| | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶ᠎ᠠ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶ᠎ᠠ | ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠪᠦᠬᠦ ᠤᠯᠤᠰ ᠤᠨ ᠬᠤᠷᠢᠶ᠎ᠠ | ᠳᠤᠮᠳᠠᠳᠤ ᠤᠯᠤᠰ ᠤᠨ ᠡᠪ ᠬᠠᠮᠲᠤ ᠨᠠᠮ ᠪᠠ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠠᠴᠠ | | ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠮᠡᠳᠡᠭᠳᠡᠬᠦ ᠪᠢᠴᠢᠭ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶ᠎ᠠ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶ᠎ᠠ᠂ | ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠪᠦᠬᠦ ᠤᠯᠤᠰ ᠤᠨ ᠬᠤᠷᠢᠶ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠪᠠ ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠲᠦᠢᠯ ᠤᠨ ᠡᠮᠭᠡᠨᠢᠯ ᠭᠠᠰᠢᠭᠤᠳᠠᠯ ᠲᠠᠢ ᠪᠠᠷ ᠪᠦᠬᠦ ᠨᠠᠮ ᠪᠦᠬᠦ ᠴᠡᠷᠢᠭ | ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠵᠠᠷᠯᠠᠨ ᠮᠡᠳᠡᠭᠳᠡᠬᠦ ᠨᠢ᠄ ᠪᠢᠳᠡᠨ ᠤ ᠬᠦᠨᠳᠦᠲᠦ ᠬᠠᠶᠢᠷᠠᠲᠤ ᠵᠢᠶᠠᠩ ᠽᠧ ᠮᠢᠨ ᠨᠦᠬᠦᠷ ᠴᠢᠰᠤ | ᠴᠠᠶᠢᠬᠤ ᠡᠪᠡᠳᠴᠢᠨ ᠳᠤ ᠨᠡᠷᠪᠡᠭᠳᠡᠭᠰᠡᠨ ᠤ ᠳᠡᠭᠡᠷ᠎ᠡ ᠣᠯᠠᠨ ᠴᠣᠯᠣ ᠡᠷᠬᠡᠲᠡᠨ ᠤ ᠴᠢᠳᠠᠮᠵᠢ ᠮᠠᠭᠤᠲᠠᠬᠤ ᠳᠠᠪᠬᠤᠴᠠᠭᠠᠳ᠂ ᠵᠠᠪᠳᠤᠨ ᠠᠪᠤᠷᠠᠭᠰᠠᠨ ᠪᠣᠯᠪᠠᠴᠤ ᠲᠤᠰᠠ | ᠪᠣᠯᠣᠭᠰᠠᠨ ᠦᠭᠡᠢ᠂ 2022 ᠣᠨ ᠤ 11 ᠰᠠᠷ᠎ᠠ ᠶᠢᠨ 30 ᠤ ᠡᠳᠦᠷ ᠤᠨ 12 ᠴᠠᠭ 13 ᠮᠢᠨᠦ᠋ᠲ ᠲᠤ ᠱᠠᠩᠬᠠᠢ ᠳᠤ ᠨᠠᠰᠤ ᠪᠠᠷᠠᠪᠠ᠂ ᠨᠠᠰᠤᠨ ᠰᠡᠭᠦᠳᠡᠷ 96᠃ | | ᠵᠢᠶᠠᠩ ᠽᠧ ᠮᠢᠨ ᠨᠦᠬᠦᠷ ᠪᠣᠯ ᠮᠠᠨ ᠤ ᠨᠠᠮ ᠮᠠᠨ ᠤ ᠴᠡᠷᠢᠭ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠡᠶᠢᠳᠡᠮ | ᠮᠡᠳᠡᠷᠡᠭᠳᠡᠭᠰᠡᠨ ᠡᠷᠬᠢᠮ ᠳᠡᠭᠡᠳᠦ ᠨᠡᠷ᠎ᠡ ᠬᠦᠨᠳᠦ ᠲᠠᠢ ᠭᠠᠷᠮᠠᠭᠠᠢ ᠤᠳᠤᠷᠢᠳᠤᠭᠴᠢ᠂ ᠠᠭᠤᠤ ᠶᠡᠭᠡ ᠮᠠᠷᠺᠰ ᠤᠨ ᠦᠵᠡᠯᠲᠡᠨ᠂ ᠠᠭᠤᠤ ᠶᠡᠭᠡ ᠦᠭᠡᠶᠢᠭᠦᠦ ᠠᠩᠭᠢ ᠶᠢᠨ | ᠬᠤᠪᠢᠰᠬᠠᠯᠴᠢ᠂ ᠤᠯᠤᠰ ᠲᠦᠷᠦᠴᠢᠨ᠂ ᠴᠡᠷᠢᠭ ᠤᠨ ᠡᠷᠳᠡᠮᠲᠡᠨ᠂ ᠭᠠᠳᠠᠭᠠᠳᠤ ᠬᠠᠷᠢᠯᠴᠠᠭᠠᠨ ᠤ ᠵᠢᠳᠬᠦᠯᠲᠡᠨ᠂ ᠤᠷᠲᠤ ᠬᠤᠭᠤᠴᠠᠭᠠᠨ ᠤ ᠰᠢᠯᠭᠠᠯᠲᠠ ᠶᠢ | ᠦᠩᠭᠡᠷᠡᠭᠡᠭᠰᠡᠨ ᠡᠪ ᠬᠠᠮᠲᠤ ᠶᠣᠰᠣᠨ ᠤ ᠪᠠᠶᠢᠯᠳᠤᠭᠴᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠤᠨ ᠭᠠᠷᠮᠠᠭᠠᠢ | ᠤᠳᠤᠷᠢᠳᠤᠭᠴᠢ᠂ ᠨᠠᠮ ᠤᠨ ᠭᠤᠷᠪᠠᠳᠤᠭᠠᠷ ᠦᠶ᠎ᠡ ᠶᠢᠨ ᠲᠦᠪ ᠬᠤᠷᠢᠶᠠᠨ ᠤ ᠤᠳᠤᠷᠢᠳᠬᠤ ᠬᠠᠮᠲᠤ ᠶᠢᠨ ᠭᠤᠣᠯᠯᠠᠭᠴᠢ᠂ ︽ᠭᠤᠷᠪᠠ ᠶᠢ ᠲᠦᠯᠦᠭᠡᠯᠡᠬᠦ︾ ᠴᠢᠬᠤᠯᠠ | ᠦᠵᠡᠯ ᠰᠠᠨᠠᠭᠠᠨ ᠤ ᠭᠤᠣᠯ ᠡᠭᠦᠳᠦᠭᠴᠢ ᠮᠦᠨ᠃ | ᠵᠢᠶᠠᠩ ᠽᠧ ᠮᠢᠨ ᠨᠦᠬᠦᠷ ᠵᠠᠯᠠᠭᠤ ᠪᠠᠭ᠎ᠠ ᠨᠠᠰᠤᠨ ᠠᠴᠠ ᠪᠠᠨ ᠡᠬᠢᠯᠡᠨ ᠰᠢᠷᠭᠠᠭᠤ ᠬᠠᠲᠠᠭᠤᠵᠢᠯᠲᠠᠢ ᠰᠤᠷᠤᠯᠴᠠᠨ᠂ ᠦᠨᠡᠨ ᠶᠣᠰᠣ ᠶᠢ ᠬᠦᠭᠡᠭᠡᠴᠡᠯᠳᠦᠵᠦ᠂ | ᠤᠯᠤᠰ ᠢᠶᠠᠨ ᠬᠠᠶᠢᠷᠠᠯᠠᠬᠤ ᠦᠵᠡᠯ ᠰᠠᠨᠠᠭ᠎ᠠ ᠪᠠ ᠠᠷᠠᠳᠴᠢᠯᠠᠭᠰᠠᠨ ᠬᠤᠪᠢᠰᠬᠠᠯ ᠤᠨ ᠦᠵᠡᠯ ᠰᠠᠨᠠᠭᠠᠨ ᠤ ᠰᠡᠩᠬᠡᠷᠡᠭᠦᠯᠦᠯ ᠢ ᠬᠦᠷᠲᠡᠭᠰᠡᠨ ᠶᠤᠮ᠃ ᠶᠡᠭᠡ | ᠰᠤᠷᠭᠠᠭᠤᠯᠢ ᠳᠤ ᠰᠤᠷᠤᠯᠴᠠᠵᠤ ᠪᠠᠶᠢᠬᠤ ᠬᠤᠭᠤᠴᠠᠭᠠᠨ ᠳᠠᠭᠠᠨ᠂ ᠶᠠᠫᠤᠨ ᠢ ᠡᠰᠡᠷᠭᠦᠴᠡᠵᠦ ᠤᠯᠤᠰ ᠢᠶᠠᠨ ᠬᠠᠶᠢᠷᠠᠯᠠᠬᠤ ᠬᠦᠳᠡᠯᠭᠡᠭᠡᠨ ᠳᠤ ᠢᠳᠡᠪᠬᠢᠲᠡᠢ | ᠣᠷᠣᠯᠴᠠᠬᠤ ᠪᠠᠷ ᠳᠠᠮᠵᠢᠭᠠᠳ ᠵᠢᠶᠠᠩ ᠽᠧ ᠮᠢᠨ ᠨᠦᠬᠦᠷ ᠮᠠᠷᠺᠰ ᠤᠨ ᠦᠵᠡᠯ ᠤᠨ ᠶᠢᠷᠲᠢᠨᠴᠦ ᠶᠢᠨ ᠦᠵᠡᠯᠲᠡ ᠶᠢ ᠪᠣᠢ ᠪᠣᠯᠭᠠᠵᠤ᠂ ᠬᠦᠮᠦᠨ ᠤ ᠠᠮᠢᠳᠤᠷᠠᠯ ᠤᠨ | ᠵᠠᠮ ᠤᠨ ᠰᠣᠩᠭᠤᠯᠲᠠ ᠶᠢ ᠪᠡᠶᠡᠯᠡᠭᠦᠯᠦᠭᠡᠳ᠂ ᠬᠠᠮᠤᠭ ᠤᠨ ᠡᠴᠦᠰ ᠲᠡᠭᠡᠨ ᠦᠨᠳᠦᠰᠦᠲᠡᠨ ᠤ ᠴᠢᠯᠦᠭᠡᠯᠡᠯᠲᠡ᠂ ᠠᠷᠠᠳ ᠲᠦᠮᠡᠨ ᠤ ᠵᠣᠯ ᠵᠢᠷᠭᠠᠯ ᠤᠨ ᠲᠦᠯᠦᠭᠡ | ᠲᠡᠮᠡᠴᠡᠬᠦ ᠠᠮᠢᠳᠤᠷᠠᠬᠤᠢ ᠶᠢᠨ ᠬᠦᠰᠡᠯᠡᠩ ᠪᠠ ᠢᠲᠡᠭᠡᠯ ᠪᠢᠰᠢᠷᠡᠯ ᠢ ᠪᠣᠢ ᠪᠣᠯᠭᠠᠵᠠᠢ᠃ 1947 ᠣᠨ ᠳᠤ ᠱᠠᠩᠬᠠᠢ ᠶᠢᠨ ᠵᠠᠮ ᠬᠠᠷᠢᠯᠴᠠᠭᠠᠨ ᠤ ᠶᠡᠭᠡ | ᠰᠤᠷᠭᠠᠭᠤᠯᠢ ᠠᠴᠠ ᠲᠡᠭᠦᠰᠦᠭᠰᠡᠨ ᠤ ᠳᠠᠷᠠᠭ᠎ᠠ᠂ ᠵᠢᠶᠠᠩ ᠽᠧ ᠮᠢᠨ ᠨᠦᠬᠦᠷ ᠦᠢᠯᠡᠳᠪᠦᠷᠢ ᠳᠤ ᠣᠴᠢᠵᠤ ᠠᠵᠢᠯᠯᠠᠨ᠂ ᠠᠵᠢᠯᠴᠢᠨ ᠣᠯᠠᠨ ᠲᠦᠮᠡᠨ ᠤ ᠳᠤᠮᠳᠠ | ᠪᠠᠶᠢᠭᠰᠠᠨ ᠪᠦᠭᠡᠳ ᠵᠠᠯᠠᠭᠤᠴᠤᠳ ᠤᠨ ᠬᠤᠯᠪᠣᠭᠠᠲᠤ ᠬᠤᠷᠠᠯ ᠤᠨ ᠰᠦᠨᠢ ᠶᠢᠨ ᠰᠤᠷᠭᠠᠭᠤᠯᠢ ᠶᠢᠨ ᠠᠵᠢᠯ ᠮᠡᠷᠭᠡᠵᠢᠯ ᠲᠠᠢ ᠵᠠᠯᠠᠭᠤᠴᠤᠳ ᠤᠨ ᠳᠤᠮᠳᠠ | ᠬᠤᠪᠢᠰᠬᠠᠯ ᠤᠨ ᠤᠬᠠᠭᠤᠯᠭ᠎ᠠ ᠶᠢᠨ ᠠᠵᠢᠯ ᠢ ᠬᠢᠵᠦ᠂ 1949 ᠣᠨ ᠳᠤ ᠠᠵᠢᠯᠴᠢᠨ ᠣᠯᠠᠨ ᠲᠦᠮᠡᠨ ᠢ ᠵᠣᠬᠢᠶᠠᠨ ᠪᠠᠶᠢᠭᠤᠯᠤᠨ ᠦᠢᠯᠡᠳᠪᠦᠷᠢ ᠪᠠᠨ ᠬᠠᠮᠠᠭᠠᠯᠠᠬᠤ | ᠠᠵᠢᠯᠯᠠᠭ᠎ᠠ ᠶᠢ ᠦᠷᠨᠢᠭᠦᠯᠵᠦ᠂ ᠱᠠᠩᠬᠠᠢ ᠶᠢᠨ ᠴᠢᠯᠦᠭᠡᠯᠡᠯᠲᠡ ᠶᠢ ᠤᠭᠲᠤᠵᠠᠢ᠃ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠵᠢᠶᠠᠩ ᠽᠧ ᠮᠢᠨ ᠨᠦᠬᠦᠷ ᠤᠷᠢᠳ ᠬᠤᠵᠢᠳ ᠱᠠᠩᠬᠠᠢ ᠶᠢᠨ | ᠢᠮᠢᠨ ᠢᠳᠡᠭᠡᠨ ᠤ ᠨᠢᠭᠡᠳᠦᠭᠡᠷ ᠦᠢᠯᠡᠳᠪᠦᠷᠢ ᠶᠢᠨ ᠨᠢᠭᠡᠳᠦᠭᠡᠷ ᠳᠡᠳ᠋ ᠳᠠᠷᠤᠭ᠎ᠠ᠂ ᠱᠠᠩᠬᠠᠢ ᠶᠢᠨ ᠰᠠᠪᠤᠩ ᠤᠨ ᠦᠢᠯᠡᠳᠪᠦᠷᠢ ᠶᠢᠨ ᠨᠢᠭᠡᠳᠦᠭᠡᠷ ᠳᠡᠳ᠋ ᠳᠠᠷᠤᠭ᠎ᠠ᠂ | ᠨᠢᠭᠡᠳᠦᠭᠡᠷ ᠮᠠᠰᠢᠨ ᠮᠧᠬᠠᠨᠢᠭ ᠤᠨ ᠠᠵᠤ ᠦᠢᠯᠡᠳᠪᠦᠷᠢ ᠶᠢᠨ ᠬᠡᠯᠲᠡᠰ ᠤᠨ ᠱᠠᠩᠬᠠᠢ ᠶᠢᠨ ᠬᠤᠶᠠᠳᠤᠭᠠᠷ ᠵᠢᠷᠤᠭ ᠲᠦᠯᠦᠪᠯᠡᠭᠡᠨ ᠤ ᠬᠤᠪᠢᠶᠠᠷᠢ ᠲᠣᠪᠴᠢᠶᠠᠨ ᠤ | ᠴᠠᠬᠢᠯᠭᠠᠨ ᠬᠡᠷᠡᠭᠰᠡᠯ ᠤᠨ ᠲᠤᠰᠬᠠᠢ ᠮᠡᠷᠭᠡᠵᠢᠯ ᠤᠨ ᠰᠠᠯᠠᠭᠠᠨ ᠤ ᠰᠠᠯᠠᠭᠠᠨ ᠳᠠᠷᠤᠭ᠎ᠠ ᠵᠡᠷᠭᠡ ᠲᠤᠰᠢᠶᠠᠯ ᠢ ᠡᠭᠦᠷᠭᠡᠯᠡᠵᠦ ᠦᠩᠭᠡᠷᠡᠵᠡᠢ᠃ 1954 ᠣᠨ ᠳᠤ᠂ | ᠤᠯᠤᠰ ᠠᠴᠠ ᠴᠠᠩᠴᠦ᠋ᠨ ᠳᠤ ᠨᠢᠭᠡᠳᠦᠭᠡᠷ ᠮᠠᠰᠢᠨ ᠲᠡᠷᠭᠡᠨ ᠤ ᠦᠢᠯᠡᠳᠪᠦᠷᠢ ᠶᠢ ᠪᠠᠶᠢᠭᠤᠯᠬᠤ ᠦᠶ᠎ᠡ ᠳᠤ ᠶᠡᠭᠡ ᠬᠡᠮᠵᠢᠶᠡᠨ ᠤ ᠲᠤᠰᠬᠠᠢ ᠮᠡᠷᠭᠡᠵᠢᠯ ᠤᠨ ᠺᠠᠳ᠋ᠷ ᠪᠠ | ᠬᠠᠮᠢᠶᠠᠷᠤᠯᠲᠠ ᠶᠢᠨ ᠺᠠᠳ᠋ᠷ ᠬᠡᠷᠡᠭᠰᠡᠬᠦ ᠲᠤᠯᠠ ᠵᠢᠶᠠᠩ ᠽᠧ ᠮᠢᠨ ᠨᠦᠬᠦᠷ ᠠᠵᠢᠯ ᠤᠨ ᠲᠣᠬᠢᠷᠠᠭᠤᠯᠤᠯᠲᠠ ᠪᠠᠷ ᠰᠢᠯᠵᠢᠨ ᠣᠴᠢᠵᠤ᠂ 1955 ᠣᠨ ᠳᠤ ᠵᠦᠪᠯᠡᠯᠲᠦ | ᠬᠤᠯᠪᠤᠭᠠᠲᠤ ᠤᠯᠤᠰ ᠤᠨ ᠮᠣᠰᠺᠸᠠ ᠳᠠᠬᠢ ᠰᠲ᠋ᠠᠯᠢᠨ ᠮᠠᠰᠢᠨ ᠲᠡᠷᠭᠡᠨ ᠤ ᠦᠢᠯᠡᠳᠪᠦᠷᠢ ᠳᠤ ᠣᠴᠢᠵᠤ ᠳᠠᠳᠤᠯᠭ᠎ᠠ ᠬᠢᠪᠡ᠃ 1956 ᠣᠨ ᠳᠤ ᠤᠯᠤᠰ ᠲᠠᠭᠠᠨ | ᠪᠤᠴᠠᠵᠤ ᠢᠷᠡᠭᠰᠡᠨ ᠤ ᠳᠠᠷᠠᠭ᠎ᠠ᠂ ᠵᠢᠶᠠᠩ ᠽᠧ ᠮᠢᠨ ᠨᠦᠬᠦᠷ ᠴᠠᠩᠴᠦ᠋ᠨ ᠤ ᠨᠢᠭᠡᠳᠦᠭᠡᠷ ᠮᠠᠰᠢᠨ ᠲᠡᠷᠭᠡᠨ ᠤ ᠦᠢᠯᠡᠳᠪᠦᠷᠢ ᠶᠢᠨ ᠬᠦᠳᠡᠯᠭᠡᠬᠦ ᠬᠦᠴᠦᠨ ᠤ ᠭᠠᠵᠠᠷ ᠤᠨ | ᠳᠡᠳ᠋ ᠳᠠᠷᠤᠭ᠎ᠠ᠂ ᠬᠦᠳᠡᠯᠭᠡᠬᠦ ᠬᠦᠴᠦᠨ ᠤ ᠳᠡᠳ᠋ ᠶᠡᠷᠦᠩᠬᠡᠢ ᠮᠡᠷᠭᠡᠵᠢᠯᠲᠡᠨ᠂ ᠬᠦᠳᠡᠯᠭᠡᠬᠦ ᠬᠦᠴᠦᠨ ᠤ ᠬᠤᠪᠢᠶᠠᠷᠢ ᠦᠢᠯᠡᠳᠪᠦᠷᠢ ᠶᠢᠨ ᠳᠠᠷᠤᠭ᠎ᠠ ᠪᠠᠶᠢᠪᠠ᠃ 1962 | ᠣᠨ ᠳᠤ᠂ ᠵᠢᠶᠠᠩ ᠽᠧ ᠮᠢᠨ ᠨᠦᠬᠦᠷ ᠨᠢᠭᠡᠳᠦᠭᠡᠷ ᠮᠠᠰᠢᠨ ᠮᠧᠬᠠᠨᠢᠭ ᠤᠨ ᠠᠵᠤ ᠦᠢᠯᠡᠳᠪᠦᠷᠢ ᠶᠢᠨ ᠬᠡᠯᠲᠡᠰ ᠤᠨ ᠱᠠᠩᠬᠠᠢ ᠶᠢᠨ ᠴᠠᠬᠢᠯᠭᠠᠨ ᠬᠡᠷᠡᠭᠰᠡᠯ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠭᠠᠵᠠᠷ ᠤᠨ ᠳᠡᠳ᠋ ᠳᠠᠷᠤᠭ᠎ᠠ ᠪᠠᠷ ᠲᠣᠮᠢᠯᠠᠭᠳᠠᠵᠤ᠂ ᠲᠤᠰ ᠰᠤᠳᠤᠯᠬᠤ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠤᠳᠤᠷᠢᠳᠬᠤ ᠠᠵᠢᠯ ᠢ ᠬᠠᠷᠢᠭᠤᠴᠠᠪᠠ᠃ 1966 ᠣᠨ ᠳᠤ᠂ ᠵᠢᠶᠠᠩ ᠽᠧ ᠮᠢᠨ ᠨᠦᠬᠦᠷ ᠦᠬᠠᠨ ᠤ ᠢᠯᠴᠢ ᠶᠢᠨ ᠮᠠᠰᠢᠨ ᠮᠧᠬᠠᠨᠢᠭ ᠰᠤᠳᠤᠯᠬᠤ ᠭᠠᠵᠠᠷ ᠤᠨ | ᠳᠠᠷᠤᠭ᠎ᠠ᠂ ᠨᠠᠮ ᠤᠨ ᠬᠤᠷᠢᠶᠠᠨ ᠤ ᠣᠷᠣᠯᠠᠭᠴᠢ ᠱᠦᠵᠢ ᠪᠣᠯᠵᠤ᠂ ᠰᠡᠭᠦᠯᠡᠷ ᠨᠢ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠤ᠂ ᠠᠲ᠋ᠣᠮ ᠤᠨ | ᠡᠨᠧᠷᠭᠢ ᠶᠢᠨ ᠴᠠᠬᠢᠯᠭᠠᠨ ᠭᠠᠷᠭᠠᠬᠤ ᠲᠣᠨᠤᠭ ᠲᠦᠬᠦᠭᠡᠷᠦᠮᠵᠢ ᠶᠢ ᠵᠢᠷᠤᠵᠤ ᠲᠦᠯᠦᠪᠯᠡᠬᠦ ᠠᠵᠢᠯ ᠢ ᠵᠣᠬᠢᠶᠠᠨ ᠪᠠᠶᠢᠭᠤᠯᠪᠠ᠃ ︽ᠰᠣᠶᠣᠯ ᠤᠨ ᠶᠡᠭᠡ ᠬᠤᠪᠢᠰᠬᠠᠯ︾ | ᠡᠬᠢᠯᠡᠭᠰᠡᠨ ᠤ ᠳᠠᠷᠠᠭ᠎ᠠ᠂ ᠵᠢᠶᠠᠩ ᠽᠧ ᠮᠢᠨ ᠨᠦᠬᠦᠷ ᠳᠠᠭᠠᠷᠢᠯᠲᠠ ᠳᠤ ᠤᠴᠠᠷᠠᠪᠠ᠃ 1970 ᠣᠨ ᠳᠤ᠂ ᠵᠢᠶᠠᠩ ᠽᠧ ᠮᠢᠨ ᠨᠦᠬᠦᠷ ᠨᠢᠭᠡᠳᠦᠭᠡᠷ ᠮᠠᠰᠢᠨ | ᠮᠧᠬᠠᠨᠢᠭ ᠤᠨ ᠠᠵᠤ ᠦᠢᠯᠡᠳᠪᠦᠷᠢ ᠶᠢᠨ ᠬᠡᠯᠲᠡᠰ ᠲᠤ ᠰᠢᠯᠵᠢᠨ ᠠᠵᠢᠯᠯᠠᠵᠤ᠂ 1971 ᠣᠨ ᠳᠤ ᠳᠤᠮᠳᠠᠳᠤ ᠤᠯᠤᠰ ᠤᠨ ᠨᠢᠭᠡᠳᠦᠭᠡᠷ ᠮᠠᠰᠢᠨ ᠮᠧᠬᠠᠨᠢᠭ ᠤᠨ ᠠᠵᠤ | ᠦᠢᠯᠡᠳᠪᠦᠷᠢ ᠶᠢᠨ ᠬᠡᠯᠲᠡᠰ ᠤᠨ ᠷᠤᠮᠠᠨᠢᠶ᠎ᠠ ᠳᠤ ᠲᠣᠮᠢᠯᠠᠨ ᠰᠠᠭᠤᠯᠭᠠᠭᠰᠠᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠶᠡᠷᠦᠩᠬᠡᠢ ᠳᠠᠷᠤᠭ᠎ᠠ ᠶᠢᠨ ᠲᠤᠰᠢᠶᠠᠯ ᠢ | ᠬᠠᠷᠢᠭᠤᠴᠠᠵᠤ᠂ 1973 ᠣᠨ ᠳᠤ ᠤᠯᠤᠰ ᠲᠠᠭᠠᠨ ᠪᠤᠴᠠᠵᠤ ᠢᠷᠡᠭᠡᠳ ᠤᠷᠢᠳ ᠬᠤᠵᠢᠳ ᠨᠢᠭᠡᠳᠦᠭᠡᠷ ᠮᠠᠰᠢᠨ ᠮᠧᠬᠠᠨᠢᠭ ᠤᠨ ᠠᠵᠤ ᠦᠢᠯᠡᠳᠪᠦᠷᠢ ᠶᠢᠨ | ᠬᠡᠯᠲᠡᠰ ᠤᠨ ᠭᠠᠳᠠᠭᠠᠳᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ 1980 ᠣᠨ ᠳᠤ᠂ ᠵᠢᠶᠠᠩ | ᠽᠧ ᠮᠢᠨ ᠨᠦᠬᠦᠷ ᠤᠯᠤᠰ ᠤᠨ ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠬᠤ ᠬᠠᠮᠢᠶᠠᠷᠤᠯᠲᠠ ᠶᠢᠨ ᠵᠦᠪᠯᠡᠯ᠂ ᠤᠯᠤᠰ ᠤᠨ ᠭᠠᠳᠠᠭᠠᠲᠤ ᠤᠯᠤᠰ ᠤᠨ | ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠵᠦᠪᠯᠡᠯ ᠤᠨ ᠳᠡᠳ᠋ ᠡᠷᠬᠢᠯᠡᠭᠴᠢ ᠪᠦᠭᠡᠳ ᠨᠠᠷᠢᠨ ᠪᠢᠴᠢᠭ ᠤᠨ ᠳᠠᠷᠤᠭ᠎ᠠ᠂ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ ᠤ ᠲᠤᠰᠢᠶᠠᠯ ᠢ ᠡᠭᠦᠷᠭᠡᠯᠡᠵᠦ᠂ ᠭᠤᠸᠠᠩᠳᠦ᠋ᠩ᠂ ᠹᠦᠵᠢᠶᠠᠨ ᠬᠤᠶᠠᠷ ᠮᠣᠵᠢ ᠳᠤ ᠣᠨᠴᠠᠭᠠᠢ ᠲᠦᠷᠦ ᠶᠢᠨ ᠪᠣᠳᠣᠯᠭ᠎ᠠ᠂ ᠠᠮᠢᠳᠤᠯᠢᠭ | ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠ ᠠᠵᠤ ᠠᠬᠤᠢ ᠶᠢᠨ ᠣᠨᠴᠠᠭᠠᠢ ᠣᠷᠣᠨ ᠢ ᠲᠤᠷᠰᠢᠨ ᠡᠷᠬᠢᠯᠡᠬᠦ ᠵᠡᠷᠭᠡ ᠪᠦᠲᠦᠭᠡᠯᠴᠢ ᠴᠢᠨᠠᠷᠲᠠᠢ ᠠᠵᠢᠯ ᠢ ᠭᠤᠣᠯᠯᠠᠨ | ᠬᠠᠮᠢᠶᠠᠷᠴᠤ ᠬᠡᠷᠡᠭᠵᠢᠭᠦᠯᠪᠡ᠃ 1982 ᠣᠨ ᠳᠤ ᠵᠢᠶᠠᠩ ᠽᠧ ᠮᠢᠨ ᠨᠦᠬᠦᠷ ᠡᠯᠧᠺᠳ᠋ᠷᠣᠨ ᠠᠵᠤ ᠦᠢᠯᠡᠳᠪᠦᠷᠢ ᠶᠢᠨ ᠶᠠᠮᠤᠨ ᠤ ᠨᠢᠭᠡᠳᠦᠭᠡᠷ ᠳᠡᠳ᠋ ᠰᠠᠶᠢᠳ᠂ | ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠪᠣᠯᠵᠤ᠂ 1983 ᠣᠨ ᠳᠤ ᠡᠯᠧᠺᠳ᠋ᠷᠣᠨ ᠠᠵᠤ ᠦᠢᠯᠡᠳᠪᠦᠷᠢ ᠶᠢᠨ ᠶᠠᠮᠤᠨ ᠤ ᠰᠠᠶᠢᠳ᠂ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ ᠶᠢᠨ ᠲᠤᠰᠢᠶᠠᠯ ᠢ ᠬᠠᠷᠢᠭᠤᠴᠠᠵᠤ᠂ ᠨᠠᠮ ᠤᠨ ᠤᠯᠤᠰ ᠤᠨ ᠡᠯᠧᠺᠳ᠋ᠷᠣᠨ ᠠᠵᠤ ᠦᠢᠯᠡᠳᠪᠦᠷᠢ ᠶᠢᠨ ᠬᠥᠭᠵᠢᠯᠲᠡ ᠳᠤ | ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ 1982 ᠣᠨ ᠤ 9 ᠰᠠᠷ᠎ᠠ ᠳᠤ᠂ ᠵᠢᠶᠠᠩ ᠽᠧ ᠮᠢᠨ ᠨᠦᠬᠦᠷ ᠨᠠᠮ ᠤᠨ ᠠᠷᠪᠠᠨ ᠬᠤᠶᠠᠳᠤᠭᠠᠷ ᠤᠳᠠᠭ᠎ᠠ ᠶᠢᠨ | ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠳᠡᠭᠡᠷ᠎ᠡ ᠲᠦᠪ ᠬᠤᠷᠢᠶᠠᠨ ᠤ ᠭᠡᠰᠢᠭᠦᠨ ᠢᠶᠠᠷ ᠰᠤᠩᠭᠤᠭᠳᠠᠪᠠ᠃ | 1985 ᠣᠨ ᠳᠤ ᠵᠢᠶᠠᠩ ᠽᠧ ᠮᠢᠨ ᠨᠦᠬᠦᠷ ᠱᠠᠩᠬᠠᠢ ᠬᠤᠲᠠ ᠶᠢᠨ ᠳᠠᠷᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠬᠠᠢ ᠬᠤᠲᠠ ᠶᠢᠨ | ᠬᠤᠷᠢᠶᠠᠨ ᠤ ᠳᠡᠳ᠋ ᠱᠦᠵᠢ ᠶᠢᠨ ᠲᠤᠰᠢᠶᠠᠯ ᠢ ᠬᠠᠷᠢᠭᠤᠴᠠᠪᠠ᠃ 1987 ᠣᠨ ᠳᠤ᠂ ᠵᠢᠶᠠᠩ ᠽᠧ ᠮᠢᠨ ᠨᠦᠬᠦᠷ ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ | ᠲᠦᠪ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠳᠡᠭᠡᠷ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠭᠡᠰᠢᠭᠦᠨ ᠢᠶᠠᠷ ᠰᠤᠩᠭᠤᠭᠳᠠᠭᠰᠠᠨ ᠪᠦᠭᠡᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠬᠠᠢ ᠬᠤᠲᠠ ᠶᠢᠨ ᠬᠤᠷᠢᠶᠠᠨ ᠤ ᠱᠦᠵᠢ ᠶᠢᠨ | ᠲᠤᠰᠢᠶᠠᠯ ᠢ ᠬᠠᠷᠢᠭᠤᠴᠠᠪᠠ᠃ ᠱᠠᠩᠬᠠᠢ ᠬᠤᠲᠠ ᠶᠢᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠦ ᠪᠠᠶᠢᠭᠰᠠᠨ | ᠬᠤᠭᠤᠴᠠᠭᠠᠨ ᠳᠤ᠂ ᠵᠢᠶᠠᠩ ᠽᠧ ᠮᠢᠨ ᠨᠦᠬᠦᠷ ᠱᠠᠩᠬᠠᠢ ᠶᠢᠨ ᠦᠷᠭᠡᠨ ᠣᠯᠠᠨ ᠺᠠᠳ᠋ᠷ ᠣᠯᠠᠨ ᠲᠦᠮᠡᠨ ᠢ ᠳᠠᠭᠠᠭᠤᠯᠤᠨ ᠴᠤᠭ ᠰᠦᠯᠳᠡ ᠪᠠᠨ ᠪᠠᠳᠠᠷᠠᠭᠤᠯᠤᠨ᠂ | ᠵᠣᠷᠢᠭᠲᠠᠢ ᠰᠦᠪᠡᠭᠴᠢᠯᠡᠵᠦ᠂ ᠱᠠᠩᠬᠠᠢ ᠶᠢᠨ ᠦᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ ᠴᠢᠬᠤᠯᠠ ᠶᠡᠭᠡ ᠰᠢᠪᠲᠤᠯᠤᠯᠲᠠ ᠭᠠᠷᠭᠠᠵᠤ᠂ ᠫᠦᠳᠦ᠋ᠩ ᠢ ᠨᠡᠭᠡᠭᠡᠨ ᠬᠦᠭᠵᠢᠭᠦᠯᠵᠦ ᠨᠡᠭᠡᠭᠡᠯᠲᠡ ᠬᠢᠬᠦ ᠳᠤ ᠬᠦᠴᠦ ᠬᠤᠷᠠᠮᠳᠤᠭᠤᠯᠤᠨ ᠠᠷᠭ᠎ᠠ ᠪᠣᠳᠣᠯᠭ᠎ᠠ | ᠰᠦᠪᠡᠭᠴᠢᠯᠡᠵᠦ᠂ ᠨᠠᠮ ᠤᠨ ᠪᠠᠶᠢᠭᠤᠯᠤᠯᠲᠠ᠂ ᠤᠶᠤᠨ ᠤ ᠪᠣᠯᠪᠠᠰᠤᠨ ᠤ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ ᠶᠢᠨ ᠴᠢᠬᠤᠯᠠ ᠶᠡᠭᠡ ᠳᠠᠪᠰᠢᠯᠲᠠ ᠲᠠᠢ | ᠪᠣᠯᠬᠤ ᠶᠢ ᠠᠬᠢᠭᠤᠯᠪᠠ᠃ 1989 ᠣᠨ ᠤ ᠬᠠᠪᠤᠷ ᠵᠤᠨ ᠤ ᠠᠭᠤᠯᠵᠠᠷ ᠲᠤ ᠮᠠᠨ ᠤ ᠤᠯᠤᠰ ᠲᠤ ᠬᠦᠨᠳᠦ ᠶᠡᠭᠡ ᠤᠯᠤᠰ ᠲᠦᠷᠦ ᠶᠢᠨ ᠳᠡᠪᠵᠢᠶᠡᠨ ᠡᠭᠦᠰᠦᠭᠰᠡᠨ ᠳᠤ | ᠂ ᠵᠢᠶᠠᠩ ᠽᠧ ᠮᠢᠨ ᠨᠦᠬᠦᠷ ᠲᠤᠭ ᠲᠡᠮᠳᠡᠭ ᠲᠣᠳᠣᠷᠬᠠᠢ ᠪᠠᠷ ᠰᠠᠮᠠᠭᠤᠷᠠᠯ ᠢ ᠡᠰᠡᠷᠭᠦᠴᠡᠬᠦ᠂ ᠨᠡᠶᠢᠭᠡᠮ ᠵᠢᠷᠤᠮᠲᠤ ᠲᠦᠷᠦ ᠶᠢᠨ ᠡᠷᠬᠡ ᠶᠢ ᠬᠠᠮᠠᠭᠠᠯᠠᠬᠤ᠂ ᠠᠷᠠᠳ | ᠲᠦᠮᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠲᠤᠬᠠᠢ ᠨᠠᠮ ᠤᠨ ᠲᠦᠪ ᠬᠤᠷᠢᠶᠠᠨ ᠤ ᠵᠦᠪ ᠰᠢᠢᠳᠪᠦᠷᠢᠲᠦ ᠪᠣᠳᠣᠯᠭ᠎ᠠ ᠶᠢ ᠬᠦᠷᠢᠶᠡᠯᠡᠨ ᠬᠡᠷᠡᠭᠵᠢᠭᠦᠯᠵᠦ᠂ | ᠦᠷᠭᠡᠨ ᠣᠯᠠᠨ ᠨᠠᠮ ᠤᠨ ᠭᠡᠰᠢᠭᠦᠨ᠂ ᠺᠠᠳ᠋ᠷ᠂ ᠣᠯᠠᠨ ᠲᠦᠮᠡᠨ ᠳᠤ ᠴᠢᠩᠭ᠎ᠠ ᠲᠦᠰᠢᠭᠯᠡᠨ᠂ ᠱᠠᠩᠬᠠᠢ ᠶᠢᠨ ᠲᠣᠭᠲᠠᠭᠤᠨ ᠢ ᠬᠦᠴᠦᠲᠡᠢ ᠬᠠᠮᠠᠭᠠᠯᠠᠪᠠ᠃ | 1989 ᠣᠨ ᠳᠤ᠂ ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠦᠪ ᠬᠤᠷᠢᠶᠠᠨ ᠤ ᠳᠦᠷᠪᠡᠳᠦᠭᠡᠷ ᠪᠦᠭᠦᠳᠡ ᠬᠤᠷᠠᠯ ᠳᠡᠭᠡᠷ᠎ᠡ ᠵᠢᠶᠠᠩ ᠽᠧ ᠮᠢᠨ | ᠨᠦᠬᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠪ ᠬᠤᠷᠢᠶᠠᠨ ᠤ | ᠶᠡᠷᠦᠩᠬᠡᠢ ᠱᠦᠵᠢ ᠪᠠᠷ ᠰᠤᠩᠭᠤᠭᠳᠠᠪᠠ᠃ ᠲᠤᠰ ᠵᠢᠯ ᠳᠤ᠂ ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠦᠪ ᠬᠤᠷᠢᠶᠠᠨ ᠤ ᠳᠠᠪᠤᠳᠤᠭᠠᠷ ᠪᠦᠭᠦᠳᠡ ᠬᠤᠷᠠᠯ | ᠳᠡᠭᠡᠷ᠎ᠡ ᠵᠢᠶᠠᠩ ᠽᠧ ᠮᠢᠨ ᠨᠦᠬᠦᠷ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ | ᠪᠣᠯᠭᠠᠬᠤ ᠪᠠᠷ ᠲᠣᠭᠲᠠᠭᠰᠠᠨ ᠪᠠᠶᠢᠨ᠎ᠠ᠃ 1990 ᠣᠨ ᠳᠤ᠂ ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠬᠤᠷᠠᠯ ᠳᠡᠭᠡᠷ᠎ᠡ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠪᠠᠷ ᠰᠤᠩᠭᠤᠭᠳᠠᠪᠠ᠃ | ᠵᠢᠶᠠᠩ ᠽᠧ ᠮᠢᠨ ᠨᠦᠬᠦᠷ ᠪᠣᠯ ᠨᠠᠮ ᠤᠨ ᠭᠤᠷᠪᠠᠳᠤᠭᠠᠷ ᠦᠶ᠎ᠡ ᠶᠢᠨ ᠲᠦᠪ ᠬᠤᠷᠢᠶᠠᠨ ᠤ ᠤᠳᠤᠷᠢᠳᠬᠤ ᠬᠠᠮᠲᠤ ᠶᠢᠨ ᠭᠤᠣᠯᠯᠠᠭᠴᠢ ᠮᠦᠨ᠃ ᠬᠤᠷᠢᠳᠤᠭᠠᠷ | ᠵᠠᠭᠤᠨ ᠤ ᠨᠠᠶᠠᠭᠠᠳ ᠣᠨ ᠤ ᠰᠡᠭᠦᠯᠴᠢ ᠶᠡᠷᠡᠭᠡᠳ ᠣᠨ ᠤ ᠡᠬᠢ ᠪᠠᠷ ᠤᠯᠤᠰ ᠤᠨ ᠳᠣᠲᠣᠭᠠᠳᠤ ᠭᠠᠳᠠᠭᠠᠳᠤ ᠳᠤ ᠬᠦᠨᠳᠦ ᠨᠣᠴᠢᠲᠠᠢ ᠤᠯᠤᠰ ᠲᠦᠷᠦ ᠶᠢᠨ | ᠳᠡᠪᠵᠢᠶᠡᠨ ᠡᠭᠦᠰᠴᠦ᠂ ᠳᠡᠯᠡᠬᠡᠢ ᠶᠢᠨ ᠨᠡᠶᠢᠭᠡᠮ ᠵᠢᠷᠤᠮᠲᠤ ᠪᠠᠶᠢᠭᠤᠯᠤᠯ ᠬᠦᠨᠳᠦ ᠨᠣᠴᠢᠲᠠᠢ ᠨᠤᠭᠤᠷᠠᠯ ᠪᠦᠳᠦᠷᠢᠯ ᠳᠤ ᠤᠴᠠᠷᠠᠵᠤ᠂ ᠮᠠᠨ ᠤ ᠤᠯᠤᠰ ᠤᠨ ᠨᠡᠶᠢᠭᠡᠮ | ᠵᠢᠷᠤᠮ ᠤᠨ ᠦᠢᠯᠡᠰ ᠤᠨ ᠬᠥᠭᠵᠢᠯᠲᠡ ᠤᠷᠢᠳ ᠡᠮᠦᠨ᠎ᠡ ᠭᠠᠷᠤᠭ᠎ᠠ ᠦᠭᠡᠢ ᠯᠣᠲᠣ ᠶᠡᠭᠡ ᠬᠦᠴᠢᠷ ᠪᠡᠷᠬᠡᠰᠢᠶᠡᠯ ᠪᠠ ᠳᠠᠷᠤᠯᠲᠠ ᠳᠤ ᠲᠤᠯᠭᠠᠷᠠᠭᠰᠠᠨ ᠪᠠᠶᠢᠨ᠎ᠠ᠃ ᠡᠨᠡ | ᠬᠦ ᠨᠠᠮ ᠪᠠ ᠤᠯᠤᠰ ᠤᠨ ᠢᠷᠡᠭᠡᠳᠦᠢ ᠶᠢᠨ ᠬᠤᠪᠢ ᠵᠠᠶᠠᠭ᠎ᠠ ᠶᠢ ᠲᠣᠭᠲᠠᠭᠠᠬᠤ ᠴᠢᠬᠤᠯᠠ ᠶᠡᠭᠡ ᠲᠡᠦᠬᠡᠨ ᠵᠠᠩᠭᠢᠯᠠᠭ᠎ᠠ ᠶᠢᠨ ᠮᠦᠴᠡ ᠳᠤ᠂ ᠵᠢᠶᠠᠩ ᠽᠧ ᠮᠢᠨ ᠨᠦᠬᠦᠷ | ᠨᠠᠮ ᠤᠨ ᠲᠦᠪ ᠬᠤᠷᠢᠶᠠᠨ ᠤ ᠤᠳᠤᠷᠢᠳᠬᠤ ᠬᠠᠮᠲᠤ ᠶᠢ ᠳᠠᠭᠠᠭᠤᠯᠤᠨ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠳᠤ ᠴᠢᠩᠭ᠎ᠠ ᠲᠦᠰᠢᠭᠯᠡᠵᠦ᠂ ᠲᠤᠭ ᠲᠡᠮᠳᠡᠭ ᠲᠣᠳᠣᠷᠬᠠᠢ ᠪᠠᠷ ᠳᠦᠷᠪᠡᠨ ᠦᠨᠳᠦᠰᠦᠨ ᠵᠠᠷᠴᠢᠮ ᠢ ᠪᠠᠷᠢᠮᠲᠠᠯᠠᠨ᠂ ᠤᠯᠤᠰ ᠤᠨ ᠲᠤᠰᠠᠭᠠᠷ ᠲᠣᠭᠲᠠᠨᠢᠯ᠂ ᠨᠡᠷ᠎ᠡ | ᠬᠦᠨᠳᠦ᠂ ᠠᠮᠤᠷ ᠲᠦᠪᠰᠢᠨ᠂ ᠲᠣᠭᠲᠠᠭᠤᠨ ᠢ ᠬᠠᠮᠠᠭᠠᠯᠠᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠭᠡᠬᠦ ᠡᠨᠡ ᠬᠦ ᠭᠤᠣᠯᠳᠠᠯᠭ᠎ᠠ ᠶᠢ ᠡᠷᠡᠰ ᠭᠤᠶᠢᠪᠢᠰᠢ | ᠦᠭᠡᠢ ᠪᠠᠷᠢᠮᠲᠠᠯᠠᠨ᠂ ᠦᠭᠡᠷᠡᠴᠢᠯᠡᠯᠲᠡ ᠨᠡᠭᠡᠭᠡᠯᠲᠡ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠢ | ᠬᠠᠮᠠᠭᠠᠯᠠᠵᠤ᠂ ᠮᠠᠨ ᠤ ᠤᠯᠤᠰ ᠤᠨ ᠦᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ | ᠪᠠᠶᠢᠳᠠᠯ ᠢ ᠨᠡᠭᠡᠭᠡᠵᠡᠢ᠃ | ᠨᠠᠮ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠦᠪ ᠬᠤᠷᠢᠶᠠᠨ ᠤ ᠳᠦᠷᠪᠡᠳᠦᠭᠡᠷ ᠪᠦᠭᠦᠳᠡ ᠬᠤᠷᠠᠯ ᠠᠴᠠ ᠠᠪᠤᠭᠠᠳ ᠨᠠᠮ ᠤᠨ ᠠᠷᠪᠠᠨ ᠵᠢᠷᠭᠤᠳᠤᠭᠠᠷ | ᠶᠡᠭᠡ ᠬᠤᠷᠠᠯ ᠪᠣᠯᠲᠠᠯᠠᠬᠢ ᠠᠷᠪᠠᠨ ᠭᠤᠷᠪᠠᠨ ᠵᠢᠯ ᠤᠨ ᠳᠣᠲᠣᠷ᠎ᠠ᠂ ᠳᠡᠯᠡᠬᠡᠢ ᠶᠢᠨ ᠪᠠᠶᠢᠳᠠᠯ ᠤᠯᠠᠷᠢᠨ ᠬᠤᠪᠢᠷᠠᠵᠤ᠂ ᠮᠠᠨ ᠤ ᠤᠯᠤᠰ ᠤᠨ ᠦᠭᠡᠷᠡᠴᠢᠯᠡᠯᠲᠡ ᠨᠡᠭᠡᠭᠡᠯᠲᠡ | ᠪᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠰᠦᠷ ᠳᠠᠯᠠᠶᠢᠴᠠᠲᠠᠢ ᠶᠠᠪᠤᠭᠳᠠᠪᠠ᠃ ᠤᠯᠤᠰ ᠤᠨ ᠳᠣᠲᠣᠭᠠᠳᠤ ᠭᠠᠳᠠᠭᠠᠲᠤ ᠶᠢᠨ | ᠪᠠᠶᠢᠳᠠᠯ ᠮᠠᠰᠢ ᠪᠤᠳᠤᠯᠢᠶᠠᠨᠲᠠᠢ ᠪᠠᠶᠢᠭᠰᠠᠨ ᠪᠠᠶᠢᠳᠠᠯ ᠳᠣᠣᠷ᠎ᠠ᠂ ᠵᠢᠶᠠᠩ ᠽᠧ ᠮᠢᠨ ᠨᠦᠬᠦᠷ ᠨᠠᠮ ᠤᠨ ᠲᠦᠪ ᠬᠤᠷᠢᠶᠠᠨ ᠤ ᠤᠳᠤᠷᠢᠳᠬᠤ ᠬᠠᠮᠲᠤ ᠶᠢ ᠳᠠᠭᠠᠭᠤᠯᠤᠨ᠂ | ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ | ᠨᠠᠮ ᠤᠨ ᠦᠨᠳᠦᠰᠦᠨ ᠱᠣᠭᠤᠮ ᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠵᠦ᠂ ᠠᠵᠠ ᠳᠣᠬᠢᠶᠠᠯ ᠢ ᠠᠳᠬᠤᠵᠤ᠂ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠡᠭᠡᠭᠡᠯᠲᠡ ᠶᠢ ᠦᠷᠭᠡᠳᠬᠡᠵᠦ᠂ ᠬᠥᠭᠵᠢᠯᠲᠡ ᠶᠢ ᠠᠬᠢᠭᠤᠯᠤᠨ᠂ | ᠲᠣᠭᠲᠠᠭᠤᠨ ᠢ ᠪᠠᠲᠤᠯᠠᠵᠤ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠬᠠᠷᠠᠯᠲᠠ ᠪᠠ ᠦᠨᠳᠦᠰᠦᠨ | ᠪᠦᠳᠦᠭᠦᠪᠴᠢ ᠲᠦᠰᠦᠪ ᠢ ᠲᠣᠭᠲᠠᠭᠠᠵᠤ᠂ ᠨᠡᠶᠢᠭᠡᠮ ᠵᠢᠷᠤᠮ ᠤᠨ ᠠᠩᠬᠠᠨ ᠤ ᠱᠠᠲᠤᠨ ᠤ ᠨᠡᠶᠢᠲᠡ ᠶᠢᠨ ᠦᠮᠴᠢᠯᠡᠯ ᠢᠶᠠᠷ ᠭᠤᠣᠯ ᠴᠣᠭᠴᠠ ᠪᠣᠯᠭᠠᠬᠤ᠂ ᠣᠯᠠᠨ | ᠲᠦᠷᠦᠯ ᠤᠨ ᠦᠮᠴᠢᠯᠡᠯ ᠤᠨ ᠠᠵᠤ ᠠᠬᠤᠢ ᠶᠢ ᠬᠠᠮᠲᠤ ᠪᠠᠷ ᠬᠥᠭᠵᠢᠭᠦᠯᠬᠦ ᠦᠨᠳᠦᠰᠦᠨ ᠠᠵᠤ ᠠᠬᠤᠢ ᠶᠢᠨ ᠳᠦᠷᠢᠮ ᠪᠠ ᠬᠦᠳᠡᠯᠮᠦᠷᠢᠯᠡᠭᠰᠡᠨ ᠤ ᠬᠢᠷᠢ ᠪᠠᠷ | ᠬᠤᠪᠢᠶᠠᠷᠢᠯᠠᠬᠤ ᠪᠠᠷ ᠭᠤᠣᠯ ᠴᠣᠭᠴᠠ ᠪᠣᠯᠭᠠᠬᠤ᠂ ᠣᠯᠠᠨ ᠵᠦᠢᠯ ᠤᠨ ᠬᠤᠪᠢᠶᠠᠷᠢᠯᠠᠯᠲᠠ ᠶᠢᠨ ᠠᠷᠭ᠎ᠠ ᠬᠡᠯᠪᠡᠷᠢ ᠵᠡᠷᠭᠡᠴᠡᠨ ᠣᠷᠣᠰᠢᠭᠰᠠᠨ ᠬᠤᠪᠢᠶᠠᠷᠢᠯᠠᠯᠲᠠ ᠶᠢᠨ | ᠳᠦᠷᠢᠮ ᠢ ᠲᠣᠭᠲᠠᠭᠠᠵᠤ᠂ ᠦᠭᠡᠷᠡᠴᠢᠯᠡᠯᠲᠡ ᠬᠥᠭᠵᠢᠯᠲᠡ ᠲᠣᠭᠲᠠᠭᠤᠨ ᠢ ᠠᠬᠢᠭᠤᠯᠬᠤ ᠠᠯᠢ ᠣᠯᠠᠨ ᠴᠢᠭᠯᠡᠯᠲᠡ ᠲᠦᠷᠦ ᠶᠢᠨ ᠪᠣᠳᠣᠯᠭ᠎ᠠ ᠪᠠ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠵᠦ᠂ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ᠂ ᠤᠯᠤᠰ ᠲᠦᠷᠦ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ᠂ ᠰᠣᠶᠣᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠪᠣᠰᠣᠳ ᠡᠯ᠎ᠡ ᠲᠠᠯ᠎ᠠ ᠶᠢᠨ ᠥᠭᠡᠷᠡᠴᠢᠯᠡᠯᠲᠡ ᠶᠢ ᠡᠷᠡᠰ ᠰᠢᠭᠤᠷᠬᠠᠢ ᠠᠬᠢᠭᠤᠯᠵᠤ᠂ ᠪᠦᠬᠦ | ᠲᠠᠯ᠎ᠠ ᠪᠠᠷ ᠥᠭᠡᠷᠡᠴᠢᠯᠡᠯᠲᠡ ᠨᠡᠭᠡᠭᠡᠯᠲᠡ ᠬᠢᠬᠦ ᠰᠢᠨ᠎ᠡ ᠪᠠᠶᠢᠳᠠᠯ ᠢ ᠨᠡᠭᠡᠭᠡᠵᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠦᠨᠳᠦᠰᠦᠨ ᠠᠷᠭ᠎ᠠ ᠪᠣᠳᠣᠯᠭ᠎ᠠ ᠶᠢ | ᠬᠡᠷᠡᠭᠵᠢᠭᠦᠯᠵᠦ ︽ᠨᠠᠶᠢᠷᠠᠮᠳᠠᠯ ᠢᠶᠠᠷ ᠨᠢᠭᠡᠳᠬᠡᠬᠦ︾᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠪᠠᠷᠢᠮᠲᠠᠯᠠᠨ᠂ ᠰᠢᠶᠠᠩᠭᠠᠩ᠂ | ᠣᠣᠮᠧᠨ ᠤᠷᠤᠭᠰᠢᠲᠠᠢ ᠪᠠᠷ ᠪᠤᠴᠠᠵᠤ ᠢᠷᠡᠬᠦ ᠶᠢ ᠪᠡᠶᠡᠯᠡᠭᠦᠯᠵᠦ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ | ᠪᠣᠳᠣᠯᠭ᠎ᠠ ᠶᠢ ᠪᠠᠷᠢᠮᠲᠠᠯᠠᠵᠤ᠂ ᠭᠠᠳᠠᠭᠠᠳᠤ ᠬᠠᠷᠢᠯᠴᠠᠭᠠᠨ ᠤ ᠠᠵᠢᠯ ᠤᠨ ᠴᠣ ᠰᠢᠨ᠎ᠡ ᠪᠠᠶᠢᠳᠠᠯ ᠢ ᠨᠡᠭᠡᠭᠡᠵᠦ᠂ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ | ᠢᠨᠵᠧᠨᠧᠷᠢᠩ ᠢ ᠠᠬᠢᠭᠤᠯᠵᠤ᠂ ᠨᠡᠶᠢᠭᠡᠮ ᠵᠢᠷᠤᠮ ᠤᠨ ᠪᠤᠳᠠᠰ ᠤᠨ ᠪᠣᠯᠪᠠᠰᠤᠨ᠂ ᠤᠯᠤᠰ ᠲᠦᠷᠦ ᠶᠢᠨ ᠪᠣᠯᠪᠠᠰᠤᠨ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢ | ᠠᠬᠢᠭᠤᠯᠵᠤ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠰᠢᠨ᠎ᠡ ᠠᠬᠢᠴᠠ ᠲᠠᠢ ᠪᠣᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠬᠤᠷᠢᠨ | ᠨᠢᠭᠡᠳᠦᠭᠡᠷ ᠵᠠᠭᠤᠨ ᠲᠡᠶᠢᠰᠢ ᠠᠮᠵᠢᠯᠲᠠ ᠲᠠᠢ ᠪᠠᠷ ᠠᠬᠢᠭᠤᠯᠪᠠ᠃ ᠵᠢᠶᠠᠩ ᠽᠧ ᠮᠢᠨ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠭᠤᠷᠪᠠᠳᠤᠭᠠᠷ ᠦᠶ᠎ᠡ ᠶᠢᠨ ᠲᠦᠪ | ᠬᠤᠷᠢᠶᠠᠨ ᠤ ᠤᠳᠤᠷᠢᠳᠬᠤ ᠬᠠᠮᠲᠤ ᠶᠢᠨ ᠤᠳᠤᠷᠢᠳᠤᠯᠭ᠎ᠠ ᠳᠣᠣᠷ᠎ᠠ᠂ ᠪᠢᠳᠡ ᠮᠠᠨ ᠤ ᠤᠯᠤᠰ ᠤᠨ ᠡᠷᠬᠡ ᠮᠡᠳᠡᠯ ᠪᠠ ᠠᠮᠤᠷ ᠲᠦᠪᠰᠢᠨ ᠳᠤ ᠬᠤᠯᠪᠣᠭᠳᠠᠬᠤ ᠠᠯᠢ | ᠣᠯᠠᠨ ᠳᠡᠯᠡᠬᠡᠢ ᠶᠢᠨ ᠭᠡᠨᠡᠳᠲᠡ ᠶᠢᠨ ᠬᠡᠷᠡᠭ ᠢ ᠯᠠᠪᠳᠠᠭᠤᠨ ᠢᠶᠠᠷ ᠠᠷᠭᠠᠴᠠᠭᠠᠵᠤ᠂ ᠤᠯᠤᠰ ᠲᠦᠷᠦ᠂ ᠠᠵᠤ ᠠᠬᠤᠢ ᠶᠢᠨ ᠬᠦᠷᠢᠶ᠎ᠡ ᠴᠠᠷᠠᠭ᠎ᠠ ᠪᠠ ᠪᠠᠶᠢᠭᠠᠯᠢ ᠠᠴᠠ | ᠢᠷᠡᠭᠰᠡᠨ ᠬᠦᠴᠢᠷᠳᠡᠯ ᠪᠠ ᠠᠶᠤᠯ ᠲᠦᠭᠰᠢᠭᠦᠷᠢ ᠶᠢ ᠢᠯᠠᠨ ᠳᠠᠪᠠᠵᠤ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠣᠩᠭᠤᠴᠠ ᠢᠮᠠᠭᠲᠠ ᠵᠦᠪ ᠴᠢᠭᠯᠡᠯ ᠢᠶᠠᠷ ᠳᠠᠪᠠᠯᠭᠠᠨ ᠢ ᠵᠦᠰᠦᠨ ᠤᠷᠤᠭᠰᠢᠯᠠᠬᠤ ᠶᠢ ᠪᠠᠲᠤᠯᠠᠪᠠ᠃ ᠨᠠᠮ ᠤᠨ ᠠᠷᠪᠠᠨ ᠭᠤᠷᠪᠠᠳᠤᠭᠠᠷ | ᠬᠤᠭᠤᠴᠠᠭᠠᠨ ᠤ ᠲᠦᠪ ᠬᠤᠷᠢᠶᠠᠨ ᠤ ᠳᠦᠷᠪᠡᠳᠦᠭᠡᠷ ᠪᠦᠭᠦᠳᠡ ᠬᠤᠷᠠᠯ ᠠᠴᠠ ᠨᠠᠭᠠᠰᠢᠬᠢ ᠠᠷᠪᠠᠨ ᠭᠤᠷᠪᠠᠨ ᠵᠢᠯ ᠳᠤ ᠮᠠᠨ ᠤ ᠨᠠᠮ ᠪᠠ ᠤᠯᠤᠰ ᠯᠣᠲᠣ ᠶᠡᠭᠡ | ᠠᠮᠵᠢᠯᠲᠠ ᠪᠦᠲᠦᠮᠵᠢ ᠣᠯᠣᠭᠰᠠᠨ ᠨᠢ ᠮᠠᠷᠺᠰ ᠤᠨ ᠦᠵᠡᠯ ᠤᠨ ᠤᠯᠤᠰ ᠲᠦᠷᠦᠴᠢᠨ ᠪᠣᠯᠣᠭᠰᠠᠨ ᠵᠢᠶᠠᠩ ᠽᠧ ᠮᠢᠨ ᠨᠦᠬᠦᠷ ᠤᠨ ᠰᠢᠯᠭᠠᠷᠠᠭᠰᠠᠨ ᠡᠷᠳᠡᠮ ᠠᠤᠭ᠎ᠠ | ᠪᠣᠳᠣᠯᠭ᠎ᠠ᠂ ᠵᠠᠩᠭᠢᠯᠠᠭ᠎ᠠ ᠶᠢᠨ ᠦᠢᠯᠡᠳᠦᠯ᠂ ᠬᠡᠳᠦ᠋ᠢᠳᠦᠭᠰᠡᠨ ᠤᠯᠤᠰ ᠲᠦᠷᠦ ᠶᠢᠨ ᠤᠳᠤᠷᠢᠳᠬᠤ ᠴᠢᠳᠠᠪᠤᠷᠢ ᠲᠠᠢ ᠰᠠᠯᠤᠰᠢ ᠦᠭᠡᠢ ᠶᠤᠮ᠃ | ᠵᠢᠶᠠᠩ ᠽᠧ ᠮᠢᠨ ᠨᠥᠬᠦᠷ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠭᠰᠠᠨ | ᠬᠤᠭᠤᠴᠠᠭᠠᠨ ᠳᠠᠭᠠᠨ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠴᠢᠬᠤᠯᠠ ᠶᠡᠭᠡ ᠬᠤᠪᠢᠷᠠᠯᠲᠠ ᠪᠠ ᠳᠡᠯᠡᠬᠡᠢ ᠶᠢᠨ ᠴᠡᠷᠢᠭ ᠤᠨ ᠶᠠᠪᠤᠳᠠᠯ ᠤᠨ ᠰᠢᠨ᠎ᠡ | ᠬᠤᠪᠢᠰᠤᠯᠲᠠ ᠶᠢᠨ ᠬᠥᠭᠵᠢᠯᠲᠡ ᠶᠢᠨ ᠬᠠᠨᠳᠤᠰᠢ ᠶᠢ ᠭᠦᠨᠵᠡᠭᠡᠢ ᠠᠵᠢᠭᠯᠠᠨ ᠡᠵᠡᠮᠳᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠠᠯᠢ ᠤᠯᠠᠨ ᠰᠢᠨ᠎ᠡ ᠨᠤᠲᠠᠯᠠᠯᠲᠠ ᠰᠢᠨ᠎ᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ | ᠮᠠᠤ ᠽᠧ ᠳ᠋ᠦᠩ ᠤᠨ ᠴᠡᠷᠢᠭ ᠤᠨ ᠶᠠᠪᠤᠳᠠᠯ ᠤᠨ ᠦᠵᠡᠯ ᠰᠠᠨᠠᠭ᠎ᠠ ᠪᠠ ᠳ᠋ᠧᠩ ᠰᠢᠶᠣᠣ ᠫᠢᠩ ᠤᠨ ᠰᠢᠨ᠎ᠡ ᠴᠠᠭ ᠦᠶ᠎ᠡ ᠶᠢᠨ ᠴᠡᠷᠢᠭ ᠠᠩᠭᠢ ᠶᠢᠨ ᠪᠦᠲᠦᠭᠡᠨ | ᠪᠠᠶᠢᠭᠤᠯᠤᠯᠲᠠ ᠶᠢᠨ ᠦᠵᠡᠯ ᠰᠠᠨᠠᠭ᠎ᠠ ᠶᠢ ᠪᠠᠶᠠᠯᠢᠭᠵᠢᠭᠤᠯᠤᠨ ᠬᠥᠭᠵᠢᠭᠦᠯᠦᠭᠡᠳ᠂ ᠵᠢᠶᠠᠩ ᠽᠧ ᠮᠢᠨ ᠤ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠦᠵᠡᠯ ᠰᠠᠨᠠᠭ᠎ᠠ ᠶᠢ ᠡᠭᠦᠳᠴᠦ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠤᠳᠤᠷᠢᠳᠤᠭᠠᠳ ᠯᠤᠲᠤ ᠶᠡᠭᠡ ᠠᠮᠵᠢᠯᠲᠠ ᠪᠦᠲᠦᠮᠵᠢ ᠣᠯᠪᠠ᠃ ᠵᠢᠶᠠᠩ ᠽᠧ ᠮᠢᠨ ᠨᠥᠬᠦᠷ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠪᠣᠯᠣᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠩᠭᠤᠢ ᠪᠠᠷ ᠬᠥᠭᠵᠢᠭᠦᠯᠬᠦ ᠴᠢᠭᠯᠡᠯᠲᠡ ᠶᠢ | ᠪᠠᠷᠢᠮᠲᠠᠯᠠᠵᠤ᠂ ᠠᠷᠠᠳ ᠤᠨ ᠴᠡᠷᠢᠭ ᠠᠩᠭᠢ ᠶᠢᠨ ᠬᠤᠪᠢᠰᠬᠠᠯᠵᠢᠬᠤ᠂ᠣᠳᠣᠬᠢᠴᠢᠯᠠᠬᠤ᠂ ᠵᠢᠩᠬᠢᠨᠢᠴᠢᠯᠡᠬᠦ ᠪᠠᠶᠢᠭᠤᠯᠤᠯᠲᠠ ᠶᠢ ᠴᠢᠩᠭᠠᠳᠬᠠᠬᠤ ᠭᠡᠷᠡᠭᠲᠡᠢ︔ ᠤᠯᠤᠰ | ᠲᠦᠷᠦ ᠶᠢᠨ ᠲᠠᠯ᠎ᠠ ᠪᠠᠷ ᠬᠢᠷᠢ ᠲᠡᠩᠴᠡᠭᠰᠡᠨ᠂ ᠴᠡᠷᠢᠭ ᠤᠨ ᠶᠠᠪᠤᠳᠠᠯ ᠤᠨ ᠲᠠᠯ᠎ᠠ ᠪᠠᠷ ᠰᠢᠯᠭᠠᠷᠠᠭᠰᠠᠨ᠂ ᠰᠤᠷᠲᠠᠯ ᠰᠢᠯᠢᠳᠡᠭ᠂ ᠰᠠᠬᠢᠯᠭ᠎ᠠ ᠪᠠᠲᠤ ᠴᠢᠩᠭ᠎ᠠ᠂ ᠪᠠᠲᠤᠯᠠᠭ᠎ᠠ | ᠬᠦᠴᠦᠲᠡᠢ ᠪᠠᠶᠢᠬᠤ ᠶᠡᠷᠦᠩᠬᠡᠢ ᠱᠠᠭᠠᠷᠳᠠᠯᠭ᠎ᠠ ᠶᠣᠰᠣᠭᠠᠷ ᠪᠠᠶᠢᠯᠳᠤᠭᠠᠨ ᠳᠤ ᠢᠯᠠᠯᠲᠠ ᠣᠯᠵᠤ ᠳᠡᠶᠢᠯᠭᠦ᠂ ᠴᠢᠨᠠᠷ ᠦᠯᠦ ᠬᠤᠪᠢᠷᠠᠬᠤ ᠲᠡᠦᠬᠡᠲᠦ ᠴᠢᠨᠠᠷᠲᠠᠢ ᠬᠤᠶᠠᠷ | ᠰᠡᠳᠦᠪ ᠲᠠᠢ ᠨᠢᠭᠲᠠ ᠤᠶᠠᠯᠳᠤᠭᠤᠯᠤᠨ᠂ ᠠᠷᠠᠳ ᠤᠨ ᠴᠡᠷᠢᠭ ᠠᠩᠭᠢ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠭᠡᠷᠡᠭᠳᠠᠢ︔ ᠨᠠᠮ ᠤᠨ ᠠᠷᠠᠳ ᠤᠨ | ᠴᠡᠷᠢᠭ ᠠᠩᠭᠢ ᠳᠠᠬᠢ ᠬᠠᠷᠢᠴᠠᠯᠠᠰᠢᠭᠦᠢ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ | ᠢᠮᠠᠭᠲᠠ ᠮᠠᠨ ᠤ ᠴᠡᠷᠢᠭ ᠤᠨ ᠡᠯ᠎ᠡ ᠵᠦᠢᠯ ᠤᠨ ᠪᠠᠶᠢᠭᠤᠯᠤᠯᠲᠠ ᠶᠢᠨ ᠲᠡᠷᠢᠭᠦᠨ ᠪᠠᠶᠢᠷᠢᠨ ᠳᠤ ᠲᠠᠯᠪᠢᠵᠤ᠂ ᠠᠷᠠᠳ ᠤᠨ ᠴᠡᠷᠢᠭ ᠠᠩᠭᠢ ᠶᠢᠨ ᠰᠢᠨᠵᠢ ᠴᠢᠨᠠᠷ᠂ ᠣᠣᠷ | ᠴᠢᠨᠠᠷ᠂ ᠬᠡᠪ ᠰᠤᠷᠲᠠᠯ ᠢ ᠡᠭᠦᠷᠢᠳᠡ ᠬᠠᠳᠠᠭᠠᠯᠠᠬᠤ ᠭᠡᠷᠡᠭᠳᠠᠢ︔ ᠢᠳᠡᠪᠬᠢᠲᠡᠢ ᠰᠡᠷᠭᠡᠶᠢᠯᠡᠯᠲᠡ ᠬᠢᠬᠦ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ | ᠴᠢᠭᠯᠡᠯᠲᠡ ᠶᠢ ᠲᠤᠭᠤᠰᠢᠯᠠᠭᠤᠯᠤᠨ᠂ ᠳᠤᠮᠳᠠᠳᠤ ᠤᠯᠤᠰ ᠤᠨ ᠣᠨᠴᠠᠯᠢᠭ ᠲᠠᠢ ᠴᠡᠷᠢᠭ ᠤᠨ ᠶᠠᠪᠤᠳᠠᠯ ᠤᠨ ᠬᠤᠪᠢᠰᠤᠯᠲᠠ ᠶᠢ ᠠᠬᠢᠭᠤᠯᠵᠤ᠂ ᠮᠡᠳᠡᠭᠡ ᠵᠠᠩᠭᠢᠵᠢᠯᠲᠠ ᠶᠢᠨ | ᠴᠡᠷᠢᠭ ᠠᠩᠭᠢ ᠶᠢ ᠪᠠᠶᠢᠭᠤᠯᠬᠤ᠂ ᠮᠡᠳᠡᠭᠡ ᠵᠠᠩᠭᠢᠵᠢᠯᠲᠠ ᠶᠢᠨ ᠲᠠᠶᠢᠨ ᠳᠤ ᠢᠯᠠᠯᠲᠠ ᠣᠯᠬᠤ ᠬᠠᠷᠠᠯᠲᠠ ᠶᠣᠰᠣᠭᠠᠷ᠂ ᠳᠤᠮᠳᠠᠳᠤ ᠤᠯᠤᠰ ᠤᠨ ᠣᠨᠴᠠᠯᠢᠭ ᠲᠠᠢ | ᠴᠡᠷᠢᠭ ᠢ ᠰᠢᠯᠢᠳᠡᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠮᠠᠨ ᠤ ᠴᠡᠷᠢᠭ ᠤᠨ ᠣᠳᠣᠬᠢᠴᠢᠯᠠᠯᠲᠠ ᠶᠢᠨ ᠲᠠᠪᠠᠯᠳᠠᠳᠤ ᠮᠠᠶ᠋ᠢᠭ ᠤᠨ ᠬᠥᠭᠵᠢᠯᠲᠡ ᠶᠢ | ᠪᠡᠶᠡᠯᠡᠭᠦᠯᠬᠦ ᠭᠡᠷᠡᠭᠳᠠᠢ︔ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠴᠡᠷᠢᠭ ᠢ | ᠴᠢᠩᠭ᠎ᠠ ᠵᠠᠰᠠᠬᠤ᠂ ᠬᠠᠤᠯᠢ ᠪᠠᠷ ᠴᠡᠷᠢᠭ ᠢ ᠵᠠᠰᠠᠬᠤ᠂ ᠠᠵᠢᠯᠴᠢ ᠠᠷᠪᠢᠴᠢ ᠪᠠᠷ ᠴᠡᠷᠢᠭ ᠢ ᠪᠠᠶᠢᠭᠤᠯᠬᠤ ᠶᠢ ᠪᠠᠷᠢᠮᠲᠠᠯᠠᠵᠤ᠂ ᠰᠢᠨ᠎ᠡ ᠲᠡᠦᠬᠡᠨ ᠨᠥᠬᠦᠴᠡᠯ ᠳᠣᠣᠷᠠᠬᠢ | ᠴᠡᠷᠢᠭ ᠢ ᠵᠠᠰᠠᠬᠤ ᠣᠨᠴᠠᠯᠢᠭ ᠪᠠ ᠵᠢᠮ᠎ᠡ ᠶᠣᠰᠣ ᠶᠢ ᠰᠦᠪᠡᠭᠴᠢᠯᠡᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠮᠠᠨ ᠤ ᠴᠡᠷᠢᠭ ᠤᠨ ᠡᠯ᠎ᠡ ᠵᠦᠢᠯ ᠤᠨ | ᠪᠠᠶᠢᠭᠤᠯᠤᠯᠲᠠ ᠶᠢ ᠠᠬᠢᠭᠤᠯᠬᠤ ᠭᠡᠷᠡᠭᠳᠠᠢ︔ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ ᠴᠢᠳᠠᠪᠤᠷᠢ ᠪᠠᠨ ᠨᠡᠮᠡᠭᠳᠡᠭᠦᠯᠦᠨ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠵᠡᠪᠰᠡᠭ ᠲᠣᠨᠣᠭᠯᠠᠯ ᠤᠨ ᠬᠥᠭᠵᠢᠯᠲᠡ ᠶᠢ ᠲᠦᠷᠭᠡᠳᠬᠡᠵᠦ᠂ ᠣᠷᠣᠭᠤᠯᠤᠯᠲᠠ ᠪᠠᠷ ᠨᠡᠯᠢᠶᠡᠳ ᠪᠠᠭ᠎ᠠ᠂ | ᠦᠷ᠎ᠡ ᠠᠰᠢᠭ ᠢᠶᠠᠷ ᠨᠡᠯᠢᠶᠡᠳ ᠥᠨᠳᠥᠷ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠮ ᠢ ᠨᠡᠭᠡᠭᠡᠬᠦ ᠭᠡᠷᠡᠭᠳᠡᠢ︔ ᠡᠩ ᠤᠨ ᠦᠶ᠎ᠡ | ᠪᠠ ᠲᠠᠶᠢᠨ ᠤ ᠦᠶ᠎ᠡ ᠶᠢ ᠤᠶᠠᠯᠳᠤᠭᠤᠯᠬᠤ᠂ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠤᠶᠠᠯᠳᠤᠭᠤᠯᠬᠤ᠂ ᠴᠡᠷᠢᠭ ᠤᠨ ᠬᠡᠷᠡᠭᠯᠡᠭᠡ ᠶᠢ ᠠᠷᠠᠳ ᠤᠨ | ᠬᠡᠷᠡᠭᠯᠡᠭᠡ ᠶᠢᠨ ᠳᠣᠲᠣᠷ᠎ᠠ ᠠᠬᠤᠭᠤᠯᠬᠤ ᠴᠢᠭᠯᠡᠯᠲᠡ ᠶᠣᠰᠣᠭᠠᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ | ᠳᠡᠭᠡᠳᠦ ᠮᠡᠷᠭᠡᠵᠢᠯ ᠤᠨ ᠨᠥᠬᠦᠴᠡᠯ ᠳᠣᠣᠷᠠᠬᠢ ᠠᠷᠠᠳ ᠤᠨ ᠲᠠᠶᠢᠨ ᠤ ᠪᠠᠶᠢᠯᠳᠤᠬᠤ ᠪᠣᠳᠣᠯᠭ᠎ᠠ ᠪᠠᠶᠢᠯᠳᠤᠬᠤ ᠠᠷᠭ᠎ᠠ ᠶᠢ ᠬᠥᠭᠵᠢᠭᠦᠯᠵᠦ᠂ ᠴᠡᠷᠢᠭ ᠵᠠᠰᠠᠭ ᠴᠡᠷᠢᠭ | ᠠᠷᠠᠳ ᠤᠨ ᠪᠦᠯᠬᠦᠮᠳᠡᠯ ᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠶᠤᠮ᠃ ᠡᠳᠡᠭᠡᠷ ᠪᠦᠭᠦᠨ ᠨᠢ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ | ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠳᠤ ᠠᠯᠤᠰ ᠭᠡᠳᠦ ᠶᠢᠨ ᠵᠢᠯᠤᠭᠤᠳᠬᠤ ᠠᠴᠢ ᠬᠤᠯᠪᠣᠭᠳᠠᠯ ᠲᠠᠢ ᠶᠤᠮ᠃ | ᠵᠢᠶᠠᠩ ᠽᠧ ᠮᠢᠨ ᠨᠥᠬᠦᠷ ᠮᠠᠷᠺᠰ ᠤᠨ ᠦᠵᠡᠯ ᠤᠨ ᠦᠵᠡᠯ ᠰᠠᠨᠠᠭᠠᠨ ᠤ ᠱᠤᠭᠤᠮ ᠢ ᠪᠠᠷᠢᠮᠲᠠᠯᠠᠵᠤ᠂ ᠦᠢᠯᠡᠳᠦᠯᠭᠡ ᠶᠢ ᠬᠦᠨᠳᠦᠳᠬᠡᠨ᠂ ᠤᠯᠠᠨ ᠲᠦᠮᠡᠨ ᠢ | ᠭᠦᠨᠳᠦᠳᠭᠡᠵᠦ᠂ ᠴᠠᠭ ᠦᠶ᠎ᠡ ᠶᠢᠨ ᠣᠨᠴᠠᠯᠢᠭ ᠢ ᠵᠥᠪ ᠣᠨᠣᠪᠴᠢᠲᠠᠢ ᠡᠵᠡᠮᠳᠡᠨ᠂ ᠮᠠᠨ ᠤ ᠨᠠᠮ ᠤᠨ ᠣᠷᠣᠰᠢᠵᠤ ᠪᠠᠶᠢᠭ᠎ᠠ ᠲᠡᠦᠬᠡᠨ ᠣᠷᠣᠨ ᠪᠠᠶᠢᠷᠢ ᠶᠢ ᠰᠢᠨᠵᠢᠯᠡᠬᠦ | ᠤᠬᠠᠭᠠᠨᠴᠢ ᠪᠠᠷ ᠮᠠᠭᠠᠳᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠡᠨᠡ ᠬᠦ ᠭᠤᠣᠯ ᠰᠡᠳᠦᠪ ᠤᠨ ᠲᠣᠭᠤᠷᠢᠨ ᠳᠤ᠂ | ᠥᠭᠡᠷᠡᠴᠢᠯᠡᠯᠲᠡ ᠬᠥᠭᠵᠢᠯᠲᠡ ᠲᠣᠭᠲᠠᠭᠤᠨ᠂ ᠳᠣᠲᠣᠭᠠᠳᠤ ᠵᠠᠰᠠᠭ ᠭᠠᠳᠠᠭᠠᠳᠤ ᠬᠠᠷᠢᠯᠴᠠᠭ᠎ᠠ ᠤᠯᠤᠰ ᠤᠨ ᠪᠠᠲᠤᠯᠠᠨ ᠬᠠᠮᠠᠭᠠᠯᠠᠯᠲᠠ᠂ ᠨᠠᠮ ᠢ ᠵᠠᠰᠠᠬᠤ ᠤᠯᠤᠰ ᠢ | ᠵᠠᠰᠠᠬᠤ ᠴᠡᠷᠢᠭ ᠢ ᠵᠠᠰᠠᠬᠤ ᠵᠡᠷᠭᠡ ᠡᠯ᠎ᠡ ᠲᠠᠯ᠎ᠠ ᠪᠠᠷ ᠴᠥᠮ ᠠᠯᠢ ᠤᠯᠠᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠶᠢ ᠳᠤᠷᠠᠳᠴᠤ᠂ ᠨᠠᠮ ᠤᠨ | ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠬᠥᠲᠥᠯᠪᠦᠷᠢ᠂ ᠦᠨᠳᠦᠰᠦᠨ ᠲᠤᠷᠰᠢᠯᠭ᠎ᠠ ᠶᠢ ᠪᠠᠷᠢᠮᠲᠠᠯᠠᠨ ᠬᠥᠭᠵᠢᠭᠦᠯᠬᠦ ᠳᠤ ᠭᠠᠷᠮᠠᠭᠠᠢ ᠬᠤᠪᠢ ᠨᠡᠮᠡᠷᠢ | ᠦᠵᠡᠭᠦᠯᠦᠭᠰᠡᠨ ᠶᠤᠮ᠃ ᠢᠯᠠᠩᠭᠤᠶ᠎ᠠ ᠲᠡᠷᠡ ᠪᠦᠭᠦ ᠨᠠᠮ ᠤᠨ ᠤᠶᠤᠨ ᠤᠬᠠᠭᠠᠨ ᠢ ᠲᠥᠪᠯᠡᠷᠡᠭᠦᠯᠦᠨ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠶᠢ | ᠡᠭᠦᠳᠦᠨ ᠲᠣᠭᠲᠠᠭᠠᠵᠤ᠂ ᠨᠠᠮ ᠤᠨ ᠵᠢᠯᠤᠭᠤᠳᠬᠤ ᠦᠵᠡᠯ ᠰᠠᠨᠠᠭᠠᠨ ᠤ ᠲᠠᠯ᠎ᠠ ᠪᠠᠷ ᠬᠢ ᠪᠠᠰᠠ ᠨᠢᠭᠡ ᠤᠳᠠᠭ᠎ᠠ ᠶᠢᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ | ᠪᠡᠶᠡᠯᠡᠭᠦᠯᠵᠦ᠂ ᠨᠢᠭᠡᠨ ᠵᠢᠩᠬᠢᠨᠢ ᠮᠠᠷᠺᠰ ᠤᠨ ᠦᠵᠡᠯᠲᠡᠨ ᠤ ᠯᠤᠲᠤ ᠶᠡᠭᠡ ᠤᠯᠤᠰ ᠲᠦᠷᠦ ᠶᠢᠨ ᠰᠥᠰᠥ ᠵᠣᠷᠢᠭ ᠪᠠ ᠤᠨᠤᠯ ᠤᠨ ᠰᠥᠰᠥ ᠵᠣᠷᠢᠭ ᠢ ᠢᠯᠡᠷᠡᠭᠦᠯᠦᠭᠰᠡᠨ | ᠪᠠᠶᠢᠨ᠎ᠠ᠃ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠨᠢ ᠮᠠᠨ ᠤ ᠨᠠᠮ ᠤᠨ ᠢᠮᠠᠭᠲᠠ ᠳᠤᠮᠳᠠᠳᠤ ᠤᠯᠤᠰ ᠤᠨ ᠲᠡᠷᠢᠭᠦᠨ ᠤ ᠦᠢᠯᠡᠳᠪᠦᠷᠢᠯᠡᠯ ᠤᠨ | ᠬᠦᠴᠦᠨ ᠤ ᠬᠥᠭᠵᠢᠯᠲᠡ ᠶᠢᠨ ᠱᠠᠭᠠᠷᠳᠠᠯᠭ᠎ᠠ ᠶᠢ ᠲᠥᠯᠥᠭᠡᠯᠡᠬᠦ᠂ ᠳᠤᠮᠳᠠᠳᠤ ᠤᠯᠤᠰ ᠤᠨ ᠲᠡᠷᠢᠭᠦᠨ ᠤ ᠰᠣᠶᠣᠯ ᠤᠨ ᠤᠷᠤᠭᠰᠢᠯᠠᠯᠲᠠ ᠶᠢᠨ ᠴᠢᠭᠯᠡᠯ ᠢ ᠲᠥᠯᠥᠭᠡᠯᠡᠬᠦ᠂ | ᠳᠤᠮᠳᠠᠳᠤ ᠤᠯᠤᠰ ᠤᠨ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠬᠦ ᠶᠢ ᠲᠣᠪᠤᠶᠢᠯᠭᠠᠨ ᠴᠢᠬᠤᠯᠠᠴᠢᠯᠠᠵᠤ᠂ | ᠬᠥᠮᠥᠨ ᠲᠥᠷᠥᠯᠬᠢᠲᠡᠨ ᠤ ᠲᠡᠦᠬᠡ ᠶᠢᠨ ᠬᠥᠭᠵᠢᠯᠲᠡ ᠲᠠᠪᠰᠢᠯᠳᠠ ᠶᠢᠨ ᠲᠦᠭᠡᠮᠡᠯ ᠵᠢᠮ᠎ᠡ ᠶᠣᠰᠣ ᠶᠢ ᠵᠢᠷᠤᠮᠯᠠᠨ᠂ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠪᠠ | ᠮᠠᠨ ᠤ ᠤᠯᠤᠰ ᠤᠨ ᠨᠡᠶᠢᠭᠡᠮ ᠤᠨ ᠬᠥᠭᠵᠢᠯᠲᠡ ᠲᠠᠪᠰᠢᠯᠳᠠ ᠶᠢᠨ ᠱᠠᠭᠠᠷᠳᠠᠯᠭ᠎ᠠ ᠲᠠᠢ ᠵᠣᠬᠢᠴᠠᠵᠤ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠠᠰᠢᠭ ᠲᠤᠰᠠ ᠪᠠ ᠬᠦᠰᠡᠯ ᠡᠷᠡᠮᠡᠯᠵᠡᠯ ᠢ ᠲᠤᠰᠬᠠᠨ᠂ ᠰᠢᠨ᠎ᠡ ᠪᠠᠶᠢᠳᠠᠯ ᠤᠨ ᠳᠣᠣᠷ᠎ᠠ ᠨᠠᠮ ᠤᠨ ᠲᠦᠷᠦ ᠪᠠᠷᠢᠬᠤ ᠴᠢᠳᠠᠪᠤᠷᠢ ᠶᠢ ᠳᠡᠭᠡᠭᠰᠢᠯᠡᠭᠦᠯᠭᠦ᠂ | ᠨᠠᠮ ᠤᠨ ᠲᠦᠷᠦ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠬᠦ᠂ ᠨᠠᠮ ᠤᠨ ᠲᠦᠷᠦ ᠪᠠᠷᠢᠬᠤ ᠲᠡᠦᠬᠡᠨ ᠡᠭᠦᠷᠭᠡ ᠶᠢ ᠪᠡᠶᠡᠯᠡᠭᠦᠯᠬᠦ ᠶᠢᠨ ᠦᠨᠳᠦᠰᠦ ᠶᠢ ᠠᠳᠬᠤᠵᠤ | ᠴᠢᠳᠠᠵᠠᠢ᠃ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭᠠᠨ ᠤ ᠬᠠᠮᠤᠭ ᠤᠨ ᠢᠯᠡ ᠲᠣᠳᠣ ᠣᠨᠴᠠᠯᠢᠭ ᠪᠠ ᠬᠠᠮᠤᠭ ᠤᠨ ᠲᠣᠪᠤᠶᠢᠮ᠎ᠠ ᠬᠤᠪᠢ ᠨᠡᠮᠡᠷᠢ | ᠪᠣᠯ ᠠᠯᠢ ᠤᠯᠠᠨ ᠨᠢᠭᠲᠠ ᠬᠤᠯᠪᠣᠯᠳᠤᠭᠰᠠᠨ᠂ ᠬᠠᠷᠢᠯᠴᠠᠨ ᠨᠡᠪᠲᠡᠷᠡᠯᠴᠡᠭᠰᠡᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠪᠠᠷ ᠶᠠᠭᠤ ᠶᠢ | ᠨᠡᠶᠢᠭᠡᠮ ᠵᠢᠷᠤᠮ ᠭᠡᠬᠦ᠂ ᠨᠡᠶᠢᠭᠡᠮ ᠵᠢᠷᠤᠮ ᠢ ᠬᠡᠷᠬᠢᠨ ᠪᠦᠲᠦᠭᠡᠨ ᠪᠠᠶᠢᠭᠤᠯᠬᠤ ᠠᠰᠠᠭᠤᠳᠠᠯ ᠳᠤ ᠤᠯᠠᠮ ᠴᠢᠨᠠᠭᠰᠢᠳᠠ ᠬᠠᠷᠢᠭᠤᠯᠲᠠ ᠥᠭᠴᠦ᠂ ᠶᠠᠮᠠᠷ ᠶᠠᠩᠵᠤ ᠶᠢᠨ | ᠨᠠᠮ ᠢ ᠪᠠᠶᠢᠭᠤᠯᠬᠤ᠂ ᠨᠠᠮ ᠢ ᠬᠡᠷᠬᠢᠨ ᠪᠠᠶᠢᠭᠤᠯᠬᠤ ᠠᠰᠠᠭᠤᠳᠠᠯ ᠳᠤ ᠪᠦᠲᠦᠭᠡᠯᠴᠢ ᠴᠢᠨᠠᠷᠲᠠᠢ ᠬᠠᠷᠢᠭᠤᠯᠲᠠ ᠥᠭᠴᠦ᠂ ᠮᠠᠷᠺᠰ ᠯᠧᠨᠢᠨ ᠤ ᠦᠵᠡᠯ᠂ ᠮᠠᠤ ᠽᠧ | ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠤᠨᠤᠯ ᠤᠨ ᠵᠠᠯᠭᠠᠮᠵᠢᠯᠠᠯ ᠪᠠ ᠬᠥᠭᠵᠢᠭᠦᠯᠦᠯᠲᠡ ᠪᠠᠶᠢᠵᠤ᠂ ᠪᠢᠳᠡᠨ ᠤ ᠰᠢᠨ᠎ᠡ ᠴᠠᠭ ᠦᠶ᠎ᠡ ᠶᠢᠨ ᠨᠥᠬᠦᠴᠡᠯ | ᠳᠣᠣᠷ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠠᠬᠢᠭᠤᠯᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠵᠢᠮ᠎ᠡ ᠶᠣᠰᠣᠨ ᠤ | ᠲᠤᠬᠠᠢ ᠲᠠᠨᠢᠯᠲᠠ ᠶᠢ ᠭᠦᠨᠵᠡᠭᠡᠶᠢᠷᠡᠭᠦᠯᠦᠭᠰᠡᠨ ᠳᠤ ᠪᠠᠶᠢᠨ᠎ᠠ᠃ | ᠵᠢᠶᠠᠩ ᠽᠧ ᠮᠢᠨ ᠨᠥᠬᠦᠷ ᠨᠠᠮ ᠪᠠ ᠠᠷᠠᠳ ᠲᠦᠮᠡᠨ ᠤ ᠦᠢᠯᠡᠰ ᠲᠤ ᠬᠤᠯᠪᠣᠭᠳᠠᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠰᠠᠭᠤᠳᠠᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠪᠠ᠃ ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ ᠢ ᠪᠡᠯᠡᠳᠬᠡᠬᠦ ᠬᠤᠭᠤᠴᠠᠭᠠᠨ ᠳᠤ᠂ ᠵᠢᠶᠠᠩ ᠽᠧ ᠮᠢᠨ ᠨᠥᠬᠦᠷ ᠨᠠᠮ ᠪᠠ ᠤᠯᠤᠰ | ᠭᠡᠷ ᠤᠨ ᠠᠵᠢᠯ ᠦᠢᠯᠡᠰ ᠤᠨ ᠠᠯᠤᠰ ᠭᠡᠳᠦ ᠶᠢᠨ ᠬᠥᠭᠵᠢᠯᠲᠡ ᠶᠢᠨ ᠲᠥᠯᠥᠭᠡ᠂ ᠨᠠᠮ ᠪᠠ ᠤᠯᠤᠰ ᠭᠡᠷ ᠤᠨ ᠥᠨᠢ ᠤᠳᠠᠭᠠᠨ ᠠᠮᠤᠷ ᠲᠦᠪᠰᠢᠨ ᠤ ᠲᠥᠯᠥᠭᠡ᠂ | ᠲᠡᠷᠡ ᠰᠠᠨᠠᠭᠠᠴᠢᠯᠠᠭ᠎ᠠ ᠠᠴᠠ ᠪᠠᠨ ᠨᠠᠮ ᠤᠨ ᠲᠥᠪ ᠬᠤᠷᠢᠶᠠᠨ ᠤ ᠤᠳᠤᠷᠢᠳᠬᠤ ᠲᠤᠰᠢᠶᠠᠯ ᠢ ᠡᠭᠦᠷᠭᠡᠯᠡᠬᠦ ᠪᠠᠨ ᠪᠣᠯᠢᠬᠤ ᠶᠢᠨ ᠬᠠᠮᠲᠤ ᠨᠠᠮ ᠤᠨ ᠲᠥᠪ ᠬᠤᠷᠢᠶ᠎ᠠ ᠶᠢᠨ | ᠭᠡᠰᠢᠭᠦᠨ ᠠᠴᠠ ᠪᠠᠨ ᠪᠠᠭᠤᠵᠤ᠂ ᠨᠠᠮ ᠪᠠ ᠲᠦᠷᠦ ᠶᠢᠨ ᠳᠡᠭᠡᠳᠦ ᠳᠠᠪᠬᠤᠷᠭ᠎ᠠ ᠶᠢᠨ ᠤᠳᠤᠷᠢᠳᠤᠯᠭ᠎ᠠ ᠶᠢᠨ ᠰᠢᠨ᠎ᠡ ᠬᠠᠭᠤᠴᠢᠨ ᠤ ᠰᠣᠯᠢᠭᠳᠠᠯ ᠢ ᠠᠬᠢᠭᠤᠯᠬᠤ ᠳᠤ | ᠠᠰᠢᠭᠲᠠᠢ ᠪᠣᠯᠭᠠᠨ᠎ᠠ ᠭᠡᠵᠦ ᠳᠤᠷᠠᠳᠪᠠ᠃ ᠨᠠᠮ ᠤᠨ ᠲᠥᠪ ᠬᠤᠷᠢᠶ᠎ᠠ ᠵᠢᠶᠠᠩ ᠽᠧ ᠮᠢᠨ ᠨᠥᠬᠦᠷ ᠤᠨ ᠭᠤᠶᠤᠴᠢᠯᠠᠯ ᠢ ᠵᠥᠪᠰᠢᠶᠡᠷᠡᠪᠡ᠃ ᠲᠤᠬᠠᠢ ᠶᠢᠨ ᠦᠶ᠎ᠡ ᠶᠢᠨ | ᠳᠡᠯᠡᠬᠡᠢ ᠶᠢᠨ ᠪᠠᠶᠢᠳᠠᠯ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ | ᠪᠠᠶᠢᠭᠤᠯᠤᠯᠲᠠ ᠶᠢᠨ ᠡᠭᠦᠷᠭᠡ ᠬᠦᠨᠳᠦ ᠨᠦᠰᠡᠷ ᠪᠠᠶᠢᠭᠰᠠᠨ ᠪᠠᠶᠢᠳᠠᠯ ᠢ ᠪᠣᠳᠣᠯᠬᠢᠯᠠᠭᠠᠳ᠂ ᠨᠠᠮ ᠤᠨ ᠠᠷᠪᠠᠨ ᠵᠢᠷᠭᠤᠳᠤᠭᠠᠷ ᠬᠤᠭᠤᠴᠠᠭᠠᠨ ᠤ ᠲᠥᠪ ᠬᠤᠷᠢᠶᠠᠨ ᠤ | ᠠᠩᠬᠠᠳᠤᠭᠠᠷ ᠪᠦᠭᠦᠳᠡ ᠬᠤᠷᠠᠯ ᠠᠴᠠ ᠵᠢᠶᠠᠩ ᠽᠧ ᠮᠢᠨ ᠨᠥᠬᠦᠷ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠶᠢᠨ ᠲᠤᠰᠢᠶᠠᠯ ᠢ ᠦᠷᠭᠦᠯᠵᠢᠯᠡᠨ ᠡᠭᠦᠷᠭᠡᠯᠡᠭᠦᠯᠬᠦ ᠪᠠᠷ ᠲᠣᠭᠲᠠᠪᠠ᠃ ᠨᠠᠮ ᠤᠨ ᠠᠷᠪᠠᠨ ᠵᠢᠷᠭᠤᠳᠤᠭᠠᠷ ᠬᠤᠭᠤᠴᠠᠭᠠᠨ ᠤ ᠲᠥᠪ | ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠤᠨ ᠳᠠᠷᠠᠭ᠎ᠠ᠂ ᠵᠢᠶᠠᠩ ᠽᠧ ᠮᠢᠨ ᠨᠥᠬᠦᠷ ᠬᠤ᠋ ᠶᠢᠨ ᠲᠤᠤ ᠨᠥᠬᠦᠷ ᠢᠶᠠᠷ ᠶᠡᠷᠦᠩᠬᠡᠢ ᠱᠦᠵᠢ ᠪᠤᠯᠭᠠᠬᠰᠠᠨ ᠰᠢᠨ᠎ᠡ | ᠨᠢᠭᠡ ᠬᠤᠭᠤᠴᠠᠭᠠᠨ ᠤ ᠲᠥᠪ ᠬᠤᠷᠢᠶᠠᠨ ᠤ ᠤᠳᠤᠷᠢᠳᠬᠤ ᠬᠠᠮᠲᠤ ᠶᠢᠨ ᠠᠵᠢᠯ ᠢ ᠪᠦᠭᠦ ᠬᠦᠴᠦ ᠪᠠᠷ ᠢᠶᠠᠨ ᠳᠡᠮᠵᠢᠵᠦ᠂ ᠨᠠᠮ ᠤᠨ ᠲᠥᠪ ᠬᠤᠷᠢᠶ᠎ᠠ ᠠᠴᠠ ᠲᠡᠭᠦᠨ ᠳᠤ | ᠲᠤᠰᠢᠶᠠᠭᠰᠠᠨ ᠲᠤᠰᠢᠶᠠᠯ ᠬᠠᠷᠢᠭᠤᠴᠠᠯᠭ᠎ᠠ ᠪᠠᠨ ᠪᠦᠭᠦ ᠰᠡᠳᠬᠢᠯ ᠪᠦᠭᠦ ᠬᠦᠴᠦ ᠪᠠᠷ ᠢᠶᠠᠨ ᠭᠦᠢᠴᠡᠳᠬᠡᠪᠡ᠃ 2004 ᠣᠨ ᠳᠤ᠂ ᠵᠢᠶᠠᠩ ᠽᠧ ᠮᠢᠨ ᠨᠥᠬᠦᠷ ᠨᠠᠮ | ᠪᠠ ᠤᠯᠤᠰ ᠤᠨ ᠠᠵᠢᠯ ᠦᠢᠯᠡᠰ ᠤᠨ ᠠᠯᠤᠰ ᠭᠡᠳᠦ ᠶᠢᠨ ᠬᠥᠭᠵᠢᠯᠲᠡ ᠶᠢᠨ ᠶᠡᠭᠡ ᠲᠠᠯ᠎ᠠ ᠠᠴᠠ ᠡᠭᠦᠰᠴᠦ᠂ ᠪᠠᠰᠠ ᠰᠠᠨᠠᠭᠠᠴᠢᠯᠠᠭ᠎ᠠ ᠠᠴᠠ ᠪᠠᠨ ᠲᠡᠭᠦᠨ ᠤ | ᠡᠭᠦᠷᠭᠡᠯᠡᠭᠰᠡᠨ ᠨᠠᠮ ᠪᠠ ᠤᠯᠤᠰ ᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠶᠢᠨ ᠲᠤᠰᠢᠶᠠᠯ ᠠᠴᠠ ᠪᠠᠨ ᠪᠠᠭᠤᠬᠤ ᠪᠠᠷ ᠳᠤᠷᠠᠳᠤᠭᠰᠠᠨ ᠨᠢ | ᠲᠡᠭᠦᠨ ᠤ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠲᠤᠬᠠᠢ ᠭᠦᠨ ᠰᠠᠨᠠᠭ᠎ᠠ ᠠᠯᠤᠰ ᠤᠨ ᠪᠣᠳᠣᠯᠬᠢᠯᠠᠯ ᠢ ᠭᠦᠢᠴᠡᠳ ᠬᠠᠷᠠᠭᠤᠯᠪᠠ᠃ | ᠤᠳᠤᠷᠢᠳᠬᠤ ᠪᠠᠶᠢᠷᠢ ᠠᠴᠠ ᠪᠠᠨ ᠪᠠᠭᠤᠭᠰᠠᠨ ᠤ ᠳᠠᠷᠠᠭ᠎ᠠ᠂ ᠵᠢᠶᠠᠩ ᠽᠧ ᠮᠢᠨ ᠨᠥᠬᠦᠷ ᠨᠠᠮ ᠤᠨ ᠲᠥᠪ ᠬᠤᠷᠢᠶᠠᠨ ᠤ ᠠᠵᠢᠯ ᠢ ᠡᠷᠡᠰ ᠬᠦᠷᠢᠶᠡᠯᠡᠨ | ᠳᠡᠮᠵᠢᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠢ ᠬᠠᠯᠠᠮᠵᠢᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠳᠡᠮᠵᠢᠪᠡ᠃ 2006 ᠣᠨ ᠳᠤ᠂ ᠵᠢᠶᠠᠩ ᠽᠧ ᠮᠢᠨ ᠨᠥᠬᠦᠷ ︽ᠵᠢᠶᠠᠩ ᠽᠧ ᠮᠢᠨ ᠤ | ᠵᠣᠬᠢᠶᠠᠯ ᠤᠨ ᠲᠡᠭᠦᠪᠦᠷᠢ︾ ᠶᠢᠨ ᠨᠢᠭᠡᠳᠦᠭᠡᠷ ᠪᠣᠳᠢ᠂ ᠬᠤᠶᠠᠳᠤᠭᠠᠷ ᠪᠣᠳᠢ᠂ ᠭᠤᠷᠪᠠᠳᠤᠭᠠᠷ ᠪᠣᠳᠢ ᠶᠢ ᠪᠡᠶ᠎ᠡ ᠪᠠᠷ ᠢᠶᠠᠨ ᠡᠷᠭᠢᠯᠡᠨ ᠨᠠᠶᠢᠷᠠᠭᠤᠯᠵᠤ ᠬᠠᠭᠤᠳᠠᠰᠤ | ᠳᠠᠷᠠᠭᠠᠯᠠᠨ ᠬᠢᠨᠠᠨ ᠲᠣᠭᠲᠠᠭᠠᠪᠠ᠃ ︽ᠵᠢᠶᠠᠩ ᠽᠧ ᠮᠢᠨ ᠤ ᠵᠣᠬᠢᠶᠠᠯ ᠤᠨ ᠲᠡᠭᠦᠪᠦᠷᠢ︾ ᠳᠤ ᠭᠤᠣᠯᠳᠠᠭᠤ ᠵᠢᠶᠠᠩ ᠽᠧ ᠮᠢᠨ ᠨᠥᠬᠦᠷ ᠤᠨ ᠬᠤᠷᠢᠳᠤᠭᠠᠷ ᠵᠠᠭᠤᠨ ᠤ | ᠨᠠᠶᠠᠭᠠᠳ ᠣᠨ ᠤ ᠰᠡᠭᠦᠯᠴᠢ ᠠᠴᠠ ᠬᠤᠷᠢᠨ ᠨᠢᠭᠡᠳᠦᠭᠡᠷ ᠵᠠᠭᠤᠨ ᠤ ᠡᠬᠢᠨ ᠤ ᠦᠶ᠎ᠡ ᠬᠦᠷᠲᠡᠯᠡᠬᠢ ᠲᠥᠯᠥᠭᠡᠯᠡᠬᠦ ᠴᠢᠨᠠᠷᠲᠠᠢ ᠪᠠ ᠥᠪᠡᠷᠮᠢᠴᠡ ᠪᠦᠲᠦᠭᠡᠯᠴᠢ ᠴᠢᠨᠠᠷᠲᠠᠢ | ᠴᠢᠬᠤᠯᠠ ᠵᠣᠬᠢᠶᠠᠯ ᠢ ᠣᠷᠣᠭᠤᠯᠵᠤ᠂ ᠪᠢᠳᠡᠨ ᠤ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠶᠢ ᠨᠡᠩ ᠭᠦᠨᠵᠡᠭᠡᠢ ᠰᠤᠷᠤᠯᠴᠠᠨ ᠣᠶᠢᠯᠠᠭᠠᠬᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠪᠠ ᠨᠠᠮ ᠤᠨ ᠪᠠᠶᠢᠭᠤᠯᠤᠯᠲᠠ ᠶᠢᠨ ᠠᠭᠤᠤ ᠶᠡᠭᠡ ᠰᠢᠨ᠎ᠡ ᠢᠨᠵᠧᠨᠧᠷᠢᠩ ᠢ | ᠦᠷᠭᠦᠯᠵᠢᠯᠡᠨ ᠠᠬᠢᠭᠤᠯᠬᠤ ᠳᠤ ᠴᠢᠬᠤᠯᠠ ᠵᠢᠭᠠᠬᠤ ᠮᠠᠲ᠋ᠧᠷᠢᠶᠠᠯ ᠢ ᠬᠠᠩᠭᠠᠭᠰᠠᠨ ᠪᠠᠶᠢᠨ᠎ᠠ᠃ | ᠵᠢᠶᠠᠩ ᠽᠧ ᠮᠢᠨ ᠨᠥᠬᠦᠷ ᠬᠤᠯᠠ ᠶᠢᠨ ᠬᠠᠷᠠᠴᠠ ᠲᠠᠢ᠂ ᠴᠠᠭ ᠢ ᠦᠵᠡᠨ ᠪᠠᠶᠢᠳᠠᠯ ᠢ ᠰᠢᠨᠵᠢᠵᠦ᠂ ᠢᠮᠠᠭᠲᠠ ᠳᠤᠮᠳᠠᠳᠤ ᠤᠯᠤᠰ ᠪᠠ ᠳᠡᠯᠡᠬᠡᠢ ᠶᠢᠨ | ᠬᠥᠭᠵᠢᠯᠲᠡ ᠶᠢᠨ ᠶᠡᠭᠡ ᠬᠠᠨᠳᠤᠰᠢ᠂ ᠨᠠᠮ ᠪᠠ ᠤᠯᠤᠰ ᠤᠨ ᠠᠵᠢᠯ ᠤᠨ ᠪᠦᠭᠦ ᠲᠠᠯ᠎ᠠ ᠠᠴᠠ ᠡᠭᠦᠰᠦᠨ ᠠᠰᠠᠭᠤᠳᠠᠯ ᠢ ᠠᠵᠢᠭᠯᠠᠨ ᠪᠣᠳᠣᠯᠬᠢᠯᠠᠵᠤ᠂ ᠤᠨᠤᠯ ᠤᠨ ᠰᠢᠨ᠎ᠡ | ᠡᠭᠦᠳᠦᠯᠲᠡ ᠪᠠ ᠪᠤᠰᠤᠳ ᠡᠯ᠎ᠡ ᠲᠠᠯ᠎ᠠ ᠶᠢᠨ ᠰᠢᠨ᠎ᠡ ᠡᠭᠦᠳᠦᠯᠲᠡ ᠶᠢ ᠲᠠᠰᠤᠷᠠᠯᠳᠠ ᠦᠭᠡᠢ ᠠᠬᠢᠭᠤᠯᠳᠠᠭ᠃ ᠵᠢᠶᠠᠩ ᠽᠧ ᠮᠢᠨ ᠨᠥᠬᠦᠷ ᠤᠨ ᠢᠲᠡᠭᠡᠯ ᠵᠣᠷᠢᠭ ᠡᠷᠡᠰ | ᠪᠠᠲᠤ᠂ ᠬᠡᠷᠡᠭ ᠶᠠᠪᠤᠳᠠᠯ ᠢ ᠰᠢᠢᠳᠪᠦᠷᠢᠯᠡᠬᠦ ᠳᠡᠭᠡᠨ ᠡᠷᠡᠰ ᠰᠢᠭᠤᠷᠬᠠᠢ᠂ ᠢᠮᠠᠭᠲᠠ ᠨᠠᠮ ᠪᠠ ᠠᠷᠠᠳ ᠲᠦᠮᠡᠨ ᠢ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ | ᠪᠠᠶᠢᠷᠢᠨ ᠳᠤ ᠲᠠᠯᠪᠢᠵᠤ᠂ ᠡᠪ ᠬᠠᠮᠲᠤᠴᠤᠳ ᠤᠨ ᠬᠦᠰᠡᠯᠡᠩ ᠢᠲᠡᠭᠡᠯ ᠪᠢᠰᠢᠷᠡᠯ ᠢ ᠢᠮᠠᠭᠲᠠ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠵᠠᠩᠭᠢᠯᠠᠭ᠎ᠠ ᠶᠢᠨ ᠮᠥᠴᠡ ᠳᠤ | ᠡᠷᠡᠰ ᠰᠢᠭᠤᠷᠬᠠᠢ ᠰᠢᠢᠳᠪᠦᠷᠢᠲᠦ ᠪᠣᠳᠣᠯᠭ᠎ᠠ ᠭᠠᠷᠭᠠᠬᠤ ᠶᠡᠷᠦ ᠪᠤᠰᠤ ᠶᠢᠨ ᠰᠥᠰᠥ ᠵᠣᠷᠢᠭ ᠪᠠ ᠤᠨᠤᠯ ᠤᠨ ᠲᠠᠯ᠎ᠠ ᠪᠠᠷ ᠰᠢᠨ᠎ᠡ ᠶᠢ ᠡᠭᠦᠳᠭᠦ ᠠᠤᠭ᠎ᠠ ᠶᠡᠭᠡ ᠰᠥᠰᠥ | ᠵᠣᠷᠢᠭ ᠲᠠᠢ ᠪᠠᠶᠢᠳᠠᠭ᠃ ᠵᠢᠶᠠᠩ ᠽᠧ ᠮᠢᠨ ᠨᠥᠬᠦᠷ ᠦᠢᠯᠡᠳᠦᠯᠭᠡ ᠶᠢ ᠭᠦᠨᠳᠦᠳᠭᠡᠵᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠢᠮᠠᠭᠲᠠ ᠴᠠᠭ ᠦᠶ᠎ᠡ ᠶᠢᠨ | ᠬᠥᠭᠵᠢᠯᠲᠡ ᠶᠢᠨ ᠰᠤᠳᠠᠰᠤ ᠪᠠ ᠲᠣᠭᠢᠶᠠᠯ ᠢ ᠴᠢᠩᠭ᠎ᠠ ᠡᠵᠡᠮᠳᠡᠵᠦ᠂ ᠨᠠᠮ ᠪᠠ ᠠᠷᠠᠳ ᠲᠦᠮᠡᠨ ᠤ ᠠᠮᠢᠳᠤ ᠪᠣᠳᠠᠲᠠᠢ ᠦᠢᠯᠡᠳᠦᠯᠭᠡ ᠠᠴᠠ ᠡᠭᠦᠰᠦᠨ ᠲᠤᠷᠰᠢᠯᠭ᠎ᠠ ᠶᠢ | ᠳ᠋ᠦᠩᠨᠡᠵᠦ᠂ ᠠᠷᠭ᠎ᠠ ᠵᠠᠮ ᠡᠷᠢᠵᠦ᠂ ᠨᠠᠮ ᠪᠠ ᠤᠯᠤᠰ ᠭᠡᠷ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠪᠥᠭᠡᠳ ᠵᠠᠮ ᠨᠡᠭᠡᠭᠡᠨ ᠤᠷᠤᠭᠰᠢᠯᠠᠵᠤ | ᠠᠬᠢᠭᠤᠯᠳᠠᠭ᠃ ᠵᠢᠶᠠᠩ ᠽᠧ ᠮᠢᠨ ᠨᠥᠬᠦᠷ ᠤᠯᠠᠨ ᠲᠦᠮᠡᠨ ᠢ ᠬᠦᠨᠳᠦᠳᠬᠡᠨ᠂ ᠤᠯᠠᠨ ᠲᠦᠮᠡᠨ ᠢ ᠬᠠᠯᠠᠮᠵᠢᠯᠠᠵᠤ᠂ ᠢᠮᠠᠭᠲᠠ ᠠᠷᠠᠳ ᠤᠯᠠᠨ ᠤ ᠠᠮᠤᠷ ᠲᠦᠪᠰᠢᠨ | ᠠᠶᠤᠯ ᠲᠦᠭᠰᠢᠭᠦᠷᠢ ᠬᠠᠯᠠᠭᠤᠨ ᠳᠤᠯᠠᠭᠠᠨ ᠢ ᠳᠡᠭᠡᠳᠦ ᠬᠡᠮᠵᠢᠶ᠎ᠡ ᠪᠠᠷ ᠠᠩᠬᠠᠷᠴᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ | ᠦᠨᠳᠦᠰᠦᠯᠡᠨ ᠠᠵᠢᠯ ᠢᠶᠠᠨ ᠰᠢᠯᠭᠠᠨ ᠪᠠᠶᠢᠴᠠᠭᠠᠵᠤ ᠠᠬᠢᠭᠤᠯᠳᠠᠭ᠃ ᠵᠢᠶᠠᠩ ᠽᠧ ᠮᠢᠨ ᠨᠥᠬᠦᠷ ᠤᠨ ᠰᠢᠯᠢᠳᠡᠭ ᠵᠠᠩ ᠰᠤᠷᠲᠠᠯ ᠪᠠ ᠡᠷᠬᠢᠮ ᠳᠡᠭᠡᠳᠦ ᠬᠡᠪ | ᠰᠤᠷᠲᠠᠯ ᠨᠢ ᠪᠢᠳᠡᠨ ᠢ ᠥᠨᠢ ᠡᠭᠦᠷᠢᠳᠡ ᠬᠥᠮᠥᠵᠢᠭᠦᠯᠦᠨ ᠵᠣᠷᠢᠭᠵᠢᠭᠤᠯᠵᠤ ᠤᠷᠤᠭᠰᠢᠯᠠᠭᠤᠯᠤᠨ᠎ᠠ᠃ | ᠵᠢᠶᠠᠩ ᠽᠧ ᠮᠢᠨ ᠨᠥᠬᠦᠷ ᠤᠨ ᠨᠠᠰᠤ ᠪᠠᠷᠠᠭᠰᠠᠨ ᠶᠠᠪᠤᠳᠠᠯ ᠨᠢ ᠮᠠᠨ ᠤ ᠨᠠᠮ ᠮᠠᠨ ᠤ ᠴᠡᠷᠢᠭ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠳᠤ ᠬᠡᠮᠵᠢᠶᠡᠯᠡᠰᠢ ᠦᠭᠡᠢ ᠬᠤᠬᠢᠷᠠᠯ ᠪᠣᠯᠤᠭᠰᠠᠨ ᠶᠤᠮ᠃ ᠨᠠᠮ ᠤᠨ ᠲᠥᠪ ᠬᠤᠷᠢᠶ᠎ᠠ ᠠᠴᠠ ᠪᠦᠭᠦ ᠨᠠᠮ ᠪᠦᠭᠦ ᠴᠡᠷᠢᠭ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠡᠮᠭᠡᠨᠢᠯ ᠢᠶᠠᠨ ᠬᠦᠴᠦᠨ ᠴᠢᠳᠠᠯ ᠪᠣᠯᠭᠠᠨ ᠬᠤᠪᠢᠷᠠᠭᠤᠯᠵᠤ᠂ ᠵᠢᠶᠠᠩ ᠽᠧ ᠮᠢᠨ ᠨᠥᠬᠦᠷ ᠤᠨ ᠭᠡᠷᠢᠶᠡᠰ ᠵᠣᠷᠢᠭ ᠢ | ᠵᠠᠯᠭᠠᠮᠵᠢᠯᠠᠨ᠂ ᠪᠣᠳᠠᠲᠤ ᠠᠵᠢᠯᠯᠠᠭ᠎ᠠ ᠪᠠᠷ ᠢᠶᠠᠨ ᠭᠠᠰᠢᠭᠤᠳᠠᠯ ᠢᠶᠠᠨ ᠢᠯᠡᠳᠬᠡᠬᠦ ᠶᠢ ᠤᠷᠢᠶᠠᠯᠠᠵᠤ ᠪᠠᠶᠢᠨ᠎ᠠ᠃ | ᠪᠢᠳᠡ ᠡᠷᠬᠡᠪᠰᠢ ᠨᠡᠩ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠪᠦᠯᠬᠦᠮᠳᠡᠵᠦ | ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠠᠬᠢᠭᠤᠯᠵᠤ᠂ ᠰᠢᠨ᠎ᠡ ᠴᠠᠭ | ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠵᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢᠶᠠᠷ | ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠵᠤ᠂ ᠮᠠᠨ ᠤ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠢᠮᠠᠭᠲᠠ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠪᠠᠲᠤ ᠴᠢᠩᠭ᠎ᠠ ᠤᠳᠤᠷᠢᠳᠬᠤ ᠭᠤᠣᠯᠯᠠᠭᠴᠢ ᠪᠤᠯᠬᠤ ᠶᠢ ᠠᠬᠢᠭᠤᠯᠬᠤ ᠬᠡᠷᠡᠭᠲᠡᠢ᠃ | ᠪᠢᠳᠡ ᠡᠷᠬᠡᠪᠰᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠣᠨᠣᠯ᠂ ︽ᠭᠤᠷᠪᠠ ᠶᠢ ᠲᠥᠯᠥᠭᠡᠯᠡᠬᠦ︾ | ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠮᠠᠷᠺᠰ ᠤᠨ ᠦᠵᠡᠯ ᠤᠨ ᠦᠨᠳᠦᠰᠦᠨ ᠤᠭ | ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ | ᠪᠠᠷᠢᠮᠲᠠᠯᠠᠵᠤ᠂ ᠦᠵᠡᠯ ᠰᠠᠨᠠᠭ᠎ᠠ ᠪᠠᠨ ᠴᠢᠯᠦᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠦᠨᠡᠨ ᠢ ᠪᠠᠷᠢᠮᠲᠠᠯᠠᠨ | ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠣᠨᠣᠯ ᠤᠨ ᠰᠦᠪᠡᠭᠴᠢᠯᠡᠯᠲᠡ ᠪᠠ ᠰᠢᠨ᠎ᠡ ᠶᠢ ᠡᠭᠦᠳᠭᠦ ᠶᠢ ᠵᠣᠷᠢᠭᠲᠠᠢ ᠪᠠᠷ ᠥᠷᠨᠢᠭᠦᠯᠵᠦ᠂ ᠰᠢᠨ᠎ᠡ ᠴᠠᠭ ᠦᠶ᠎ᠡ ᠶᠢᠨ | ᠠᠭᠤᠤ ᠶᠡᠭᠡ ᠦᠢᠯᠡᠳᠦᠯᠭᠡ ᠶᠢᠨ ᠳᠤᠮᠳᠠ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠲᠠᠰᠤᠷᠠᠯᠲᠠ ᠦᠭᠡᠢ | ᠨᠡᠭᠡᠭᠡᠵᠦ᠂ ᠣᠳᠣ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ ᠤᠨ ᠦᠨᠡᠨ ᠶᠣᠰᠣᠨ ᠤ ᠭᠡᠷᠡᠯ ᠭᠢᠯᠪᠠᠭ᠎ᠠ ᠶᠢ ᠰᠠᠴᠤᠷᠠᠭᠤᠯᠬᠤ ᠬᠡᠷᠡᠭᠲᠡᠢ᠃ | ᠪᠢᠳᠠ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠵᠤ᠂ ᠤᠯᠤᠰ ᠪᠠ ᠦᠨᠳᠦᠰᠦᠲᠡᠨ ᠤ ᠬᠥᠭᠵᠢᠯᠲᠡ ᠶᠢ ᠥᠪᠡᠷ ᠤᠨ ᠬᠦᠴᠦᠨ ᠤ ᠪᠠᠨ ᠦᠨᠳᠦᠰᠦᠨ ᠴᠡᠭ ᠳᠡᠭᠡᠷ᠎ᠡ | ᠲᠠᠯᠪᠢᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠵᠦ᠂ ᠪᠦᠯᠬᠦᠮᠳᠡᠨ | ᠨᠢᠭᠡᠳᠴᠦ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠬᠥᠮᠥᠨ | ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠶᠢ ᠡᠭᠦᠳᠭᠦ ᠬᠡᠷᠡᠭᠲᠡᠢ᠃ | ᠪᠢᠳᠡ ᠡᠷᠬᠡᠪᠰᠢ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠤᠯᠠᠨ ᠲᠦᠮᠡᠨᠴᠢ | ᠦᠵᠡᠯᠲᠡ ᠶᠢ ᠪᠠᠲᠤ ᠪᠤᠢ ᠪᠤᠯᠭᠠᠵᠤ᠂ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠵᠤ᠂ ᠠᠷᠠᠳ ᠲᠦᠮᠡᠨ ᠤ ᠪᠦᠲᠦᠭᠡᠯᠴᠢ ᠵᠣᠷᠢᠭ ᠰᠠᠨᠠᠭ᠎ᠠ ᠶᠢ ᠭᠦᠨᠳᠦᠳᠭᠡᠵᠦ᠂ | ᠠᠯᠢᠪᠠ ᠪᠦᠭᠦᠨ ᠳᠤ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠭᠦᠨ ᠳᠤ ᠠᠷᠠᠳ ᠲᠦᠮᠡᠨ ᠳᠤ ᠲᠦᠰᠢᠭᠯᠡᠬᠦ᠂ ᠤᠯᠠᠨ ᠲᠦᠮᠡᠨ ᠤ ᠳᠤᠮᠳᠠ ᠠᠴᠠ ᠢᠷᠡᠵᠦ | ᠤᠯᠠᠨ ᠲᠦᠮᠡᠨ ᠤ ᠳᠤᠮᠳᠠ ᠣᠴᠢᠬᠤ ᠶᠢ ᠪᠠᠷᠢᠮᠲᠠᠯᠠᠵᠤ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠪᠠᠷᠢᠯᠳᠤᠯᠭ᠎ᠠ ᠪᠠᠨ ᠢᠮᠠᠭᠲᠠ ᠪᠠᠲᠤᠯᠠᠵᠤ᠂ ᠢᠮᠠᠭᠲᠠ | ᠠᠷᠠᠳ ᠲᠦᠮᠡᠨ ᠯᠦᠭᠡ ᠠᠮᠢᠰᠬᠤᠭ᠎ᠠ ᠪᠠᠨ ᠨᠢᠭᠡᠳᠬᠡᠨ᠂ ᠬᠤᠪᠢ ᠵᠠᠶᠠᠭ᠎ᠠ ᠪᠠᠨ ᠬᠠᠮᠲᠤᠳᠬᠠᠵᠤ᠂ ᠰᠡᠳᠬᠢᠯ ᠵᠢᠷᠦᠬᠡ ᠪᠠᠨ ᠬᠤᠯᠪᠣᠬᠤ ᠬᠡᠷᠡᠭᠲᠡᠢ᠃ | ᠪᠢᠳᠡ ᠡᠷᠬᠡᠪᠰᠢ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ ᠶᠢ ᠴᠢᠷᠮᠠᠶᠢᠨ ᠰᠤᠷᠤᠯᠴᠠᠵᠤ᠂ ᠵᠢᠶᠠᠩ ᠽᠧ ᠮᠢᠨ ᠨᠥᠬᠦᠷ ᠤᠨ ᠬᠤᠪᠢᠰᠬᠠᠯᠲᠤ | ᠵᠣᠷᠢᠭ ᠰᠠᠨᠠᠭ᠎ᠠ ᠪᠠ ᠬᠤᠪᠢᠰᠬᠠᠯᠲᠤ ᠬᠡᠪ ᠰᠤᠷᠲᠠᠯ ᠢ ᠰᠤᠷᠤᠯᠴᠠᠵᠤ᠂ ᠲᠡᠭᠦᠨ ᠤ ᠮᠠᠷᠺᠰ ᠤᠨ ᠦᠵᠡᠯ ᠤᠨ ᠵᠣᠭᠰᠣᠯᠲᠠ᠂ ᠦᠵᠡᠯᠲᠡ᠂ ᠠᠷᠭ᠎ᠠ ᠪᠠᠷ ᠰᠢᠨ᠎ᠡ | ᠪᠠᠶᠢᠳᠠᠯ ᠢ ᠰᠤᠳᠤᠯᠵᠤ᠂ ᠰᠢᠨ᠎ᠡ ᠠᠰᠠᠭᠤᠳᠠᠯ ᠢ ᠰᠢᠢᠳᠪᠦᠷᠢᠯᠡᠬᠦ ᠰᠢᠨᠵᠢᠯᠡᠬᠦ ᠤᠬᠠᠭᠠᠨᠴᠢ ᠣᠪᠣᠷ ᠪᠠ ᠪᠦᠲᠦᠭᠡᠯᠴᠢ ᠵᠣᠷᠢᠭ ᠰᠠᠨᠠᠭ᠎ᠠ ᠶᠢ ᠰᠤᠷᠤᠯᠴᠠᠵᠤ᠂ ᠮᠠᠨ ᠤ | ᠤᠯᠤᠰ ᠢᠶᠠᠨ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ | ᠤᠯᠤᠰ ᠪᠣᠯᠭᠠᠨ ᠪᠦᠲᠦᠭᠡᠨ ᠪᠠᠶᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ᠃ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠦᠢᠯᠡᠰ ᠲᠤ ᠵᠢᠶᠠᠩ ᠽᠧ ᠮᠢᠨ ᠨᠥᠬᠦᠷ ᠢ ᠪᠠᠭᠲᠠᠭᠠᠭᠰᠠᠨ ᠦᠶ᠎ᠡ ᠦᠶ᠎ᠡ ᠶᠢᠨ | ᠡᠪ ᠬᠠᠮᠲᠤᠴᠤᠳ ᠤᠨ ᠬᠥᠯᠥᠰᠦ ᠭᠦᠳᠡᠯᠮᠦᠷᠢ ᠪᠠ ᠲᠡᠮᠡᠴᠡᠯ ᠠᠬᠤᠭᠤᠯᠤᠭᠳᠠᠵᠤ ᠪᠠᠶᠢᠳᠠᠭ᠃ ᠤᠷᠤᠭᠰᠢᠯᠠᠯᠲᠠ ᠶᠢᠨ ᠵᠠᠮ ᠳᠡᠭᠡᠷ᠎ᠡ᠂ ᠪᠦᠭᠦ ᠨᠠᠮ ᠪᠦᠭᠦ ᠴᠡᠷᠢᠭ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ | ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠰᠢᠷᠭᠠᠭᠤ | ᠬᠠᠲᠠᠭᠤᠵᠢᠯᠲᠠᠢ ᠠᠵᠢᠯᠯᠠᠵᠤ᠂ ᠡᠷᠡᠮᠡᠬᠡᠶᠢᠯᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ᠃ | ᠵᠢᠶᠠᠩ ᠽᠧ ᠮᠢᠨ ᠨᠥᠬᠦᠷ ᠥᠨᠢᠳᠡ ᠪᠠᠯᠠᠷᠠᠰᠢ ᠦᠭᠡᠢ︕ | | | | | | |