᠢᠨ ᠲᠡᠷᠭᠡᠨ ᠤ ᠦᠢᠯᠡᠳᠪᠦᠷᠢ ᠳᠤ ᠣᠴᠢᠵᠤ ᠳᠠᠳᠤᠯᠭ᠎ᠠ ᠬᠢᠪᠡ᠃ 1956 ᠣᠨ ᠳᠤ ᠤᠯᠤᠰ ᠲᠠᠭᠠᠨ ᠪᠤᠴᠠᠵᠤ ᠢᠷᠡᠭᠰᠡᠨ ᠤ ᠳᠠᠷᠠᠭ᠎ᠠ᠂ ᠵᠢᠶᠠᠩ ᠽᠧ ᠮᠢᠨ ᠨᠦᠬᠦᠷ ᠴᠠᠩᠴᠦ᠋ᠨ ᠤ ᠨᠢᠭᠡᠳᠦᠭᠡᠷ ᠮᠠᠰᠢᠨ ᠲᠡᠷᠭᠡᠨ ᠤ ᠦᠢᠯᠡᠳᠪᠦᠷᠢ ᠶᠢᠨ ᠬᠦᠳᠡᠯᠭᠡᠬᠦ ᠬᠦᠴᠦᠨ ᠤ ᠭᠠᠵᠠᠷ ᠤᠨ ᠳᠡᠳ᠋ ᠳᠠᠷᠤᠭ᠎ᠠ᠂ ᠬᠦᠳᠡᠯᠭᠡᠬᠦ ᠬᠦᠴᠦᠨ ᠤ ᠳᠡᠳ᠋ ᠶᠡᠷᠦᠩᠬᠡᠢ ᠮᠡᠷᠭᠡᠵᠢᠯᠲᠡᠨ᠂ ᠬᠦᠳᠡᠯᠭᠡᠬᠦ ᠬᠦᠴᠦᠨ ᠤ ᠬᠤᠪᠢᠶᠠᠷᠢ ᠦᠢᠯᠡᠳᠪᠦᠷᠢ ᠶᠢᠨ ᠳᠠᠷᠤᠭ᠎ᠠ ᠪᠠᠶᠢᠪᠠ᠃ 1962 ᠣᠨ ᠳᠤ᠂ ᠵᠢᠶᠠᠩ ᠽᠧ ᠮᠢᠨ ᠨᠦᠬᠦᠷ ᠨᠢᠭᠡᠳᠦᠭᠡᠷ ᠮᠠᠰᠢᠨ ᠮᠧᠬᠠᠨᠢᠭ ᠤᠨ ᠠᠵᠤ ᠦᠢᠯᠡᠳᠪᠦᠷᠢ ᠶᠢᠨ ᠬᠡᠯᠲᠡᠰ ᠤᠨ ᠱᠠᠩᠬᠠᠢ ᠶᠢᠨ ᠴᠠᠬᠢᠯᠭᠠᠨ ᠬᠡᠷᠡᠭᠰᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠪᠠᠷ ᠲᠣᠮᠢᠯᠠᠭᠳᠠᠵᠤ᠂ ᠲᠤᠰ ᠰᠤᠳᠤᠯᠬᠤ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠤᠳᠤᠷᠢᠳᠬᠤ ᠠᠵᠢᠯ ᠢ ᠬᠠᠷᠢᠭᠤᠴᠠᠪᠠ᠃ 1966 ᠣᠨ ᠳᠤ᠂ ᠵᠢᠶᠠᠩ ᠽᠧ ᠮᠢᠨ ᠨᠦᠬᠦᠷ ᠦᠬᠠᠨ ᠤ ᠢᠯᠴᠢ ᠶᠢᠨ ᠮᠠᠰᠢᠨ ᠮᠧᠬᠠᠨᠢᠭ ᠰᠤᠳᠤᠯᠬᠤ ᠭᠠᠵᠠᠷ ᠤᠨ ᠳᠠᠷᠤᠭ᠎ᠠ᠂ ᠨᠠᠮ ᠤᠨ ᠬᠤᠷᠢᠶᠠᠨ ᠤ ᠣᠷᠣᠯᠠᠭᠴᠢ ᠱᠦᠵᠢ ᠪᠣᠯᠵᠤ᠂ ᠰᠡᠭᠦᠯᠡᠷ ᠨᠢ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠤ᠂ ᠠᠲ᠋ᠣᠮ ᠤᠨ ᠡᠨᠧᠷᠭᠢ ᠶᠢᠨ ᠴᠠᠬᠢᠯᠭᠠᠨ ᠭᠠᠷᠭᠠᠬᠤ ᠲᠣᠨᠤᠭ ᠲᠦᠬᠦᠭᠡᠷᠦᠮᠵᠢ ᠶᠢ ᠵᠢᠷᠤᠵᠤ ᠲᠦᠯᠦᠪᠯᠡᠬᠦ ᠠᠵᠢᠯ ᠢ ᠵᠣᠬᠢᠶᠠᠨ ᠪᠠᠶᠢᠭᠤᠯᠪᠠ᠃ ︽ᠰᠣᠶᠣᠯ ᠤᠨ ᠶᠡᠭᠡ ᠬᠤᠪᠢᠰᠬᠠᠯ︾ ᠡᠬᠢᠯᠡᠭᠰᠡᠨ ᠤ ᠳᠠᠷᠠᠭ᠎ᠠ᠂ ᠵᠢᠶᠠᠩ ᠽᠧ ᠮᠢᠨ ᠨᠦᠬᠦᠷ ᠳᠠᠭᠠᠷᠢᠯᠲᠠ ᠳᠤ ᠤᠴᠠᠷᠠᠪᠠ᠃ 1970 ᠣᠨ ᠳᠤ᠂ ᠵᠢᠶᠠᠩ ᠽᠧ ᠮᠢᠨ ᠨᠦᠬᠦᠷ ᠨᠢᠭᠡᠳᠦᠭᠡᠷ ᠮᠠᠰᠢᠨ ᠮᠧᠬᠠᠨᠢᠭ ᠤᠨ ᠠᠵᠤ ᠦᠢᠯᠡᠳᠪᠦᠷᠢ ᠶᠢᠨ ᠬᠡᠯᠲᠡᠰ ᠲᠤ ᠰᠢᠯᠵᠢᠨ ᠠᠵᠢᠯᠯᠠᠵᠤ᠂ 1971 ᠣᠨ ᠳᠤ ᠳᠤᠮᠳᠠᠳᠤ ᠤᠯᠤᠰ ᠤᠨ ᠨᠢᠭᠡᠳᠦᠭᠡᠷ ᠮᠠᠰᠢᠨ ᠮᠧᠬᠠᠨᠢᠭ ᠤᠨ ᠠᠵᠤ ᠦᠢᠯᠡᠳᠪᠦᠷᠢ ᠶᠢᠨ ᠬᠡᠯᠲᠡᠰ ᠤᠨ ᠷᠤᠮᠠᠨᠢᠶ᠎ᠠ ᠳᠤ ᠲᠣᠮᠢᠯᠠᠨ ᠰᠠᠭᠤᠯᠭᠠᠭᠰᠠᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠶᠡᠷᠦᠩᠬᠡᠢ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ᠂ 1973 ᠣᠨ ᠳᠤ ᠤᠯᠤᠰ ᠲᠠᠭᠠᠨ ᠪᠤᠴᠠᠵᠤ ᠢᠷᠡᠭᠡᠳ ᠤᠷᠢᠳ ᠬᠤᠵᠢᠳ ᠨᠢᠭᠡᠳᠦᠭᠡᠷ ᠮᠠᠰᠢᠨ ᠮᠧᠬᠠᠨᠢᠭ ᠤᠨ ᠠᠵᠤ ᠦᠢᠯᠡᠳᠪᠦᠷᠢ ᠶᠢᠨ ᠬᠡᠯᠲᠡᠰ ᠤᠨ ᠭᠠᠳᠠᠭᠠᠳᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ 1980 ᠣᠨ ᠳᠤ᠂ ᠵᠢᠶᠠᠩ ᠽᠧ ᠮᠢᠨ ᠨᠦᠬᠦᠷ ᠤᠯᠤᠰ ᠤᠨ ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠬᠤ ᠬᠠᠮᠢᠶᠠᠷᠤᠯᠲᠠ ᠶᠢᠨ ᠵᠦᠪᠯᠡᠯ᠂ ᠤᠯᠤᠰ ᠤᠨ ᠭᠠᠳᠠᠭᠠᠲᠤ ᠤᠯᠤᠰ ᠤᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠵᠦᠪᠯᠡᠯ ᠤᠨ ᠳᠡᠳ᠋ ᠡᠷᠬᠢᠯᠡᠭᠴᠢ ᠪᠦᠭᠡᠳ ᠨᠠᠷᠢᠨ ᠪᠢᠴᠢᠭ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠤ ᠲᠤᠰᠢᠶᠠᠯ ᠢ ᠡᠭᠦᠷᠭᠡᠯᠡᠵᠦ᠂ ᠭᠤᠸᠠᠩᠳᠦ᠋ᠩ᠂ ᠹᠦᠵᠢᠶᠠᠨ ᠬᠤᠶᠠᠷ ᠮᠣᠵᠢ ᠳᠤ ᠣᠨᠴᠠᠭᠠᠢ ᠲᠦᠷᠦ ᠶᠢᠨ ᠪᠣᠳᠣᠯᠭ᠎ᠠ᠂ ᠠᠮᠢᠳᠤᠯᠢᠭ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠ ᠠᠵᠤ ᠠᠬᠤᠢ ᠶᠢᠨ ᠣᠨᠴᠠᠭᠠᠢ ᠣᠷᠣᠨ ᠢ ᠲᠤᠷᠰᠢᠨ ᠡᠷᠬᠢᠯᠡᠬᠦ ᠵᠡᠷᠭᠡ ᠪᠦᠲᠦᠭᠡᠯᠴᠢ ᠴᠢᠨᠠᠷᠲᠠᠢ ᠠᠵᠢᠯ ᠢ ᠭᠤᠣᠯᠯᠠᠨ ᠬᠠᠮᠢᠶᠠᠷᠴᠤ ᠬᠡᠷᠡᠭᠵᠢᠭᠦᠯᠪᠡ᠃ 1982 ᠣᠨ ᠳᠤ ᠵᠢᠶᠠᠩ ᠽᠧ ᠮᠢᠨ ᠨᠦᠬᠦᠷ ᠡᠯᠧᠺᠳ᠋ᠷᠣᠨ ᠠᠵᠤ ᠦᠢᠯᠡᠳᠪᠦᠷᠢ ᠶᠢᠨ ᠶᠠᠮᠤᠨ ᠤ ᠨᠢᠭᠡᠳᠦᠭᠡᠷ ᠳᠡᠳ᠋ ᠰᠠᠶᠢᠳ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠪᠣᠯᠵᠤ᠂ 1983 ᠣᠨ ᠳᠤ ᠡᠯᠧᠺᠳ᠋ᠷᠣᠨ ᠠᠵᠤ ᠦᠢᠯᠡᠳᠪᠦᠷᠢ ᠶᠢᠨ ᠶᠠᠮᠤᠨ ᠤ ᠰᠠᠶᠢᠳ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ ᠲᠤᠰᠢᠶᠠᠯ ᠢ ᠬᠠᠷᠢᠭᠤᠴᠠᠵᠤ᠂ ᠨᠠᠮ ᠤᠨ ᠤᠯᠤᠰ ᠤᠨ ᠡᠯᠧᠺᠳ᠋ᠷᠣᠨ ᠠᠵᠤ ᠦᠢᠯᠡᠳᠪᠦᠷᠢ ᠶᠢᠨ ᠬᠥᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ 1982 ᠣᠨ ᠤ 9 ᠰᠠᠷ᠎ᠠ ᠳᠤ᠂ ᠵᠢᠶᠠᠩ ᠽᠧ ᠮᠢᠨ ᠨᠦᠬᠦᠷ ᠨᠠᠮ ᠤᠨ ᠠᠷᠪᠠᠨ ᠬᠤᠶᠠᠳᠤᠭᠠᠷ ᠤᠳᠠᠭ᠎ᠠ ᠶᠢᠨ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠳᠡᠭᠡᠷ᠎ᠡ ᠲᠦᠪ ᠬᠤᠷᠢᠶᠠᠨ ᠤ ᠭᠡᠰᠢᠭᠦᠨ ᠢᠶᠠᠷ ᠰᠤᠩᠭᠤᠭᠳᠠᠪᠠ᠃      1985 ᠣᠨ ᠳᠤ ᠵᠢᠶᠠᠩ ᠽᠧ ᠮᠢᠨ ᠨᠦᠬᠦᠷ ᠱᠠᠩᠬᠠᠢ ᠬᠤᠲᠠ ᠶᠢᠨ ᠳᠠᠷᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠬᠠᠢ ᠬᠤᠲᠠ ᠶᠢᠨ ᠬᠤᠷᠢᠶᠠᠨ ᠤ ᠳᠡᠳ᠋ ᠱᠦᠵᠢ ᠶᠢᠨ ᠲᠤᠰᠢᠶᠠᠯ ᠢ ᠬᠠᠷᠢᠭᠤᠴᠠᠪᠠ᠃ 1987 ᠣᠨ ᠳᠤ᠂ ᠵᠢᠶᠠᠩ ᠽᠧ ᠮᠢᠨ ᠨᠦᠬᠦᠷ ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠦᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠳᠡᠭᠡᠷ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ ᠢᠶᠠᠷ ᠰᠤᠩᠭᠤᠭᠳᠠᠭᠰᠠᠨ ᠪᠦᠭᠡᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠬᠠᠢ ᠬᠤᠲᠠ ᠶᠢᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠪᠠ᠃ ᠱᠠᠩᠬᠠᠢ ᠬᠤᠲᠠ ᠶᠢᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠦ ᠪᠠᠶᠢᠭᠰᠠᠨ ᠬᠤᠭᠤᠴᠠᠭᠠᠨ ᠳᠤ᠂ ᠵᠢᠶᠠᠩ ᠽᠧ ᠮᠢᠨ ᠨᠦᠬᠦᠷ ᠱᠠᠩᠬᠠᠢ ᠶᠢᠨ ᠦᠷᠭᠡᠨ ᠣᠯᠠᠨ ᠺᠠᠳ᠋ᠷ ᠣᠯᠠᠨ ᠲᠦᠮᠡᠨ ᠢ ᠳᠠᠭᠠᠭᠤᠯᠤᠨ ᠴᠤᠭ ᠰᠦᠯᠳᠡ ᠪᠠᠨ ᠪᠠᠳᠠᠷᠠᠭᠤᠯᠤᠨ᠂ ᠵᠣᠷᠢᠭᠲᠠᠢ ᠰᠦᠪᠡᠭᠴᠢᠯᠡᠵᠦ᠂ ᠱᠠᠩᠬᠠᠢ ᠶᠢᠨ ᠦᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠴᠢᠬᠤᠯᠠ ᠶᠡᠭᠡ ᠰᠢᠪᠲᠤᠯᠤᠯᠲᠠ ᠭᠠᠷᠭᠠᠵᠤ᠂ ᠫᠦᠳᠦ᠋ᠩ ᠢ ᠨᠡᠭᠡᠭᠡᠨ ᠬᠦᠭᠵᠢᠭᠦᠯᠵᠦ ᠨᠡᠭᠡᠭᠡᠯᠲᠡ ᠬᠢᠬᠦ ᠳᠤ ᠬᠦᠴᠦ ᠬᠤᠷᠠᠮᠳᠤᠭᠤᠯᠤᠨ ᠠᠷᠭ᠎ᠠ ᠪᠣᠳᠣᠯᠭ᠎ᠠ ᠰᠦᠪᠡᠭᠴᠢᠯᠡᠵᠦ᠂ ᠨᠠᠮ ᠤᠨ ᠪᠠᠶᠢᠭᠤᠯᠤᠯᠲᠠ᠂ ᠤᠶᠤᠨ ᠤ ᠪᠣᠯᠪᠠᠰᠤᠨ ᠤ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ ᠶᠢᠨ ᠴᠢᠬᠤᠯᠠ ᠶᠡᠭᠡ ᠳᠠᠪᠰᠢᠯᠲᠠ ᠲᠠᠢ ᠪᠣᠯᠬᠤ ᠶᠢ ᠠᠬᠢᠭᠤᠯᠪᠠ᠃ 1989 ᠣᠨ ᠤ ᠬᠠᠪᠤᠷ ᠵᠤᠨ ᠤ ᠠᠭᠤᠯᠵᠠᠷ ᠲᠤ ᠮᠠᠨ ᠤ ᠤᠯᠤᠰ ᠲᠤ ᠬᠦᠨᠳᠦ ᠶᠡᠭᠡ ᠤᠯᠤᠰ ᠲᠦᠷᠦ ᠶᠢᠨ ᠳᠡᠪᠵᠢᠶᠡᠨ ᠡᠭᠦᠰᠦᠭᠰᠡᠨ ᠳᠤ ᠂ ᠵᠢᠶᠠᠩ ᠽᠧ ᠮᠢᠨ ᠨᠦᠬᠦᠷ ᠲᠤᠭ ᠲᠡᠮᠳᠡᠭ ᠲᠣᠳᠣᠷᠬᠠᠢ ᠪᠠᠷ ᠰᠠᠮᠠᠭᠤᠷᠠᠯ ᠢ ᠡᠰᠡᠷᠭᠦᠴᠡᠬᠦ᠂ ᠨᠡᠶᠢᠭᠡᠮ ᠵᠢᠷᠤᠮᠲᠤ ᠲᠦᠷᠦ ᠶᠢᠨ ᠡᠷᠬᠡ ᠶᠢ ᠬᠠᠮᠠᠭᠠᠯᠠᠬᠤ᠂ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠲᠤᠬᠠᠢ ᠨᠠᠮ ᠤᠨ ᠲᠦᠪ ᠬᠤᠷᠢᠶᠠᠨ ᠤ ᠵᠦᠪ ᠰᠢᠢᠳᠪᠦᠷᠢᠲᠦ ᠪᠣᠳᠣᠯᠭ᠎ᠠ ᠶᠢ ᠬᠦᠷᠢᠶᠡᠯᠡᠨ ᠬᠡᠷᠡᠭᠵᠢᠭᠦᠯᠵᠦ᠂ ᠦᠷᠭᠡᠨ ᠣᠯᠠᠨ ᠨᠠᠮ ᠤᠨ ᠭᠡᠰᠢᠭᠦᠨ᠂ ᠺᠠᠳ᠋ᠷ᠂ ᠣᠯᠠᠨ ᠲᠦᠮᠡᠨ ᠳᠤ ᠴᠢᠩᠭ᠎ᠠ ᠲᠦᠰᠢᠭᠯᠡᠨ᠂ ᠱᠠᠩᠬᠠᠢ ᠶᠢᠨ ᠲᠣᠭᠲᠠᠭᠤᠨ ᠢ ᠬᠦᠴᠦᠲᠡᠢ ᠬᠠᠮᠠᠭᠠᠯᠠᠪᠠ᠃      1989 ᠣᠨ ᠳᠤ᠂ ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠦᠪ ᠬᠤᠷᠢᠶᠠᠨ ᠤ ᠳᠦᠷᠪᠡᠳᠦᠭᠡᠷ ᠪᠦᠭᠦᠳᠡ ᠬᠤᠷᠠᠯ ᠳᠡᠭᠡᠷ᠎ᠡ ᠵᠢᠶᠠᠩ ᠽᠧ ᠮᠢᠨ ᠨᠦᠬᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠪ ᠬᠤᠷᠢᠶᠠᠨ ᠤ ᠶᠡᠷᠦᠩᠬᠡᠢ ᠱᠦᠵᠢ ᠪᠠᠷ ᠰᠤᠩᠭᠤᠭᠳᠠᠪᠠ᠃ ᠲᠤᠰ ᠵᠢᠯ ᠳᠤ᠂ ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠦᠪ ᠬᠤᠷᠢᠶᠠᠨ ᠤ ᠳᠠᠪᠤᠳᠤᠭᠠᠷ ᠪᠦᠭᠦᠳᠡ ᠬᠤᠷᠠᠯ ᠳᠡᠭᠡᠷ᠎ᠡ ᠵᠢᠶᠠᠩ ᠽᠧ ᠮᠢᠨ ᠨᠦᠬᠦᠷ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠪᠣᠯᠭᠠᠬᠤ ᠪᠠᠷ ᠲᠣᠭᠲᠠᠭᠰᠠᠨ ᠪᠠᠶᠢᠨ᠎ᠠ᠃ 1990 ᠣᠨ ᠳᠤ᠂ ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠡᠭᠡᠷ᠎ᠡ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠪᠠᠷ ᠰᠤᠩᠭᠤᠭᠳᠠᠪᠠ᠃      ᠵᠢᠶᠠᠩ ᠽᠧ ᠮᠢᠨ ᠨᠦᠬᠦᠷ ᠪᠣᠯ ᠨᠠᠮ ᠤᠨ ᠭᠤᠷᠪᠠᠳᠤᠭᠠᠷ ᠦᠶ᠎ᠡ ᠶᠢᠨ ᠲᠦᠪ ᠬᠤᠷᠢᠶᠠᠨ ᠤ ᠤᠳᠤᠷᠢᠳᠬᠤ ᠬᠠᠮᠲᠤ ᠶᠢᠨ ᠭᠤᠣᠯᠯᠠᠭᠴᠢ ᠮᠦᠨ᠃ ᠬᠤᠷᠢᠳᠤᠭᠠᠷ ᠵᠠᠭᠤᠨ ᠤ ᠨᠠᠶᠠᠭᠠᠳ ᠣᠨ ᠤ ᠰᠡᠭᠦᠯᠴᠢ ᠶᠡᠷᠡᠭᠡᠳ ᠣᠨ ᠤ ᠡᠬᠢ ᠪᠠᠷ ᠤᠯᠤᠰ ᠤᠨ ᠳᠣᠲᠣᠭᠠᠳᠤ ᠭᠠᠳᠠᠭᠠᠳᠤ ᠳᠤ ᠬᠦᠨᠳᠦ ᠨᠣᠴᠢᠲᠠᠢ ᠤᠯᠤᠰ ᠲᠦᠷᠦ ᠶᠢᠨ ᠳᠡᠪᠵᠢᠶᠡᠨ ᠡᠭᠦᠰᠴᠦ᠂ ᠳᠡᠯᠡᠬᠡᠢ ᠶᠢᠨ ᠨᠡᠶᠢᠭᠡᠮ ᠵᠢᠷᠤᠮᠲᠤ ᠪᠠᠶᠢᠭᠤᠯᠤᠯ ᠬᠦᠨᠳᠦ ᠨᠣᠴᠢᠲᠠᠢ ᠨᠤᠭᠤᠷᠠᠯ ᠪᠦᠳᠦᠷᠢᠯ ᠳᠤ ᠤᠴᠠᠷᠠᠵᠤ᠂ ᠮᠠᠨ ᠤ ᠤᠯᠤᠰ ᠤᠨ ᠨᠡᠶᠢᠭᠡᠮ ᠵᠢᠷᠤᠮ ᠤᠨ ᠦᠢᠯᠡᠰ ᠤᠨ ᠬᠥᠭᠵᠢᠯᠲᠡ ᠤᠷᠢᠳ ᠡᠮᠦᠨ᠎ᠡ ᠭᠠᠷᠤᠭ᠎ᠠ ᠦᠭᠡᠢ ᠯᠣᠲᠣ ᠶᠡᠭᠡ ᠬᠦᠴᠢᠷ ᠪᠡᠷᠬᠡᠰᠢᠶᠡᠯ ᠪᠠ ᠳᠠᠷᠤᠯᠲᠠ ᠳᠤ ᠲᠤᠯᠭᠠᠷᠠᠭᠰᠠᠨ ᠪᠠᠶᠢᠨ᠎ᠠ᠃ ᠡᠨᠡ ᠬᠦ ᠨᠠᠮ ᠪᠠ ᠤᠯᠤᠰ ᠤᠨ ᠢᠷᠡᠭᠡᠳᠦᠢ ᠶᠢᠨ ᠬᠤᠪᠢ ᠵᠠᠶᠠᠭ᠎ᠠ ᠶᠢ ᠲᠣᠭᠲᠠᠭᠠᠬᠤ ᠴᠢᠬᠤᠯᠠ ᠶᠡᠭᠡ ᠲᠡᠦᠬᠡᠨ ᠵᠠᠩᠭᠢᠯᠠᠭ᠎ᠠ ᠶᠢᠨ ᠮᠦᠴᠡ ᠳᠤ᠂ ᠵᠢᠶᠠᠩ ᠽᠧ ᠮᠢᠨ ᠨᠦᠬᠦᠷ ᠨᠠᠮ ᠤᠨ ᠲᠦᠪ ᠬᠤᠷᠢᠶᠠᠨ ᠤ ᠤᠳᠤᠷᠢᠳᠬᠤ ᠬᠠᠮᠲᠤ ᠶᠢ ᠳᠠᠭᠠᠭᠤᠯᠤᠨ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠴᠢᠩᠭ᠎ᠠ ᠲᠦᠰᠢᠭᠯᠡᠵᠦ᠂ ᠲᠤᠭ ᠲᠡᠮᠳᠡᠭ ᠲᠣᠳᠣᠷᠬᠠᠢ ᠪᠠᠷ ᠳᠦᠷᠪᠡᠨ ᠦᠨᠳᠦᠰᠦᠨ ᠵᠠᠷᠴᠢᠮ ᠢ ᠪᠠᠷᠢᠮᠲᠠᠯᠠᠨ᠂ ᠤᠯᠤᠰ ᠤᠨ ᠲᠤᠰᠠᠭᠠᠷ ᠲᠣᠭᠲᠠᠨᠢᠯ᠂ ᠨᠡᠷ᠎ᠡ ᠬᠦᠨᠳᠦ᠂ ᠠᠮᠤᠷ ᠲᠦᠪᠰᠢᠨ᠂ ᠲᠣᠭᠲᠠᠭᠤᠨ ᠢ ᠬᠠᠮᠠᠭᠠᠯᠠᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠭᠡᠬᠦ ᠡᠨᠡ ᠬᠦ ᠭᠤᠣᠯᠳᠠᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠨ᠂ ᠦᠭᠡᠷᠡᠴᠢᠯᠡᠯᠲᠡ ᠨᠡᠭᠡᠭᠡᠯᠲᠡ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠢ ᠬᠠᠮᠠᠭᠠᠯᠠᠵᠤ᠂ ᠮᠠᠨ ᠤ ᠤᠯᠤᠰ ᠤᠨ ᠦᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠨᠡᠭᠡᠭᠡᠵᠡᠢ᠃      ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠦᠪ ᠬᠤᠷᠢᠶᠠᠨ ᠤ ᠳᠦᠷᠪᠡᠳᠦᠭᠡᠷ ᠪᠦᠭᠦᠳᠡ ᠬᠤᠷᠠᠯ ᠠᠴᠠ ᠠᠪᠤᠭᠠᠳ ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ ᠪᠣᠯᠲᠠᠯᠠᠬᠢ ᠠᠷᠪᠠᠨ ᠭᠤᠷᠪᠠᠨ ᠵᠢᠯ ᠤᠨ ᠳᠣᠲᠣᠷ᠎ᠠ᠂ ᠳᠡᠯᠡᠬᠡᠢ ᠶᠢᠨ ᠪᠠᠶᠢᠳᠠᠯ ᠤᠯᠠᠷᠢᠨ ᠬᠤᠪᠢᠷᠠᠵᠤ᠂ ᠮᠠᠨ ᠤ ᠤᠯᠤᠰ ᠤᠨ ᠦᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠰᠦᠷ ᠳᠠᠯᠠᠶᠢᠴᠠᠲᠠᠢ ᠶᠠᠪᠤᠭᠳᠠᠪᠠ᠃ ᠤᠯᠤᠰ ᠤᠨ ᠳᠣᠲᠣᠭᠠᠳᠤ ᠭᠠᠳᠠᠭᠠᠲᠤ ᠶᠢᠨ ᠪᠠᠶᠢᠳᠠᠯ ᠮᠠᠰᠢ ᠪᠤᠳᠤᠯᠢᠶᠠᠨᠲᠠᠢ ᠪᠠᠶᠢᠭᠰᠠᠨ ᠪᠠᠶᠢᠳᠠᠯ ᠳᠣᠣᠷ᠎ᠠ᠂ ᠵᠢᠶᠠᠩ ᠽᠧ ᠮᠢᠨ ᠨᠦᠬᠦᠷ ᠨᠠᠮ ᠤᠨ ᠲᠦᠪ ᠬᠤᠷᠢᠶᠠᠨ ᠤ ᠤᠳᠤᠷᠢᠳᠬᠤ ᠬᠠᠮᠲᠤ ᠶᠢ ᠳᠠᠭᠠᠭᠤᠯᠤᠨ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠨᠠᠮ ᠤᠨ ᠦᠨᠳᠦᠰᠦᠨ ᠱᠣᠭᠤᠮ ᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠵᠦ᠂ ᠠᠵᠠ ᠳᠣᠬᠢᠶᠠᠯ ᠢ ᠠᠳᠬᠤᠵᠤ᠂ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠡᠭᠡᠭᠡᠯᠲᠡ ᠶᠢ ᠦᠷᠭᠡᠳᠬᠡᠵᠦ᠂ ᠬᠥᠭᠵᠢᠯᠲᠡ ᠶᠢ ᠠᠬᠢᠭᠤᠯᠤᠨ᠂ ᠲᠣᠭᠲᠠᠭᠤᠨ ᠢ ᠪᠠᠲᠤᠯᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠬᠠᠷᠠᠯᠲᠠ ᠪᠠ ᠦᠨᠳᠦᠰᠦᠨ ᠪᠦᠳᠦᠭᠦᠪᠴᠢ ᠲᠦᠰᠦᠪ ᠢ ᠲᠣᠭᠲᠠᠭᠠᠵᠤ᠂ ᠨᠡᠶᠢᠭᠡᠮ ᠵᠢᠷᠤᠮ ᠤᠨ ᠠᠩᠬᠠᠨ ᠤ ᠱᠠᠲᠤᠨ ᠤ ᠨᠡᠶᠢᠲᠡ ᠶᠢᠨ ᠦᠮᠴᠢᠯᠡᠯ ᠢᠶᠠᠷ ᠭᠤᠣᠯ ᠴᠣᠭᠴᠠ ᠪᠣᠯᠭᠠᠬᠤ᠂ ᠣᠯᠠᠨ ᠲᠦᠷᠦᠯ ᠤᠨ ᠦᠮᠴᠢᠯᠡᠯ ᠤᠨ ᠠᠵᠤ ᠠᠬᠤᠢ ᠶᠢ ᠬᠠᠮᠲᠤ ᠪᠠᠷ ᠬᠥᠭᠵᠢᠭᠦᠯᠬᠦ ᠦᠨᠳᠦᠰᠦᠨ ᠠᠵᠤ ᠠᠬᠤᠢ ᠶᠢᠨ ᠳᠦᠷᠢᠮ ᠪᠠ ᠬᠦᠳᠡᠯᠮᠦᠷᠢᠯᠡᠭᠰᠡᠨ ᠤ ᠬᠢᠷᠢ ᠪᠠᠷ ᠬᠤᠪᠢᠶᠠᠷᠢᠯᠠᠬᠤ ᠪᠠᠷ ᠭᠤᠣᠯ ᠴᠣᠭᠴᠠ ᠪᠣᠯᠭᠠᠬᠤ᠂ ᠣᠯᠠᠨ ᠵᠦᠢᠯ ᠤᠨ ᠬᠤᠪᠢᠶᠠᠷᠢᠯᠠᠯᠲᠠ ᠶᠢᠨ ᠠᠷᠭ᠎ᠠ ᠬᠡᠯᠪᠡᠷᠢ ᠵᠡᠷᠭᠡᠴᠡᠨ ᠣᠷᠣᠰᠢᠭᠰᠠᠨ ᠬᠤᠪᠢᠶᠠᠷᠢᠯᠠᠯᠲᠠ ᠶᠢᠨ ᠳᠦᠷᠢᠮ ᠢ ᠲᠣᠭᠲᠠᠭᠠᠵᠤ᠂ ᠦᠭᠡᠷᠡᠴᠢᠯᠡᠯᠲᠡ ᠬᠥᠭᠵᠢᠯᠲᠡ ᠲᠣᠭᠲᠠᠭᠤᠨ ᠢ ᠠᠬᠢᠭᠤᠯᠬᠤ ᠠᠯᠢ ᠣᠯᠠᠨ ᠴᠢᠭᠯᠡᠯᠲᠡ ᠲᠦᠷᠦ ᠶᠢᠨ ᠪᠣᠳᠣᠯᠭ᠎ᠠ ᠪᠠ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠵᠦ᠂ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ᠂ ᠤᠯᠤᠰ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ᠂ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠪᠣᠰᠣᠳ ᠡᠯ᠎ᠡ ᠲᠠᠯ᠎ᠠ ᠶᠢᠨ ᠥᠭᠡᠷᠡᠴᠢᠯᠡᠯᠲᠡ ᠶᠢ ᠡᠷᠡᠰ ᠰᠢᠭᠤᠷᠬᠠᠢ ᠠᠬᠢᠭᠤᠯᠵᠤ᠂ ᠪᠦᠬᠦ ᠲᠠᠯ᠎ᠠ ᠪᠠᠷ ᠥᠭᠡᠷᠡᠴᠢᠯᠡᠯᠲᠡ ᠨᠡᠭᠡᠭᠡᠯᠲᠡ ᠬᠢᠬᠦ ᠰᠢᠨ᠎ᠡ ᠪᠠᠶᠢᠳᠠᠯ ᠢ ᠨᠡᠭᠡᠭᠡᠵᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠦᠨᠳᠦᠰᠦᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ ︽ᠨᠠᠶᠢᠷᠠᠮᠳᠠᠯ ᠢᠶᠠᠷ ᠨᠢᠭᠡᠳᠬᠡᠬᠦ︾᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠪᠠᠷᠢᠮᠲᠠᠯᠠᠨ᠂ ᠰᠢᠶᠠᠩᠭᠠᠩ᠂ ᠣᠣᠮᠧᠨ ᠤᠷᠤᠭᠰᠢᠲᠠᠢ ᠪᠠᠷ ᠪᠤᠴᠠᠵᠤ ᠢᠷᠡᠬᠦ ᠶᠢ ᠪᠡᠶᠡᠯᠡᠭᠦᠯᠵᠦ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢ ᠪᠠᠷᠢᠮᠲᠠᠯᠠᠵᠤ᠂ ᠭᠠᠳᠠᠭᠠᠳᠤ ᠬᠠᠷᠢᠯᠴᠠᠭᠠᠨ ᠤ ᠠᠵᠢᠯ ᠤᠨ ᠴᠣ ᠰᠢᠨ᠎ᠡ ᠪᠠᠶᠢᠳᠠᠯ ᠢ ᠨᠡᠭᠡᠭᠡᠵᠦ᠂ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠠᠬᠢᠭᠤᠯᠵᠤ᠂ ᠨᠡᠶᠢᠭᠡᠮ ᠵᠢᠷᠤᠮ ᠤᠨ ᠪᠤᠳᠠᠰ ᠤᠨ ᠪᠣᠯᠪᠠᠰᠤᠨ᠂ ᠤᠯᠤᠰ ᠲᠦᠷᠦ ᠶᠢᠨ ᠪᠣᠯᠪᠠᠰᠤᠨ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠰᠢᠨ᠎ᠡ ᠠᠬᠢᠴᠠ ᠲᠠᠢ ᠪᠣᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠬᠤᠷᠢᠨ ᠨᠢᠭᠡᠳᠦᠭᠡᠷ ᠵᠠᠭᠤᠨ ᠲᠡᠶᠢᠰᠢ ᠠᠮᠵᠢᠯᠲᠠ ᠲᠠᠢ ᠪᠠᠷ ᠠᠬᠢᠭᠤᠯᠪᠠ᠃ ᠵᠢᠶᠠᠩ ᠽᠧ ᠮᠢᠨ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠭᠤᠷᠪᠠᠳᠤᠭᠠᠷ ᠦᠶ᠎ᠡ ᠶᠢᠨ ᠲᠦᠪ ᠬᠤᠷᠢᠶᠠᠨ ᠤ ᠤᠳᠤᠷᠢᠳᠬᠤ ᠬᠠᠮᠲᠤ ᠶᠢᠨ ᠤᠳᠤᠷᠢᠳᠤᠯᠭ᠎ᠠ ᠳᠣᠣᠷ᠎ᠠ᠂ ᠪᠢᠳᠡ ᠮᠠᠨ ᠤ ᠤᠯᠤᠰ ᠤᠨ ᠡᠷᠬᠡ ᠮᠡᠳᠡᠯ ᠪᠠ ᠠᠮᠤᠷ ᠲᠦᠪᠰᠢᠨ ᠳᠤ ᠬᠤᠯᠪᠣᠭᠳᠠᠬᠤ ᠠᠯᠢ ᠣᠯᠠᠨ ᠳᠡᠯᠡᠬᠡᠢ ᠶᠢᠨ ᠭᠡᠨᠡᠳᠲᠡ ᠶᠢᠨ ᠬᠡᠷᠡᠭ ᠢ ᠯᠠᠪᠳᠠᠭᠤᠨ ᠢᠶᠠᠷ ᠠᠷᠭᠠᠴᠠᠭᠠᠵᠤ᠂ ᠤᠯᠤᠰ ᠲᠦᠷᠦ᠂ ᠠᠵᠤ ᠠᠬᠤᠢ ᠶᠢᠨ ᠬᠦᠷᠢᠶ᠎ᠡ ᠴᠠᠷᠠᠭ᠎ᠠ ᠪᠠ ᠪᠠᠶᠢᠭᠠᠯᠢ ᠠᠴᠠ ᠢᠷᠡᠭᠰᠡᠨ ᠬᠦᠴᠢᠷᠳᠡᠯ ᠪᠠ ᠠᠶᠤᠯ ᠲᠦᠭᠰᠢᠭᠦᠷᠢ ᠶᠢ ᠢᠯᠠᠨ ᠳᠠᠪᠠᠵᠤ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠣᠩᠭᠤᠴᠠ ᠢᠮᠠᠭᠲᠠ ᠵᠦᠪ ᠴᠢᠭᠯᠡᠯ ᠢᠶᠠᠷ ᠳᠠᠪᠠᠯᠭᠠᠨ ᠢ ᠵᠦᠰᠦᠨ ᠤᠷᠤᠭᠰᠢᠯᠠᠬᠤ ᠶᠢ ᠪᠠᠲᠤᠯᠠᠪᠠ᠃ ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠦᠪ ᠬᠤᠷᠢᠶᠠᠨ ᠤ ᠳᠦᠷᠪᠡᠳᠦᠭᠡᠷ ᠪᠦᠭᠦᠳᠡ ᠬᠤᠷᠠᠯ ᠠᠴᠠ ᠨᠠᠭᠠᠰᠢᠬᠢ ᠠᠷᠪᠠᠨ ᠭᠤᠷᠪᠠᠨ ᠵᠢᠯ ᠳᠤ ᠮᠠᠨ ᠤ ᠨᠠᠮ ᠪᠠ ᠤᠯᠤᠰ ᠯᠣᠲᠣ ᠶᠡᠭᠡ ᠠᠮᠵᠢᠯᠲᠠ ᠪᠦᠲᠦᠮᠵᠢ ᠣᠯᠣᠭᠰᠠᠨ ᠨᠢ ᠮᠠᠷᠺᠰ ᠤᠨ ᠦᠵᠡᠯ ᠤᠨ ᠤᠯᠤᠰ ᠲᠦᠷᠦᠴᠢᠨ ᠪᠣᠯᠣᠭᠰᠠᠨ ᠵᠢᠶᠠᠩ ᠽᠧ ᠮᠢᠨ ᠨᠦᠬᠦᠷ ᠤᠨ ᠰᠢᠯᠭᠠᠷᠠᠭᠰᠠᠨ ᠡᠷᠳᠡᠮ ᠠᠤᠭ᠎ᠠ ᠪᠣᠳᠣᠯᠭ᠎ᠠ᠂ ᠵᠠᠩᠭᠢᠯᠠᠭ᠎ᠠ ᠶᠢᠨ ᠦᠢᠯᠡᠳᠦᠯ᠂ ᠬᠡᠳᠦ᠋ᠢᠳᠦᠭᠰᠡᠨ ᠤᠯᠤᠰ ᠲᠦᠷᠦ ᠶᠢᠨ ᠤᠳᠤᠷᠢᠳᠬᠤ ᠴᠢᠳᠠᠪᠤᠷᠢ ᠲᠠᠢ ᠰᠠᠯᠤᠰᠢ ᠦᠭᠡᠢ ᠶᠤᠮ᠃      ᠵᠢᠶᠠᠩ ᠽᠧ ᠮᠢᠨ ᠨᠥᠬᠦᠷ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠭᠰᠠᠨ ᠬᠤᠭᠤᠴᠠᠭᠠᠨ ᠳᠠᠭᠠᠨ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠴᠢᠬᠤᠯᠠ ᠶᠡᠭᠡ ᠬᠤᠪᠢᠷᠠᠯᠲᠠ ᠪᠠ ᠳᠡᠯᠡᠬᠡᠢ ᠶᠢᠨ ᠴᠡᠷᠢᠭ ᠤᠨ ᠶᠠᠪᠤᠳᠠᠯ ᠤᠨ ᠰᠢᠨ᠎ᠡ ᠬᠤᠪᠢᠰᠤᠯᠲᠠ ᠶᠢᠨ ᠬᠥᠭᠵᠢᠯᠲᠡ ᠶᠢᠨ ᠬᠠᠨᠳᠤᠰᠢ ᠶᠢ ᠭᠦᠨᠵᠡᠭᠡᠢ ᠠᠵᠢᠭᠯᠠᠨ ᠡᠵᠡᠮᠳᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠯᠢ ᠤᠯᠠᠨ ᠰᠢᠨ᠎ᠡ ᠨᠤᠲᠠᠯᠠᠯᠲᠠ ᠰᠢᠨ᠎ᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠮᠠᠤ ᠽᠧ ᠳ᠋ᠦᠩ ᠤᠨ ᠴᠡᠷᠢᠭ ᠤᠨ ᠶᠠᠪᠤᠳᠠᠯ ᠤᠨ ᠦᠵᠡᠯ ᠰᠠᠨᠠᠭ᠎ᠠ ᠪᠠ ᠳ᠋ᠧᠩ ᠰᠢᠶᠣᠣ ᠫᠢᠩ ᠤᠨ ᠰᠢᠨ᠎ᠡ ᠴᠠᠭ ᠦᠶ᠎ᠡ ᠶᠢᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠦᠵᠡᠯ ᠰᠠᠨᠠᠭ᠎ᠠ ᠶᠢ ᠪᠠᠶᠠᠯᠢᠭᠵᠢᠭᠤᠯᠤᠨ ᠬᠥᠭᠵᠢᠭᠦᠯᠦᠭᠡᠳ᠂ ᠵᠢᠶᠠᠩ ᠽᠧ ᠮᠢᠨ ᠤ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠦᠵᠡᠯ ᠰᠠᠨᠠᠭ᠎ᠠ ᠶᠢ ᠡᠭᠦᠳᠴᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠤᠳᠤᠷᠢᠳᠤᠭᠠᠳ ᠯᠤᠲᠤ ᠶᠡᠭᠡ ᠠᠮᠵᠢᠯᠲᠠ ᠪᠦᠲᠦᠮᠵᠢ ᠣᠯᠪᠠ᠃ ᠵᠢᠶᠠᠩ ᠽᠧ ᠮᠢᠨ ᠨᠥᠬᠦᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠪᠣᠯᠣᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠩᠭᠤᠢ ᠪᠠᠷ ᠬᠥᠭᠵᠢᠭᠦᠯᠬᠦ ᠴᠢᠭᠯᠡᠯᠲᠡ ᠶᠢ ᠪᠠᠷᠢᠮᠲᠠᠯᠠᠵᠤ᠂ ᠠᠷᠠᠳ ᠤᠨ ᠴᠡᠷᠢᠭ ᠠᠩᠭᠢ ᠶᠢᠨ ᠬᠤᠪᠢᠰᠬᠠᠯᠵᠢᠬᠤ᠂ᠣᠳᠣᠬᠢᠴᠢᠯᠠᠬᠤ᠂ ᠵᠢᠩᠬᠢᠨᠢᠴᠢᠯᠡᠬᠦ ᠪᠠᠶᠢᠭᠤᠯᠤᠯᠲᠠ ᠶᠢ ᠴᠢᠩᠭᠠᠳᠬᠠᠬᠤ ᠭᠡᠷᠡᠭᠲᠡᠢ︔ ᠤᠯᠤᠰ ᠲᠦᠷᠦ ᠶᠢᠨ ᠲᠠᠯ᠎ᠠ ᠪᠠᠷ ᠬᠢᠷᠢ ᠲᠡᠩᠴᠡᠭᠰᠡᠨ᠂ ᠴᠡᠷᠢᠭ ᠤᠨ ᠶᠠᠪᠤᠳᠠᠯ ᠤᠨ ᠲᠠᠯ᠎ᠠ ᠪᠠᠷ ᠰᠢᠯᠭᠠᠷᠠᠭᠰᠠᠨ᠂ ᠰᠤᠷᠲᠠᠯ ᠰᠢᠯᠢᠳᠡᠭ᠂ ᠰᠠᠬᠢᠯᠭ᠎ᠠ ᠪᠠᠲᠤ ᠴᠢᠩᠭ᠎ᠠ᠂ ᠪᠠᠲᠤᠯᠠᠭ᠎ᠠ ᠬᠦᠴᠦᠲᠡᠢ ᠪᠠᠶᠢᠬᠤ ᠶᠡᠷᠦᠩᠬᠡᠢ ᠱᠠᠭᠠᠷᠳᠠᠯᠭ᠎ᠠ ᠶᠣᠰᠣᠭᠠᠷ ᠪᠠᠶᠢᠯᠳᠤᠭᠠᠨ ᠳᠤ ᠢᠯᠠᠯᠲᠠ ᠣᠯᠵᠤ ᠳᠡᠶᠢᠯᠭᠦ᠂ ᠴᠢᠨᠠᠷ ᠦᠯᠦ ᠬᠤᠪᠢᠷᠠᠬᠤ ᠲᠡᠦᠬᠡᠲᠦ ᠴᠢᠨᠠᠷᠲᠠᠢ ᠬᠤᠶᠠᠷ ᠰᠡᠳᠦᠪ ᠲᠠᠢ ᠨᠢᠭᠲᠠ ᠤᠶᠠᠯᠳᠤᠭᠤᠯᠤᠨ᠂ ᠠᠷᠠᠳ ᠤᠨ ᠴᠡᠷᠢᠭ ᠠᠩᠭᠢ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠭᠡᠷᠡᠭᠳᠠᠢ︔ ᠨᠠᠮ ᠤᠨ ᠠᠷᠠᠳ ᠤᠨ ᠴᠡᠷᠢᠭ ᠠᠩᠭᠢ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠮᠠᠨ ᠤ ᠴᠡᠷᠢᠭ ᠤᠨ ᠡᠯ᠎ᠡ ᠵᠦᠢᠯ ᠤᠨ ᠪᠠᠶᠢᠭᠤᠯᠤᠯᠲᠠ ᠶᠢᠨ ᠲᠡᠷᠢᠭᠦᠨ ᠪᠠᠶᠢᠷᠢᠨ ᠳᠤ ᠲᠠᠯᠪᠢᠵᠤ᠂ ᠠᠷᠠᠳ ᠤᠨ ᠴᠡᠷᠢᠭ ᠠᠩᠭᠢ ᠶᠢᠨ ᠰᠢᠨᠵᠢ ᠴᠢᠨᠠᠷ᠂ ᠣᠣᠷ ᠴᠢᠨᠠᠷ᠂ ᠬᠡᠪ ᠰᠤᠷᠲᠠᠯ ᠢ ᠡᠭᠦᠷᠢᠳᠡ ᠬᠠᠳᠠᠭᠠᠯᠠᠬᠤ ᠭᠡᠷᠡᠭᠳᠠᠢ︔ ᠢᠳᠡᠪᠬᠢᠲᠡᠢ ᠰᠡᠷᠭᠡᠶᠢᠯᠡᠯᠲᠡ ᠬᠢᠬᠦ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠤᠨ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠤᠨ ᠶᠠᠪᠤᠳᠠᠯ ᠤᠨ ᠬᠤᠪᠢᠰᠤᠯᠲᠠ ᠶᠢ ᠠᠬᠢᠭᠤᠯᠵᠤ᠂ ᠮᠡᠳᠡᠭᠡ ᠵᠠᠩᠭᠢᠵᠢᠯᠲᠠ ᠶᠢᠨ ᠴᠡᠷᠢᠭ ᠠᠩᠭᠢ ᠶᠢ ᠪᠠᠶᠢᠭᠤᠯᠬᠤ᠂ ᠮᠡᠳᠡᠭᠡ ᠵᠠᠩᠭᠢᠵᠢᠯᠲᠠ ᠶᠢᠨ ᠲᠠᠶᠢᠨ ᠳᠤ ᠢᠯᠠᠯᠲᠠ ᠣᠯᠬᠤ ᠬᠠᠷᠠᠯᠲᠠ ᠶᠣᠰᠣᠭᠠᠷ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠢ ᠰᠢᠯᠢᠳᠡᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠮᠠᠨ ᠤ ᠴᠡᠷᠢᠭ ᠤᠨ ᠣᠳᠣᠬᠢᠴᠢᠯᠠᠯᠲᠠ ᠶᠢᠨ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠬᠦ ᠭᠡᠷᠡᠭᠳᠠᠢ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠴᠡᠷᠢᠭ ᠢ ᠴᠢᠩᠭ᠎ᠠ ᠵᠠᠰᠠᠬᠤ᠂ ᠬᠠᠤᠯᠢ ᠪᠠᠷ ᠴᠡᠷᠢᠭ ᠢ ᠵᠠᠰᠠᠬᠤ᠂ ᠠᠵᠢᠯᠴᠢ ᠠᠷᠪᠢᠴᠢ ᠪᠠᠷ ᠴᠡᠷᠢᠭ ᠢ ᠪᠠᠶᠢᠭᠤᠯᠬᠤ ᠶᠢ ᠪᠠᠷᠢᠮᠲᠠᠯᠠᠵᠤ᠂ ᠰᠢᠨ᠎ᠡ ᠲᠡᠦᠬᠡᠨ ᠨᠥᠬᠦᠴᠡᠯ ᠳᠣᠣᠷᠠᠬᠢ ᠴᠡᠷᠢᠭ ᠢ ᠵᠠᠰᠠᠬᠤ ᠣᠨᠴᠠᠯᠢᠭ ᠪᠠ ᠵᠢᠮ᠎ᠡ ᠶᠣᠰᠣ ᠶᠢ ᠰᠦᠪᠡᠭᠴᠢᠯᠡᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠮᠠᠨ ᠤ ᠴᠡᠷᠢᠭ ᠤᠨ ᠡᠯ᠎ᠡ ᠵᠦᠢᠯ ᠤᠨ ᠪᠠᠶᠢᠭᠤᠯᠤᠯᠲᠠ ᠶᠢ ᠠᠬᠢᠭᠤᠯᠬᠤ ᠭᠡᠷᠡᠭᠳᠠᠢ︔ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ ᠴᠢᠳᠠᠪᠤᠷᠢ ᠪᠠᠨ ᠨᠡᠮᠡᠭᠳᠡᠭᠦᠯᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠵᠡᠪᠰᠡᠭ ᠲᠣᠨᠣᠭᠯᠠᠯ ᠤᠨ ᠬᠥᠭᠵᠢᠯᠲᠡ ᠶᠢ ᠲᠦᠷᠭᠡᠳᠬᠡᠵᠦ᠂ ᠣᠷᠣᠭᠤᠯᠤᠯᠲᠠ ᠪᠠᠷ ᠨᠡᠯᠢᠶᠡᠳ ᠪᠠᠭ᠎ᠠ᠂ ᠦᠷ᠎ᠡ ᠠᠰᠢᠭ ᠢᠶᠠᠷ ᠨᠡᠯᠢᠶᠡᠳ ᠥᠨᠳᠥᠷ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠮ ᠢ ᠨᠡᠭᠡᠭᠡᠬᠦ ᠭᠡᠷᠡᠭᠳᠡᠢ︔ ᠡᠩ ᠤᠨ ᠦᠶ᠎ᠡ ᠪᠠ ᠲᠠᠶᠢᠨ ᠤ ᠦᠶ᠎ᠡ ᠶᠢ ᠤᠶᠠᠯᠳᠤᠭᠤᠯᠬᠤ᠂ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠤᠶᠠᠯᠳᠤᠭᠤᠯᠬᠤ᠂ ᠴᠡᠷᠢᠭ ᠤᠨ ᠬᠡᠷᠡᠭᠯᠡᠭᠡ ᠶᠢ ᠠᠷᠠᠳ ᠤᠨ ᠬᠡᠷᠡᠭᠯᠡᠭᠡ ᠶᠢᠨ ᠳᠣᠲᠣᠷ᠎ᠠ ᠠᠬᠤᠭᠤᠯᠬᠤ ᠴᠢᠭᠯᠡᠯᠲᠡ ᠶᠣᠰᠣᠭᠠᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠳᠡᠭᠡᠳᠦ ᠮᠡᠷᠭᠡᠵᠢᠯ ᠤᠨ ᠨᠥᠬᠦᠴᠡᠯ ᠳᠣᠣᠷᠠᠬᠢ ᠠᠷᠠᠳ ᠤᠨ ᠲᠠᠶᠢᠨ ᠤ ᠪᠠᠶᠢᠯᠳᠤᠬᠤ ᠪᠣᠳᠣᠯᠭ᠎ᠠ ᠪᠠᠶᠢᠯᠳᠤᠬᠤ ᠠᠷᠭ᠎ᠠ ᠶᠢ ᠬᠥᠭᠵᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠶᠤᠮ᠃ ᠡᠳᠡᠭᠡᠷ ᠪᠦᠭᠦᠨ  ᠨᠢ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠳᠤ ᠠᠯᠤᠰ ᠭᠡᠳᠦ ᠶᠢᠨ ᠵᠢᠯᠤᠭᠤᠳᠬᠤ ᠠᠴᠢ ᠬᠤᠯᠪᠣᠭᠳᠠᠯ ᠲᠠᠢ ᠶᠤᠮ᠃      ᠵᠢᠶᠠᠩ ᠽᠧ ᠮᠢᠨ ᠨᠥᠬᠦᠷ ᠮᠠᠷᠺᠰ ᠤᠨ ᠦᠵᠡᠯ ᠤᠨ ᠦᠵᠡᠯ ᠰᠠᠨᠠᠭᠠᠨ ᠤ ᠱᠤᠭᠤᠮ ᠢ ᠪᠠᠷᠢᠮᠲᠠᠯᠠᠵᠤ᠂ ᠦᠢᠯᠡᠳᠦᠯᠭᠡ ᠶᠢ ᠬᠦᠨᠳᠦᠳᠬᠡᠨ᠂ ᠤᠯᠠᠨ ᠲᠦᠮᠡᠨ ᠢ ᠭᠦᠨᠳᠦᠳᠭᠡᠵᠦ᠂ ᠴᠠᠭ ᠦᠶ᠎ᠡ ᠶᠢᠨ ᠣᠨᠴᠠᠯᠢᠭ ᠢ ᠵᠥᠪ ᠣᠨᠣᠪᠴᠢᠲᠠᠢ ᠡᠵᠡᠮᠳᠡᠨ᠂ ᠮᠠᠨ ᠤ ᠨᠠᠮ ᠤᠨ ᠣᠷᠣᠰᠢᠵᠤ ᠪᠠᠶᠢᠭ᠎ᠠ ᠲᠡᠦᠬᠡᠨ ᠣᠷᠣᠨ ᠪᠠᠶᠢᠷᠢ ᠶᠢ ᠰᠢᠨᠵᠢᠯᠡᠬᠦ ᠤᠬᠠᠭᠠᠨᠴᠢ ᠪᠠᠷ ᠮᠠᠭᠠᠳᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠡᠨᠡ ᠬᠦ ᠭᠤᠣᠯ ᠰᠡᠳᠦᠪ ᠤᠨ ᠲᠣᠭᠤᠷᠢᠨ ᠳᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠂ ᠳᠣᠲᠣᠭᠠᠳᠤ ᠵᠠᠰᠠᠭ ᠭᠠᠳᠠᠭᠠᠳᠤ ᠬᠠᠷᠢᠯᠴᠠᠭ᠎ᠠ ᠤᠯᠤᠰ ᠤᠨ ᠪᠠᠲᠤᠯᠠᠨ ᠬᠠᠮᠠᠭᠠᠯᠠᠯᠲᠠ᠂ ᠨᠠᠮ ᠢ ᠵᠠᠰᠠᠬᠤ ᠤᠯᠤᠰ ᠢ ᠵᠠᠰᠠᠬᠤ ᠴᠡᠷᠢᠭ ᠢ ᠵᠠᠰᠠᠬᠤ ᠵᠡᠷᠭᠡ ᠡᠯ᠎ᠡ ᠲᠠᠯ᠎ᠠ ᠪᠠᠷ ᠴᠥᠮ ᠠᠯᠢ ᠤᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠶᠢ ᠳᠤᠷᠠᠳᠴᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠬᠥᠲᠥᠯᠪᠦᠷᠢ᠂ ᠦᠨᠳᠦᠰᠦᠨ ᠲᠤᠷᠰᠢᠯᠭ᠎ᠠ ᠶᠢ ᠪᠠᠷᠢᠮᠲᠠᠯᠠᠨ ᠬᠥᠭᠵᠢᠭᠦᠯᠬᠦ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠶᠤᠮ᠃ ᠢᠯᠠᠩᠭᠤᠶ᠎ᠠ ᠲᠡᠷᠡ ᠪᠦᠭᠦ ᠨᠠᠮ ᠤᠨ ᠤᠶᠤᠨ ᠤᠬᠠᠭᠠᠨ ᠢ ᠲᠥᠪᠯᠡᠷᠡᠭᠦᠯᠦᠨ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠶᠢ ᠡᠭᠦᠳᠦᠨ ᠲᠣᠭᠲᠠᠭᠠᠵᠤ᠂ ᠨᠠᠮ ᠤᠨ ᠵᠢᠯᠤᠭᠤᠳᠬᠤ ᠦᠵᠡᠯ ᠰᠠᠨᠠᠭᠠᠨ ᠤ ᠲᠠᠯ᠎ᠠ ᠪᠠᠷ ᠬᠢ ᠪᠠᠰᠠ ᠨᠢᠭᠡ ᠤᠳᠠᠭ᠎ᠠ ᠶᠢᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠪᠡᠶᠡᠯᠡᠭᠦᠯᠵᠦ᠂ ᠨᠢᠭᠡᠨ ᠵᠢᠩᠬᠢᠨᠢ ᠮᠠᠷᠺᠰ ᠤᠨ ᠦᠵᠡᠯᠲᠡᠨ ᠤ ᠯᠤᠲᠤ ᠶᠡᠭᠡ ᠤᠯᠤᠰ ᠲᠦᠷᠦ ᠶᠢᠨ ᠰᠥᠰᠥ ᠵᠣᠷᠢᠭ ᠪᠠ ᠤᠨᠤᠯ ᠤᠨ ᠰᠥᠰᠥ ᠵᠣᠷᠢᠭ ᠢ ᠢᠯᠡᠷᠡᠭᠦᠯᠦᠭᠰᠡᠨ ᠪᠠᠶᠢᠨ᠎ᠠ᠃ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠨᠢ ᠮᠠᠨ ᠤ ᠨᠠᠮ ᠤᠨ ᠢᠮᠠᠭᠲᠠ ᠳᠤᠮᠳᠠᠳᠤ ᠤᠯᠤᠰ ᠤᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠱᠠᠭᠠᠷᠳᠠᠯᠭ᠎ᠠ ᠶᠢ ᠲᠥᠯᠥᠭᠡᠯᠡᠬᠦ᠂ ᠳᠤᠮᠳᠠᠳᠤ ᠤᠯᠤᠰ ᠤᠨ ᠲᠡᠷᠢᠭᠦᠨ ᠤ ᠰᠣᠶᠣᠯ ᠤᠨ ᠤᠷᠤᠭᠰᠢᠯᠠᠯᠲᠠ ᠶᠢᠨ ᠴᠢᠭᠯᠡᠯ ᠢ ᠲᠥᠯᠥᠭᠡᠯᠡᠬᠦ᠂ ᠳᠤᠮᠳᠠᠳᠤ ᠤᠯᠤᠰ ᠤᠨ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠬᠦ ᠶᠢ ᠲᠣᠪᠤᠶᠢᠯᠭᠠᠨ ᠴᠢᠬᠤᠯᠠᠴᠢᠯᠠᠵᠤ᠂ ᠬᠥᠮᠥᠨ ᠲᠥᠷᠥᠯᠬᠢᠲᠡᠨ ᠤ ᠲᠡᠦᠬᠡ ᠶᠢᠨ ᠬᠥᠭᠵᠢᠯᠲᠡ ᠲᠠᠪᠰᠢᠯᠳᠠ ᠶᠢᠨ ᠲᠦᠭᠡᠮᠡᠯ ᠵᠢᠮ᠎ᠡ ᠶᠣᠰᠣ ᠶᠢ ᠵᠢᠷᠤᠮᠯᠠᠨ᠂ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠪᠠ ᠮᠠᠨ ᠤ ᠤᠯᠤᠰ ᠤᠨ ᠨᠡᠶᠢᠭᠡᠮ ᠤᠨ ᠬᠥᠭᠵᠢᠯᠲᠡ ᠲᠠᠪᠰᠢᠯᠳᠠ ᠶᠢᠨ ᠱᠠᠭᠠᠷᠳᠠᠯᠭ᠎ᠠ ᠲᠠᠢ ᠵᠣᠬᠢᠴᠠᠵᠤ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠰᠢᠭ ᠲᠤᠰᠠ ᠪᠠ ᠬᠦᠰᠡᠯ ᠡᠷᠡᠮᠡᠯᠵᠡᠯ ᠢ ᠲᠤᠰᠬᠠᠨ᠂ ᠰᠢᠨ᠎ᠡ ᠪᠠᠶᠢᠳᠠᠯ ᠤᠨ ᠳᠣᠣᠷ᠎ᠠ ᠨᠠᠮ ᠤᠨ ᠲᠦᠷᠦ ᠪᠠᠷᠢᠬᠤ ᠴᠢᠳᠠᠪᠤᠷᠢ ᠶᠢ ᠳᠡᠭᠡᠭᠰᠢᠯᠡᠭᠦᠯᠭᠦ᠂ ᠨᠠᠮ ᠤᠨ ᠲᠦᠷᠦ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠬᠦ᠂ ᠨᠠᠮ ᠤᠨ ᠲᠦᠷᠦ ᠪᠠᠷᠢᠬᠤ ᠲᠡᠦᠬᠡᠨ ᠡᠭᠦᠷᠭᠡ ᠶᠢ ᠪᠡᠶᠡᠯᠡᠭᠦᠯᠬᠦ ᠶᠢᠨ ᠦᠨᠳᠦᠰᠦ ᠶᠢ ᠠᠳᠬᠤᠵᠤ ᠴᠢᠳᠠᠵᠠᠢ᠃ ︽ᠭᠤᠷᠪᠠ ᠶᠢ  ᠲᠥᠯᠥᠭᠡᠯᠡᠬᠦ︾ ᠴᠢᠬᠤᠯᠠ ᠦᠵᠡᠯ ᠰᠠᠨᠠᠭᠠᠨ ᠤ ᠬᠠᠮᠤᠭ ᠤᠨ ᠢᠯᠡ ᠲᠣᠳᠣ ᠣᠨᠴᠠᠯᠢᠭ ᠪᠠ ᠬᠠᠮᠤᠭ ᠤᠨ ᠲᠣᠪᠤᠶᠢᠮ᠎ᠠ ᠬᠤᠪᠢ ᠨᠡᠮᠡᠷᠢ ᠪᠣᠯ ᠠᠯᠢ ᠤᠯᠠᠨ ᠨᠢᠭᠲᠠ ᠬᠤᠯᠪᠣᠯᠳᠤᠭᠰᠠᠨ᠂ ᠬᠠᠷᠢᠯᠴᠠᠨ ᠨᠡᠪᠲᠡᠷᠡᠯᠴᠡᠭᠰᠡᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠪᠠᠷ ᠶᠠᠭᠤ ᠶᠢ ᠨᠡᠶᠢᠭᠡᠮ ᠵᠢᠷᠤᠮ ᠭᠡᠬᠦ᠂ ᠨᠡᠶᠢᠭᠡᠮ ᠵᠢᠷᠤᠮ ᠢ ᠬᠡᠷᠬᠢᠨ ᠪᠦᠲᠦᠭᠡᠨ ᠪᠠᠶᠢᠭᠤᠯᠬᠤ ᠠᠰᠠᠭᠤᠳᠠᠯ ᠳᠤ ᠤᠯᠠᠮ ᠴᠢᠨᠠᠭᠰᠢᠳᠠ ᠬᠠᠷᠢᠭᠤᠯᠲᠠ ᠥᠭᠴᠦ᠂ ᠶᠠᠮᠠᠷ ᠶᠠᠩᠵᠤ ᠶᠢᠨ ᠨᠠᠮ ᠢ ᠪᠠᠶᠢᠭᠤᠯᠬᠤ᠂ ᠨᠠᠮ ᠢ ᠬᠡᠷᠬᠢᠨ ᠪᠠᠶᠢᠭᠤᠯᠬᠤ ᠠᠰᠠᠭᠤᠳᠠᠯ ᠳᠤ ᠪᠦᠲᠦᠭᠡᠯᠴᠢ ᠴᠢᠨᠠᠷᠲᠠᠢ ᠬᠠᠷᠢᠭᠤᠯᠲᠠ ᠥᠭᠴᠦ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠤᠨᠤᠯ ᠤᠨ ᠵᠠᠯᠭᠠᠮᠵᠢᠯᠠᠯ ᠪᠠ ᠬᠥᠭᠵᠢᠭᠦᠯᠦᠯᠲᠡ ᠪᠠᠶᠢᠵᠤ᠂ ᠪᠢᠳᠡᠨ ᠤ ᠰᠢᠨ᠎ᠡ ᠴᠠᠭ ᠦᠶ᠎ᠡ ᠶᠢᠨ ᠨᠥᠬᠦᠴᠡᠯ ᠳᠣᠣᠷ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠠᠬᠢᠭᠤᠯᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠵᠢᠮ᠎ᠡ ᠶᠣᠰᠣᠨ ᠤ ᠲᠤᠬᠠᠢ ᠲᠠᠨᠢᠯᠲᠠ ᠶᠢ ᠭᠦᠨᠵᠡᠭᠡᠶᠢᠷᠡᠭᠦᠯᠦᠭᠰᠡᠨ ᠳᠤ ᠪᠠᠶᠢᠨ᠎ᠠ᠃      ᠵᠢᠶᠠᠩ ᠽᠧ ᠮᠢᠨ ᠨᠥᠬᠦᠷ ᠨᠠᠮ ᠪᠠ ᠠᠷᠠᠳ ᠲᠦᠮᠡᠨ ᠤ ᠦᠢᠯᠡᠰ ᠲᠤ ᠬᠤᠯᠪᠣᠭᠳᠠᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ ᠢ ᠪᠡᠯᠡᠳᠬᠡᠬᠦ ᠬᠤᠭᠤᠴᠠᠭᠠᠨ ᠳᠤ᠂ ᠵᠢᠶᠠᠩ ᠽᠧ ᠮᠢᠨ ᠨᠥᠬᠦᠷ ᠨᠠᠮ ᠪᠠ ᠤᠯᠤᠰ ᠭᠡᠷ ᠤᠨ ᠠᠵᠢᠯ ᠦᠢᠯᠡᠰ ᠤᠨ ᠠᠯᠤᠰ ᠭᠡᠳᠦ ᠶᠢᠨ ᠬᠥᠭᠵᠢᠯᠲᠡ ᠶᠢᠨ ᠲᠥᠯᠥᠭᠡ᠂ ᠨᠠᠮ ᠪᠠ ᠤᠯᠤᠰ ᠭᠡᠷ ᠤᠨ ᠥᠨᠢ ᠤᠳᠠᠭᠠᠨ ᠠᠮᠤᠷ ᠲᠦᠪᠰᠢᠨ ᠤ ᠲᠥᠯᠥᠭᠡ᠂ ᠲᠡᠷᠡ ᠰᠠᠨᠠᠭᠠᠴᠢᠯᠠᠭ᠎ᠠ ᠠᠴᠠ ᠪᠠᠨ ᠨᠠᠮ ᠤᠨ ᠲᠥᠪ ᠬᠤᠷᠢᠶᠠᠨ ᠤ ᠤᠳᠤᠷᠢᠳᠬᠤ ᠲᠤᠰᠢᠶᠠᠯ ᠢ ᠡᠭᠦᠷᠭᠡᠯᠡᠬᠦ ᠪᠠᠨ ᠪᠣᠯᠢᠬᠤ ᠶᠢᠨ ᠬᠠᠮᠲᠤ ᠨᠠᠮ ᠤᠨ ᠲᠥᠪ ᠬᠤᠷᠢᠶ᠎ᠠ ᠶᠢᠨ ᠭᠡᠰᠢᠭᠦᠨ ᠠᠴᠠ ᠪᠠᠨ ᠪᠠᠭᠤᠵᠤ᠂ ᠨᠠᠮ ᠪᠠ ᠲᠦᠷᠦ ᠶᠢᠨ ᠳᠡᠭᠡᠳᠦ ᠳᠠᠪᠬᠤᠷᠭ᠎ᠠ ᠶᠢᠨ ᠤᠳᠤᠷᠢᠳᠤᠯᠭ᠎ᠠ ᠶᠢᠨ ᠰᠢᠨ᠎ᠡ ᠬᠠᠭᠤᠴᠢᠨ ᠤ ᠰᠣᠯᠢᠭᠳᠠᠯ ᠢ ᠠᠬᠢᠭᠤᠯᠬᠤ ᠳᠤ ᠠᠰᠢᠭᠲᠠᠢ ᠪᠣᠯᠭᠠᠨ᠎ᠠ ᠭᠡᠵᠦ ᠳᠤᠷᠠᠳᠪᠠ᠃ ᠨᠠᠮ ᠤᠨ ᠲᠥᠪ ᠬᠤᠷᠢᠶ᠎ᠠ ᠵᠢᠶᠠᠩ ᠽᠧ ᠮᠢᠨ ᠨᠥᠬᠦᠷ ᠤᠨ ᠭᠤᠶᠤᠴᠢᠯᠠᠯ ᠢ ᠵᠥᠪᠰᠢᠶᠡᠷᠡᠪᠡ᠃ ᠲᠤᠬᠠᠢ ᠶᠢᠨ ᠦᠶ᠎ᠡ ᠶᠢᠨ ᠳᠡᠯᠡᠬᠡᠢ ᠶᠢᠨ ᠪᠠᠶᠢᠳᠠᠯ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠬᠦᠨᠳᠦ ᠨᠦᠰᠡᠷ ᠪᠠᠶᠢᠭᠰᠠᠨ ᠪᠠᠶᠢᠳᠠᠯ ᠢ ᠪᠣᠳᠣᠯᠬᠢᠯᠠᠭᠠᠳ᠂ ᠨᠠᠮ ᠤᠨ ᠠᠷᠪᠠᠨ ᠵᠢᠷᠭᠤᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠠᠴᠠ ᠵᠢᠶᠠᠩ ᠽᠧ ᠮᠢᠨ ᠨᠥᠬᠦᠷ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠶᠢᠨ ᠲᠤᠰᠢᠶᠠᠯ ᠢ ᠦᠷᠭᠦᠯᠵᠢᠯᠡᠨ ᠡᠭᠦᠷᠭᠡᠯᠡᠭᠦᠯᠬᠦ ᠪᠠᠷ ᠲᠣᠭᠲᠠᠪᠠ᠃ ᠨᠠᠮ ᠤᠨ ᠠᠷᠪᠠᠨ ᠵᠢᠷᠭᠤᠳᠤᠭᠠᠷ ᠬᠤᠭᠤᠴᠠᠭᠠᠨ ᠤ ᠲᠥᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠤᠨ ᠳᠠᠷᠠᠭ᠎ᠠ᠂ ᠵᠢᠶᠠᠩ ᠽᠧ ᠮᠢᠨ ᠨᠥᠬᠦᠷ ᠬᠤ᠋ ᠶᠢᠨ ᠲᠤᠤ ᠨᠥᠬᠦᠷ ᠢᠶᠠᠷ ᠶᠡᠷᠦᠩᠬᠡᠢ ᠱᠦᠵᠢ ᠪᠤᠯᠭᠠᠬᠰᠠᠨ ᠰᠢᠨ᠎ᠡ ᠨᠢᠭᠡ ᠬᠤᠭᠤᠴᠠᠭᠠᠨ ᠤ ᠲᠥᠪ ᠬᠤᠷᠢᠶᠠᠨ ᠤ ᠤᠳᠤᠷᠢᠳᠬᠤ ᠬᠠᠮᠲᠤ ᠶᠢᠨ ᠠᠵᠢᠯ ᠢ ᠪᠦᠭᠦ ᠬᠦᠴᠦ ᠪᠠᠷ ᠢᠶᠠᠨ ᠳᠡᠮᠵᠢᠵᠦ᠂ ᠨᠠᠮ ᠤᠨ ᠲᠥᠪ ᠬᠤᠷᠢᠶ᠎ᠠ ᠠᠴᠠ ᠲᠡᠭᠦᠨ ᠳᠤ ᠲᠤᠰᠢᠶᠠᠭᠰᠠᠨ ᠲᠤᠰᠢᠶᠠᠯ ᠬᠠᠷᠢᠭᠤᠴᠠᠯᠭ᠎ᠠ ᠪᠠᠨ ᠪᠦᠭᠦ ᠰᠡᠳᠬᠢᠯ ᠪᠦᠭᠦ ᠬᠦᠴᠦ ᠪᠠᠷ ᠢᠶᠠᠨ ᠭᠦᠢᠴᠡᠳᠬᠡᠪᠡ᠃ 2004 ᠣᠨ ᠳᠤ᠂ ᠵᠢᠶᠠᠩ ᠽᠧ ᠮᠢᠨ ᠨᠥᠬᠦᠷ ᠨᠠᠮ ᠪᠠ ᠤᠯᠤᠰ ᠤᠨ ᠠᠵᠢᠯ ᠦᠢᠯᠡᠰ ᠤᠨ ᠠᠯᠤᠰ ᠭᠡᠳᠦ ᠶᠢᠨ ᠬᠥᠭᠵᠢᠯᠲᠡ ᠶᠢᠨ ᠶᠡᠭᠡ ᠲᠠᠯ᠎ᠠ ᠠᠴᠠ ᠡᠭᠦᠰᠴᠦ᠂ ᠪᠠᠰᠠ ᠰᠠᠨᠠᠭᠠᠴᠢᠯᠠᠭ᠎ᠠ ᠠᠴᠠ ᠪᠠᠨ ᠲᠡᠭᠦᠨ ᠤ ᠡᠭᠦᠷᠭᠡᠯᠡᠭᠰᠡᠨ ᠨᠠᠮ ᠪᠠ ᠤᠯᠤᠰ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠶᠢᠨ ᠲᠤᠰᠢᠶᠠᠯ ᠠᠴᠠ ᠪᠠᠨ ᠪᠠᠭᠤᠬᠤ ᠪᠠᠷ ᠳᠤᠷᠠᠳᠤᠭᠰᠠᠨ ᠨᠢ ᠲᠡᠭᠦᠨ ᠤ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠲᠤᠬᠠᠢ ᠭᠦᠨ ᠰᠠᠨᠠᠭ᠎ᠠ ᠠᠯᠤᠰ ᠤᠨ ᠪᠣᠳᠣᠯᠬᠢᠯᠠᠯ ᠢ ᠭᠦᠢᠴᠡᠳ ᠬᠠᠷᠠᠭᠤᠯᠪᠠ᠃      ᠤᠳᠤᠷᠢᠳᠬᠤ ᠪᠠᠶᠢᠷᠢ ᠠᠴᠠ ᠪᠠᠨ ᠪᠠᠭᠤᠭᠰᠠᠨ ᠤ ᠳᠠᠷᠠᠭ᠎ᠠ᠂ ᠵᠢᠶᠠᠩ ᠽᠧ ᠮᠢᠨ ᠨᠥᠬᠦᠷ ᠨᠠᠮ ᠤᠨ ᠲᠥᠪ ᠬᠤᠷᠢᠶᠠᠨ ᠤ ᠠᠵᠢᠯ ᠢ ᠡᠷᠡᠰ ᠬᠦᠷᠢᠶᠡᠯᠡᠨ ᠳᠡᠮᠵᠢᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠢ ᠬᠠᠯᠠᠮᠵᠢᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠳᠡᠮᠵᠢᠪᠡ᠃ 2006 ᠣᠨ ᠳᠤ᠂ ᠵᠢᠶᠠᠩ ᠽᠧ ᠮᠢᠨ ᠨᠥᠬᠦᠷ ︽ᠵᠢᠶᠠᠩ ᠽᠧ ᠮᠢᠨ ᠤ ᠵᠣᠬᠢᠶᠠᠯ ᠤᠨ ᠲᠡᠭᠦᠪᠦᠷᠢ︾᠎ ᠶᠢᠨ ᠨᠢᠭᠡᠳᠦᠭᠡᠷ ᠪᠣᠳᠢ᠂ ᠬᠤᠶᠠᠳᠤᠭᠠᠷ ᠪᠣᠳᠢ᠂ ᠭᠤᠷᠪᠠᠳᠤᠭᠠᠷ ᠪᠣᠳᠢ ᠶᠢ ᠪᠡᠶ᠎ᠡ ᠪᠠᠷ ᠢᠶᠠᠨ ᠡᠷᠭᠢᠯᠡᠨ ᠨᠠᠶᠢᠷᠠᠭᠤᠯᠵᠤ ᠬᠠᠭᠤᠳᠠᠰᠤ ᠳᠠᠷᠠᠭᠠᠯᠠᠨ ᠬᠢᠨᠠᠨ ᠲᠣᠭᠲᠠᠭᠠᠪᠠ᠃ ︽ᠵᠢᠶᠠᠩ ᠽᠧ ᠮᠢᠨ ᠤ ᠵᠣᠬᠢᠶᠠᠯ ᠤᠨ ᠲᠡᠭᠦᠪᠦᠷᠢ︾᠎ ᠳᠤ ᠭᠤᠣᠯᠳᠠᠭᠤ ᠵᠢᠶᠠᠩ ᠽᠧ ᠮᠢᠨ ᠨᠥᠬᠦᠷ ᠤᠨ ᠬᠤᠷᠢᠳᠤᠭᠠᠷ ᠵᠠᠭᠤᠨ ᠤ ᠨᠠᠶᠠᠭᠠᠳ ᠣᠨ ᠤ ᠰᠡᠭᠦᠯᠴᠢ ᠠᠴᠠ ᠬᠤᠷᠢᠨ ᠨᠢᠭᠡᠳᠦᠭᠡᠷ ᠵᠠᠭᠤᠨ ᠤ ᠡᠬᠢᠨ ᠤ ᠦᠶ᠎ᠡ ᠬᠦᠷᠲᠡᠯᠡᠬᠢ ᠲᠥᠯᠥᠭᠡᠯᠡᠬᠦ ᠴᠢᠨᠠᠷᠲᠠᠢ ᠪᠠ ᠥᠪᠡᠷᠮᠢᠴᠡ ᠪᠦᠲᠦᠭᠡᠯᠴᠢ ᠴᠢᠨᠠᠷᠲᠠᠢ ᠴᠢᠬᠤᠯᠠ ᠵᠣᠬᠢᠶᠠᠯ ᠢ ᠣᠷᠣᠭᠤᠯᠵᠤ᠂ ᠪᠢᠳᠡᠨ ᠤ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠶᠢ ᠨᠡᠩ ᠭᠦᠨᠵᠡᠭᠡᠢ ᠰᠤᠷᠤᠯᠴᠠᠨ ᠣᠶᠢᠯᠠᠭᠠᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠪᠠ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ ᠦᠷᠭᠦᠯᠵᠢᠯᠡᠨ ᠠᠬᠢᠭᠤᠯᠬᠤ ᠳᠤ ᠴᠢᠬᠤᠯᠠ ᠵᠢᠭᠠᠬᠤ ᠮᠠᠲ᠋ᠧᠷᠢᠶᠠᠯ ᠢ ᠬᠠᠩᠭᠠᠭᠰᠠᠨ ᠪᠠᠶᠢᠨ᠎ᠠ᠃      ᠵᠢᠶᠠᠩ ᠽᠧ ᠮᠢᠨ ᠨᠥᠬᠦᠷ ᠬᠤᠯᠠ ᠶᠢᠨ ᠬᠠᠷᠠᠴᠠ ᠲᠠᠢ᠂ ᠴᠠᠭ ᠢ ᠦᠵᠡᠨ ᠪᠠᠶᠢᠳᠠᠯ ᠢ ᠰᠢᠨᠵᠢᠵᠦ᠂ ᠢᠮᠠᠭᠲᠠ ᠳᠤᠮᠳᠠᠳᠤ ᠤᠯᠤᠰ ᠪᠠ ᠳᠡᠯᠡᠬᠡᠢ ᠶᠢᠨ ᠬᠥᠭᠵᠢᠯᠲᠡ ᠶᠢᠨ ᠶᠡᠭᠡ ᠬᠠᠨᠳᠤᠰᠢ᠂ ᠨᠠᠮ ᠪᠠ ᠤᠯᠤᠰ ᠤᠨ ᠠᠵᠢᠯ ᠤᠨ ᠪᠦᠭᠦ ᠲᠠᠯ᠎ᠠ ᠠᠴᠠ ᠡᠭᠦᠰᠦᠨ ᠠᠰᠠᠭᠤᠳᠠᠯ ᠢ ᠠᠵᠢᠭᠯᠠᠨ ᠪᠣᠳᠣᠯᠬᠢᠯᠠᠵᠤ᠂ ᠤᠨᠤᠯ ᠤᠨ ᠰᠢᠨ᠎ᠡ ᠡᠭᠦᠳᠦᠯᠲᠡ ᠪᠠ ᠪᠤᠰᠤᠳ ᠡᠯ᠎ᠡ ᠲᠠᠯ᠎ᠠ ᠶᠢᠨ ᠰᠢᠨ᠎ᠡ ᠡᠭᠦᠳᠦᠯᠲᠡ ᠶᠢ ᠲᠠᠰᠤᠷᠠᠯᠳᠠ ᠦᠭᠡᠢ ᠠᠬᠢᠭᠤᠯᠳᠠᠭ᠃ ᠵᠢᠶᠠᠩ ᠽᠧ ᠮᠢᠨ ᠨᠥᠬᠦᠷ ᠤᠨ ᠢᠲᠡᠭᠡᠯ ᠵᠣᠷᠢᠭ ᠡᠷᠡᠰ ᠪᠠᠲᠤ᠂ ᠬᠡᠷᠡᠭ ᠶᠠᠪᠤᠳᠠᠯ ᠢ ᠰᠢᠢᠳᠪᠦᠷᠢᠯᠡᠬᠦ ᠳᠡᠭᠡᠨ ᠡᠷᠡᠰ ᠰᠢᠭᠤᠷᠬᠠᠢ᠂ ᠢᠮᠠᠭᠲᠠ ᠨᠠᠮ ᠪᠠ ᠠᠷᠠᠳ ᠲᠦᠮᠡᠨ ᠢ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠡᠪ ᠬᠠᠮᠲᠤᠴᠤᠳ ᠤᠨ ᠬᠦᠰᠡᠯᠡᠩ ᠢᠲᠡᠭᠡᠯ ᠪᠢᠰᠢᠷᠡᠯ ᠢ ᠢᠮᠠᠭᠲᠠ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠵᠠᠩᠭᠢᠯᠠᠭ᠎ᠠ ᠶᠢᠨ ᠮᠥᠴᠡ ᠳᠤ ᠡᠷᠡᠰ ᠰᠢᠭᠤᠷᠬᠠᠢ ᠰᠢᠢᠳᠪᠦᠷᠢᠲᠦ ᠪᠣᠳᠣᠯᠭ᠎ᠠ ᠭᠠᠷᠭᠠᠬᠤ ᠶᠡᠷᠦ ᠪᠤᠰᠤ ᠶᠢᠨ ᠰᠥᠰᠥ ᠵᠣᠷᠢᠭ ᠪᠠ ᠤᠨᠤᠯ ᠤᠨ ᠲᠠᠯ᠎ᠠ ᠪᠠᠷ ᠰᠢᠨ᠎ᠡ ᠶᠢ ᠡᠭᠦᠳᠭᠦ ᠠᠤᠭ᠎ᠠ ᠶᠡᠭᠡ ᠰᠥᠰᠥ ᠵᠣᠷᠢᠭ ᠲᠠᠢ ᠪᠠᠶᠢᠳᠠᠭ᠃ ᠵᠢᠶᠠᠩ ᠽᠧ ᠮᠢᠨ ᠨᠥᠬᠦᠷ ᠦᠢᠯᠡᠳᠦᠯᠭᠡ ᠶᠢ ᠭᠦᠨᠳᠦᠳᠭᠡᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠢᠮᠠᠭᠲᠠ ᠴᠠᠭ ᠦᠶ᠎ᠡ ᠶᠢᠨ ᠬᠥᠭᠵᠢᠯᠲᠡ ᠶᠢᠨ ᠰᠤᠳᠠᠰᠤ ᠪᠠ ᠲᠣᠭᠢᠶᠠᠯ ᠢ ᠴᠢᠩᠭ᠎ᠠ ᠡᠵᠡᠮᠳᠡᠵᠦ᠂ ᠨᠠᠮ ᠪᠠ ᠠᠷᠠᠳ ᠲᠦᠮᠡᠨ ᠤ ᠠᠮᠢᠳᠤ ᠪᠣᠳᠠᠲᠠᠢ ᠦᠢᠯᠡᠳᠦᠯᠭᠡ ᠠᠴᠠ ᠡᠭᠦᠰᠦᠨ ᠲᠤᠷᠰᠢᠯᠭ᠎ᠠ ᠶᠢ ᠳ᠋ᠦᠩᠨᠡᠵᠦ᠂ ᠠᠷᠭ᠎ᠠ ᠵᠠᠮ ᠡᠷᠢᠵᠦ᠂ ᠨᠠᠮ ᠪᠠ ᠤᠯᠤᠰ ᠭᠡᠷ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠪᠥᠭᠡᠳ ᠵᠠᠮ ᠨᠡᠭᠡᠭᠡᠨ ᠤᠷᠤᠭᠰᠢᠯᠠᠵᠤ ᠠᠬᠢᠭᠤᠯᠳᠠᠭ᠃ ᠵᠢᠶᠠᠩ ᠽᠧ ᠮᠢᠨ ᠨᠥᠬᠦᠷ ᠤᠯᠠᠨ ᠲᠦᠮᠡᠨ ᠢ ᠬᠦᠨᠳᠦᠳᠬᠡᠨ᠂ ᠤᠯᠠᠨ ᠲᠦᠮᠡᠨ ᠢ ᠬᠠᠯᠠᠮᠵᠢᠯᠠᠵᠤ᠂ ᠢᠮᠠᠭᠲᠠ ᠠᠷᠠᠳ ᠤᠯᠠᠨ ᠤ ᠠᠮᠤᠷ ᠲᠦᠪᠰᠢᠨ ᠠᠶᠤᠯ ᠲᠦᠭᠰᠢᠭᠦᠷᠢ ᠬᠠᠯᠠᠭᠤᠨ ᠳᠤᠯᠠᠭᠠᠨ ᠢ ᠳᠡᠭᠡᠳᠦ ᠬᠡᠮᠵᠢᠶ᠎ᠡ ᠪᠠᠷ ᠠᠩᠬᠠᠷᠴᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠦᠨᠳᠦᠰᠦᠯᠡᠨ ᠠᠵᠢᠯ ᠢᠶᠠᠨ ᠰᠢᠯᠭᠠᠨ ᠪᠠᠶᠢᠴᠠᠭᠠᠵᠤ ᠠᠬᠢᠭᠤᠯᠳᠠᠭ᠃ ᠵᠢᠶᠠᠩ ᠽᠧ ᠮᠢᠨ ᠨᠥᠬᠦᠷ ᠤᠨ ᠰᠢᠯᠢᠳᠡᠭ ᠵᠠᠩ ᠰᠤᠷᠲᠠᠯ ᠪᠠ ᠡᠷᠬᠢᠮ ᠳᠡᠭᠡᠳᠦ ᠬᠡᠪ ᠰᠤᠷᠲᠠᠯ ᠨᠢ ᠪᠢᠳᠡᠨ ᠢ ᠥᠨᠢ ᠡᠭᠦᠷᠢᠳᠡ ᠬᠥᠮᠥᠵᠢᠭᠦᠯᠦᠨ ᠵᠣᠷᠢᠭᠵᠢᠭᠤᠯᠵᠤ ᠤᠷᠤᠭᠰᠢᠯᠠᠭᠤᠯᠤᠨ᠎ᠠ᠃      ᠵᠢᠶᠠᠩ ᠽᠧ ᠮᠢᠨ ᠨᠥᠬᠦᠷ ᠤᠨ ᠨᠠᠰᠤ ᠪᠠᠷᠠᠭᠰᠠᠨ ᠶᠠᠪᠤᠳᠠᠯ ᠨᠢ ᠮᠠᠨ ᠤ ᠨᠠᠮ ᠮᠠᠨ ᠤ ᠴᠡᠷᠢᠭ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠡᠮᠵᠢᠶᠡᠯᠡᠰᠢ ᠦᠭᠡᠢ ᠬᠤᠬᠢᠷᠠᠯ ᠪᠣᠯᠤᠭᠰᠠᠨ ᠶᠤᠮ᠃ ᠨᠠᠮ ᠤᠨ ᠲᠥᠪ ᠬᠤᠷᠢᠶ᠎ᠠ ᠠᠴᠠ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠡᠮᠭᠡᠨᠢᠯ ᠢᠶᠠᠨ ᠬᠦᠴᠦᠨ ᠴᠢᠳᠠᠯ ᠪᠣᠯᠭᠠᠨ ᠬᠤᠪᠢᠷᠠᠭᠤᠯᠵᠤ᠂ ᠵᠢᠶᠠᠩ ᠽᠧ ᠮᠢᠨ ᠨᠥᠬᠦᠷ ᠤᠨ ᠭᠡᠷᠢᠶᠡᠰ ᠵᠣᠷᠢᠭ ᠢ ᠵᠠᠯᠭᠠᠮᠵᠢᠯᠠᠨ᠂ ᠪᠣᠳᠠᠲᠤ ᠠᠵᠢᠯᠯᠠᠭ᠎ᠠ ᠪᠠᠷ ᠢᠶᠠᠨ ᠭᠠᠰᠢᠭᠤᠳᠠᠯ ᠢᠶᠠᠨ ᠢᠯᠡᠳᠬᠡᠬᠦ ᠶᠢ ᠤᠷᠢᠶᠠᠯᠠᠵᠤ ᠪᠠᠶᠢᠨ᠎ᠠ᠃      ᠪᠢᠳᠡ ᠡᠷᠬᠡᠪᠰᠢ ᠨᠡᠩ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠪᠦᠯᠬᠦᠮᠳᠡᠵᠦ ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠭᠰᠠᠨ︾᠎ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠵᠤ᠂ ᠮᠠᠨ ᠤ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠠᠬᠢᠭᠤᠯᠬᠤ ᠬᠡᠷᠡᠭᠲᠡᠢ᠃      ᠪᠢᠳᠡ ᠡᠷᠬᠡᠪᠰᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠪᠠᠨ ᠴᠢᠯᠦᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠣᠨᠣᠯ ᠤᠨ ᠰᠦᠪᠡᠭᠴᠢᠯᠡᠯᠲᠡ ᠪᠠ ᠰᠢᠨ᠎ᠡ ᠶᠢ ᠡᠭᠦᠳᠭᠦ ᠶᠢ ᠵᠣᠷᠢᠭᠲᠠᠢ ᠪᠠᠷ ᠥᠷᠨᠢᠭᠦᠯᠵᠦ᠂ ᠰᠢᠨ᠎ᠡ ᠴᠠᠭ ᠦᠶ᠎ᠡ ᠶᠢᠨ ᠠᠭᠤᠤ ᠶᠡᠭᠡ ᠦᠢᠯᠡᠳᠦᠯᠭᠡ ᠶᠢᠨ ᠳᠤᠮᠳᠠ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠲᠠᠰᠤᠷᠠᠯᠲᠠ ᠦᠭᠡᠢ ᠨᠡᠭᠡᠭᠡᠵᠦ᠂ ᠣᠳᠣ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ ᠤᠨ ᠦᠨᠡᠨ ᠶᠣᠰᠣᠨ ᠤ ᠭᠡᠷᠡᠯ ᠭᠢᠯᠪᠠᠭ᠎ᠠ ᠶᠢ ᠰᠠᠴᠤᠷᠠᠭᠤᠯᠬᠤ ᠬᠡᠷᠡᠭᠲᠡᠢ᠃      ᠪᠢᠳᠠ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠵᠤ᠂ ᠤᠯᠤᠰ ᠪᠠ ᠦᠨᠳᠦᠰᠦᠲᠡᠨ ᠤ ᠬᠥᠭᠵᠢᠯᠲᠡ ᠶᠢ ᠥᠪᠡᠷ ᠤᠨ ᠬᠦᠴᠦᠨ ᠤ ᠪᠠᠨ ᠦᠨᠳᠦᠰᠦᠨ ᠴᠡᠭ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠵᠦ᠂ ᠪᠦᠯᠬᠦᠮᠳᠡᠨ ᠨᠢᠭᠡᠳᠴᠦ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠶᠢ ᠡᠭᠦᠳᠭᠦ ᠬᠡᠷᠡᠭᠲᠡᠢ᠃      ᠪᠢᠳᠡ ᠡᠷᠬᠡᠪᠰᠢ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠤᠯᠠᠨ ᠲᠦᠮᠡᠨᠴᠢ ᠦᠵᠡᠯᠲᠡ ᠶᠢ ᠪᠠᠲᠤ ᠪᠤᠢ ᠪᠤᠯᠭᠠᠵᠤ᠂ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠵᠤ᠂ ᠠᠷᠠᠳ ᠲᠦᠮᠡᠨ ᠤ ᠪᠦᠲᠦᠭᠡᠯᠴᠢ ᠵᠣᠷᠢᠭ ᠰᠠᠨᠠᠭ᠎ᠠ ᠶᠢ ᠭᠦᠨᠳᠦᠳᠭᠡᠵᠦ᠂ ᠠᠯᠢᠪᠠ ᠪᠦᠭᠦᠨ ᠳᠤ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠭᠦᠨ ᠳᠤ ᠠᠷᠠᠳ ᠲᠦᠮᠡᠨ ᠳᠤ ᠲᠦᠰᠢᠭᠯᠡᠬᠦ᠂ ᠤᠯᠠᠨ ᠲᠦᠮᠡᠨ ᠤ ᠳᠤᠮᠳᠠ ᠠᠴᠠ ᠢᠷᠡᠵᠦ ᠤᠯᠠᠨ ᠲᠦᠮᠡᠨ ᠤ ᠳᠤᠮᠳᠠ ᠣᠴᠢᠬᠤ ᠶᠢ ᠪᠠᠷᠢᠮᠲᠠᠯᠠᠵᠤ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠪᠠᠷᠢᠯᠳᠤᠯᠭ᠎ᠠ ᠪᠠᠨ ᠢᠮᠠᠭᠲᠠ ᠪᠠᠲᠤᠯᠠᠵᠤ᠂ ᠢᠮᠠᠭᠲᠠ ᠠᠷᠠᠳ ᠲᠦᠮᠡᠨ ᠯᠦᠭᠡ ᠠᠮᠢᠰᠬᠤᠭ᠎ᠠ ᠪᠠᠨ ᠨᠢᠭᠡᠳᠬᠡᠨ᠂ ᠬᠤᠪᠢ ᠵᠠᠶᠠᠭ᠎ᠠ ᠪᠠᠨ ᠬᠠᠮᠲᠤᠳᠬᠠᠵᠤ᠂ ᠰᠡᠳᠬᠢᠯ ᠵᠢᠷᠦᠬᠡ ᠪᠠᠨ ᠬᠤᠯᠪᠣᠬᠤ ᠬᠡᠷᠡᠭᠲᠡᠢ᠃      ᠪᠢᠳᠡ ᠡᠷᠬᠡᠪᠰᠢ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠶᠢ ᠴᠢᠷᠮᠠᠶᠢᠨ ᠰᠤᠷᠤᠯᠴᠠᠵᠤ᠂ ᠵᠢᠶᠠᠩ ᠽᠧ ᠮᠢᠨ ᠨᠥᠬᠦᠷ ᠤᠨ ᠬᠤᠪᠢᠰᠬᠠᠯᠲᠤ ᠵᠣᠷᠢᠭ ᠰᠠᠨᠠᠭ᠎ᠠ ᠪᠠ ᠬᠤᠪᠢᠰᠬᠠᠯᠲᠤ ᠬᠡᠪ ᠰᠤᠷᠲᠠᠯ ᠢ ᠰᠤᠷᠤᠯᠴᠠᠵᠤ᠂ ᠲᠡᠭᠦᠨ ᠤ ᠮᠠᠷᠺᠰ ᠤᠨ ᠦᠵᠡᠯ ᠤᠨ ᠵᠣᠭᠰᠣᠯᠲᠠ᠂ ᠦᠵᠡᠯᠲᠡ᠂ ᠠᠷᠭ᠎ᠠ ᠪᠠᠷ ᠰᠢᠨ᠎ᠡ ᠪᠠᠶᠢᠳᠠᠯ ᠢ ᠰᠤᠳᠤᠯᠵᠤ᠂ ᠰᠢᠨ᠎ᠡ ᠠᠰᠠᠭᠤᠳᠠᠯ ᠢ ᠰᠢᠢᠳᠪᠦᠷᠢᠯᠡᠬᠦ ᠰᠢᠨᠵᠢᠯᠡᠬᠦ ᠤᠬᠠᠭᠠᠨᠴᠢ ᠣᠪᠣᠷ ᠪᠠ ᠪᠦᠲᠦᠭᠡᠯᠴᠢ ᠵᠣᠷᠢᠭ ᠰᠠᠨᠠᠭ᠎ᠠ ᠶᠢ ᠰᠤᠷᠤᠯᠴᠠᠵᠤ᠂ ᠮᠠᠨ ᠤ ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠪᠣᠯᠭᠠᠨ ᠪᠦᠲᠦᠭᠡᠨ ᠪᠠᠶᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ᠃      ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠦᠢᠯᠡᠰ ᠲᠤ ᠵᠢᠶᠠᠩ ᠽᠧ ᠮᠢᠨ ᠨᠥᠬᠦᠷ ᠢ ᠪᠠᠭᠲᠠᠭᠠᠭᠰᠠᠨ ᠦᠶ᠎ᠡ ᠦᠶ᠎ᠡ ᠶᠢᠨ ᠡᠪ  ᠬᠠᠮᠲᠤᠴᠤᠳ ᠤᠨ ᠬᠥᠯᠥᠰᠦ ᠭᠦᠳᠡᠯᠮᠦᠷᠢ ᠪᠠ ᠲᠡᠮᠡᠴᠡᠯ ᠠᠬᠤᠭᠤᠯᠤᠭᠳᠠᠵᠤ ᠪᠠᠶᠢᠳᠠᠭ᠃ ᠤᠷᠤᠭᠰᠢᠯᠠᠯᠲᠠ ᠶᠢᠨ ᠵᠠᠮ ᠳᠡᠭᠡᠷ᠎ᠡ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠰᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠮᠡᠬᠡᠶᠢᠯᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ᠃      ᠵᠢᠶᠠᠩ ᠽᠧ ᠮᠢᠨ ᠨᠥᠬᠦᠷ ᠥᠨᠢᠳᠡ ᠪᠠᠯᠠᠷᠠᠰᠢ ᠦᠭᠡᠢ︕
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ