ᠵᠢᠶᠠᠩ ᠽᠧ ᠮᠢᠨ ᠨᠥᠬᠦᠷ ᠤᠨ ᠴᠢᠨᠳᠠᠷ ᠢ ᠲᠤᠰᠬᠠᠢ ᠨᠢᠰᠬᠡᠯ ᠢᠶᠠᠷ ᠪᠡᠭᠡᠵᠢᠩ ᠳᠤ ᠵᠠᠯᠠᠵᠤ ᠠᠪᠴᠢᠷᠠᠪᠠ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠨᠥᠬᠦᠳ ᠨᠢᠰᠬᠡᠯ ᠤᠨ ᠪᠠᠭᠤᠳᠠᠯ ᠳᠤ ᠬᠦᠷᠴᠦ ᠴᠢᠨᠳᠠᠷ ᠢ ᠲᠤᠰᠴᠠᠢ
ᠨᠡᠶᠢᠲᠡᠯᠡᠭᠰᠡᠨ ᠴᠠᠭ᠄
2022/12/8
     ᠮᠠᠨ ᠨᠠᠮ ᠮᠠᠨ ᠴᠡᠷᠢᠭ ᠮᠠᠨ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠡᠶᠢᠳᠡᠮ ᠮᠡᠳᠡᠷᠡᠭᠳᠡᠭᠰᠡᠨ ᠡᠷᠬᠢᠮ ᠳᠡᠭᠡᠳᠦ ᠨᠡᠷ᠎ᠡ ᠬᠦᠨᠳᠦᠲᠦ ᠭᠠᠷᠮᠠᠭᠠᠢ ᠤᠳᠤᠷᠢᠳᠤᠭᠴᠢ᠂ ᠠᠭᠤᠤ ᠶᠡᠭᠡ ᠮᠠᠷᠺᠰ ᠤᠨ ᠦᠵᠡᠯᠲᠡᠨ᠂ ᠦᠭᠡᠶᠢᠭᠦᠦ ᠠᠩᠭᠢ ᠶᠢᠨ ᠠᠭᠤᠤ ᠶᠡᠭᠡ ᠬᠤᠪᠢᠰᠬᠠᠯᠴᠢ᠂ ᠤᠯᠤᠰ ᠲᠥᠷᠥᠴᠢᠨ᠂ ᠴᠡᠷᠢᠭ ᠤᠨ ᠡᠷᠳᠡᠮᠲᠡᠨ᠂ ᠭᠠᠳᠠᠭᠠᠳᠤ ᠬᠠᠷᠢᠯᠴᠠᠭᠠᠨ ᠤ ᠵᠢᠳᠬᠦᠯᠲᠡᠨ᠂ ᠤᠷᠲᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠡᠪ ᠬᠠᠮᠲᠤ ᠶᠣᠰᠣᠨ ᠤ ᠪᠠᠶᠢᠯᠳᠤᠭᠴᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠤᠨ ᠭᠠᠷᠮᠠᠭᠠᠢ ᠤᠳᠤᠷᠢᠳᠤᠭᠴᠢ᠂ ᠨᠠᠮ ᠤᠨ ᠭᠤᠷᠪᠠᠳᠤᠭᠠᠷ ᠦᠶ᠎ᠡ ᠶᠢᠨ ᠲᠥᠪ ᠬᠤᠷᠢᠶᠠᠨ ᠤ ᠤᠳᠤᠷᠢᠳᠬᠤ ᠬᠠᠮᠲᠤ ᠶᠢᠨ ᠭᠤᠣᠯᠯᠠᠭᠴᠢ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭᠠᠨ ᠤ ᠭᠤᠣᠯ ᠡᠭᠦᠳᠦᠭᠴᠢ ᠵᠢᠶᠠᠩ ᠽᠧ ᠮᠢᠨ ᠨᠥᠬᠦᠷ ᠤᠨ ᠴᠢᠨᠳᠠᠷ ᠢ ᠥᠨᠥᠳᠥᠷ ᠱᠠᠩᠬᠠᠢ ᠠᠴᠠ ᠲᠤᠰᠬᠠᠢ ᠨᠢᠰᠬᠡᠯ ᠢᠶᠠᠷ ᠪᠡᠭᠡᠵᠢᠩ ᠳᠤ ᠵᠠᠯᠠᠵᠤ ᠠᠪᠴᠢᠷᠠᠪᠠ᠃ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠣ᠋ ᠂ ᠸᠠᠩ ᠶᠠᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠬᠠᠨ ᠵᠧᠩ᠂ ᠳ᠋ᠢᠩ ᠰᠢᠤᠸᠠᠢ ᠰᠢᠶᠠᠩ᠂ ᠯᠢ ᠰᠢ᠂ ᠸᠠᠩ ᠴᠢ ᠱᠠᠨ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠨᠥᠬᠦᠳ ᠪᠡᠭᠡᠵᠢᠩ ᠤᠨ ᠪᠠᠷᠠᠭᠤᠨ ᠲᠡᠭᠦᠷᠭᠡ ᠶᠢᠨ ᠨᠢᠰᠬᠡᠯ ᠤᠨ ᠪᠠᠭᠤᠳᠠᠯ ᠳᠤ ᠬᠦᠷᠴᠦ ᠴᠢᠨᠳᠠᠷ ᠢ ᠤᠭᠲᠤᠵᠤ᠂ ᠵᠢᠶᠠᠩ ᠽᠧ ᠮᠢᠨ ᠨᠥᠬᠦᠷ ᠤᠨ ᠲᠦᠷᠦᠯ ᠰᠠᠳᠤᠨ ᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ ᠼᠠᠢ ᠴᠢ ᠪᠣᠯᠣᠨ ᠭᠠᠰᠢᠭᠤᠳᠠᠯ ᠤᠨ ᠶᠠᠪᠤᠳᠠᠯ ᠢ ᠡᠷᠭᠢᠯᠡᠭᠦ ᠭᠡᠰᠢᠭᠦᠳ ᠤᠨ ᠬᠤᠷᠠᠯ ᠤᠨ ᠠᠯᠪᠠᠨ ᠭᠡᠷ ᠤᠨ ᠬᠤᠯᠪᠣᠭᠳᠠᠯ ᠪᠦᠬᠦᠢ ᠨᠥᠬᠦᠳ᠂ ᠵᠢᠶᠠᠩ ᠽᠧ ᠮᠢᠨ ᠨᠥᠬᠦᠷ ᠤᠨ ᠲᠦᠷᠦᠯ ᠰᠠᠳᠤᠨ ᠱᠠᠩᠬᠠᠢ ᠠᠴᠠ ᠵᠢᠶᠠᠩ ᠽᠧ ᠮᠢᠨ ᠨᠥᠬᠦᠷ ᠤᠨ ᠴᠢᠨᠳᠠᠷ ᠢ ᠪᠡᠭᠡᠵᠢᠩ ᠳᠤ ᠬᠠᠮᠠᠭᠠᠯᠠᠨ ᠬᠦᠷᠭᠡᠵᠦ ᠢᠷᠡᠪᠡ᠃      ᠪᠡᠭᠡᠵᠢᠩ ᠤᠨ ᠪᠠᠷᠠᠭᠤᠨ ᠲᠡᠭᠦᠷᠭᠡ ᠶᠢᠨ ᠨᠢᠰᠬᠡᠯ ᠤᠨ ᠪᠠᠭᠤᠳᠠᠯ ᠤᠯᠤᠰ ᠤᠨ ᠲᠤᠭ ᠢ ᠬᠠᠭᠠᠰ ᠪᠠᠭᠤᠯᠭᠠᠵᠤ᠂ ᠲᠥᠪ ᠬᠢᠴᠢᠶᠡᠩᠭᠦᠢ ᠠᠭᠤᠷ ᠠᠮᠢᠰᠬᠤᠯ ᠢᠶᠠᠷ ᠪᠢᠯᠬᠠᠵᠤ᠂ ᠬᠠᠷ᠎ᠠ ᠳᠡᠪᠢᠰᠬᠡᠷᠲᠦ ᠴᠠᠭᠠᠨ ᠦᠰᠦᠭ ᠤᠨ ᠬᠥᠨᠳᠡᠯᠡᠨ ᠪᠢᠴᠢᠭᠡᠰᠦ ᠳᠡᠭᠡᠷ᠎ᠡ᠄ ︽ᠵᠢᠶᠠᠩ ᠽᠧ ᠮᠢᠨ ᠨᠥᠬᠦᠷ ᠥᠨᠢᠳᠡ ᠪᠠᠯᠠᠷᠠᠰᠢ ᠦᠭᠡᠢ︾᠂ ︽ᠵᠢᠶᠠᠩ ᠽᠧ ᠮᠢᠨ ᠨᠥᠬᠦᠷ ᠪᠢᠳᠡᠨ ᠤ ᠰᠡᠳᠬᠢᠯ ᠵᠢᠷᠦᠬᠡᠨ ᠳᠤ ᠥᠨᠢᠳᠡ ᠮᠥᠩᠬᠡᠷᠡᠨ᠎ᠡ︾ ᠭᠡᠵᠦ ᠪᠢᠴᠢᠭᠰᠡᠨ ᠪᠠᠶᠢᠯ᠎ᠠ᠃ ᠰᠢ ᠶᠢᠨ ᠫᠢᠩ ᠪᠣᠯᠣᠨ ᠬᠠᠳᠤᠨ ᠫᠧᠩ ᠯᠢ ᠶᠤᠸᠠᠨ ᠨᠠᠷ ᠡᠩᠭᠡᠷ ᠲᠡᠭᠡᠨ ᠴᠠᠭᠠᠨ ᠬᠤᠸᠠᠷ ᠵᠡᠭᠦᠵᠦ᠂ ᠬᠠᠨᠴᠤᠢ ᠳᠠᠭᠠᠨ ᠬᠠᠷ᠎ᠠ ᠱᠠ ᠵᠡᠭᠦᠵᠦ᠂ ᠲᠥᠪ ᠬᠢᠴᠢᠶᠡᠩᠭᠦᠢ ᠪᠠᠷ ᠨᠢᠰᠬᠡᠯ ᠤᠨ ᠵᠣᠭᠰᠣᠭᠠᠯ ᠳᠡᠭᠡᠷ᠎ᠡ ᠲᠥᠪ ᠵᠣᠭᠰᠣᠪᠠ᠃
     12 ᠰᠠᠷ᠎ᠠ ᠶᠢᠨ 1᠎ ᠤ ᠡᠳᠦᠷ᠂ ᠵᠢᠶᠠᠩ ᠽᠧ ᠮᠢᠨ ᠨᠥᠬᠦᠷ ᠤᠨ ᠴᠢᠨᠳᠠᠷ ᠢ ᠱᠠᠩᠬᠠᠢ ᠠᠴᠠ ᠲᠤᠰᠬᠠᠢ ᠨᠢᠰᠬᠡᠯ ᠢᠶᠠᠷ ᠪᠡᠭᠡᠵᠢᠩ ᠳᠤ ᠵᠠᠯᠠᠵᠤ ᠠᠪᠴᠢᠷᠠᠪᠠ᠃ ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ      15 ᠴᠠᠭ 55 ᠮᠢᠨᠦ᠋ᠲ ᠲᠤ᠂ ᠵᠢᠶᠠᠩ ᠽᠧ ᠮᠢᠨ ᠨᠥᠬᠦᠷ ᠤᠨ ᠴᠢᠨᠳᠠᠷ ᠢ ᠬᠠᠮᠠᠭᠠᠯᠠᠨ ᠭᠦᠷᠭᠡᠭᠦ ᠲᠤᠰᠬᠠᠢ ᠨᠢᠰᠬᠡᠯ ᠠᠯᠭᠤᠷᠬᠠᠨ ᠢᠶᠠᠷ ᠪᠠᠭᠤᠵᠤ ᠢᠷᠡᠪᠡ᠃ ᠭᠠᠰᠢᠭᠤᠳᠠᠯ ᠤᠨ ᠠᠶᠠᠰ ᠳᠤᠮᠳᠠ᠂ 12 ᠶᠣᠰᠣᠯᠠᠯ ᠤᠨ ᠴᠡᠷᠢᠭ ᠵᠢᠶᠠᠩ ᠽᠧ ᠮᠢᠨ ᠨᠥᠬᠦᠷ ᠤᠨ ᠴᠢᠨᠳᠠᠷ ᠢ ᠬᠠᠮᠠᠭᠠᠯᠠᠨ ᠡᠷᠭᠦᠵᠦ᠂ ᠲᠤᠰᠬᠠᠢ ᠨᠢᠰᠬᠡᠯ ᠠᠴᠠ ᠠᠯᠭᠤᠷᠬᠠᠨ ᠪᠠᠭᠤᠵᠤ᠂ ᠴᠢᠨᠳᠠᠷ ᠢ ᠲᠤᠰᠬᠤ ᠡᠩᠨᠡᠭᠡ ᠶᠢᠨ ᠡᠮᠦᠨ᠎ᠡ ᠲᠠᠯ᠎ᠠ ᠳᠤ ᠬᠦᠷᠴᠦ ᠲᠥᠪ ᠵᠣᠭᠰᠣᠪᠠ᠃ ᠰᠢ ᠶᠢᠨ ᠫᠢᠩ ᠨᠠᠷ ᠵᠢᠶᠠᠩ ᠽᠧ ᠮᠢᠨ ᠨᠥᠬᠦᠷ ᠤᠨ ᠴᠢᠨᠳᠠᠷ ᠲᠤ ᠭᠤᠷᠪᠠᠨᠲᠠ ᠮᠡᠬᠦ᠋ᠢᠨ ᠶᠣᠰᠣᠯᠠᠵᠤ᠂ ᠴᠢᠨᠳᠠᠷ ᠢ ᠴᠢᠨᠳᠠᠷ ᠤᠨ ᠲᠡᠷᠭᠡᠨ ᠳᠤ ᠪᠠᠷᠠᠯᠠᠨ ᠮᠣᠷᠳᠠᠭᠤᠯᠪᠠ᠃ ᠳᠠᠷᠠᠭ᠎ᠠ ᠨᠢ᠂ ᠭᠠᠰᠢᠭᠤᠳᠠᠯ ᠤᠨ ᠶᠠᠪᠤᠳᠠᠯ ᠢ ᠡᠷᠭᠢᠯᠡᠭᠦ ᠭᠡᠰᠢᠭᠦᠳ ᠤᠨ ᠬᠤᠷᠠᠯ ᠤᠨ ᠠᠯᠪᠠᠨ ᠭᠡᠷ ᠤᠨ ᠪᠦᠷᠢᠯᠳᠦᠭᠦᠨ ᠪᠣᠯᠣᠨ ᠵᠢᠶᠠᠩ ᠽᠧ ᠮᠢᠨ ᠨᠥᠬᠦᠷ ᠤᠨ ᠲᠦᠷᠦᠯ ᠰᠠᠳᠤᠨ ᠴᠢᠨᠳᠠᠷ ᠢ ᠬᠠᠮᠠᠭᠠᠯᠠᠨ ᠴᠢᠨᠳᠠᠷ ᠲᠠᠯᠪᠢᠬᠤ ᠭᠠᠵᠠᠷ ᠲᠤ ᠬᠦᠷᠭᠡᠪᠡ᠃      ᠲᠤᠰ ᠡᠳᠦᠷ ᠤᠨ ᠦᠳᠡ ᠶᠢᠨ 12 ᠴᠠᠭ 10 ᠮᠢᠨᠦ᠋ᠲ ᠲᠤ᠂ ᠴᠢᠨᠳᠠᠷ ᠬᠥᠳᠡᠯᠭᠡᠬᠦ ᠶᠣᠰᠣᠯᠠᠯ ᠱᠠᠩᠬᠠᠢ ᠶᠢᠨ ᠬᠤᠸᠠᠳᠦ᠋ᠩ ᠡᠮᠨᠡᠯᠭᠡ ᠶᠢᠨ ᠬᠤᠷᠢᠶᠠᠨ ᠤ ᠠᠶᠠᠷᠯᠠᠬᠤ ᠲᠠᠰᠤᠭ ᠲᠤ ᠶᠠᠪᠤᠭᠳᠠᠪᠠ᠃ ᠭᠠᠰᠢᠭᠤᠳᠠᠯ ᠤᠨ ᠶᠠᠪᠤᠳᠠᠯ ᠢ ᠡᠷᠭᠢᠯᠡᠭᠦ ᠭᠡᠰᠢᠭᠦᠳ ᠤᠨ ᠬᠤᠷᠠᠯ ᠤᠨ ᠠᠯᠪᠠᠨ ᠭᠡᠷ ᠤᠨ ᠪᠦᠷᠢᠯᠳᠦᠭᠦᠨ᠂ ᠱᠠᠩᠬᠠᠢ ᠬᠤᠲᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ᠂ ᠵᠢᠶᠠᠩ ᠽᠧ ᠮᠢᠨ ᠨᠥᠬᠦᠷ ᠤᠨ ᠲᠦᠷᠦᠯ ᠰᠠᠳᠤᠨ ᠪᠣᠯᠣᠨ ᠠᠮᠢᠳᠤ ᠰᠡᠷᠡᠭᠦᠨ ᠪᠠᠶᠢᠬᠤ ᠦᠶ᠎ᠡ ᠶᠢᠨ ᠰᠠᠶᠢᠨ ᠨᠠᠶᠢᠵᠠ᠂ ᠡᠮᠴᠢ ᠰᠤᠪᠢᠯᠠᠭᠴᠢ ᠨᠠᠷ ᠵᠢᠶᠠᠩ ᠽᠧ ᠮᠢᠨ ᠨᠥᠬᠦᠷ ᠤᠨ ᠴᠢᠨᠳᠠᠷ ᠠᠴᠠ ᠰᠠᠯᠬᠤ ᠶᠢᠨ ᠬᠠᠮᠲᠤ ᠴᠢᠨᠳᠠᠷ ᠢ ᠱᠠᠩᠬᠠᠢ ᠶᠢᠨ ᠬᠤᠩ ᠴᠢᠶᠣᠤ ᠨᠢᠰᠬᠡᠯ ᠤᠨ ᠪᠠᠭᠤᠳᠠᠯ ᠳᠤ ᠬᠠᠮᠠᠭᠠᠯᠠᠨ ᠬᠦᠷᠭᠡᠪᠡ᠃ ᠱᠠᠩᠬᠠᠢ ᠶᠢᠨ ᠡᠯ᠎ᠡ ᠡᠲᠡᠭᠡᠳ ᠤᠨ ᠣᠯᠠᠨ ᠲᠦᠮᠡᠨ ᠵᠠᠮ ᠤᠨ ᠬᠠᠵᠠᠭᠤ ᠳᠤ ᠵᠣᠭᠰᠣᠨ ᠦᠳᠡᠨ ᠮᠣᠷᠳᠠᠭᠤᠯᠵᠠᠢ᠃ ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠭᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠡᠭᠡᠵᠢᠩ ᠳᠤ ᠪᠠᠶᠢᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ ᠪᠠᠰᠠ ᠪᠡᠭᠡᠵᠢᠩ ᠤᠨ ᠪᠠᠷᠠᠭᠤᠨ ᠲᠡᠭᠦᠷᠭᠡ ᠶᠢᠨ ᠨᠢᠰᠬᠡᠯ ᠤᠨ ᠪᠠᠭᠤᠳᠠᠯ ᠳᠤ ᠬᠦᠷᠴᠦ ᠴᠢᠨᠳᠠᠷ ᠢ ᠤᠭᠲᠤᠪᠠ᠃      ᠵᠢᠶᠠᠩ ᠽᠧ ᠮᠢᠨ ᠨᠥᠬᠦᠷ 11 ᠰᠠᠷ᠎ᠠ ᠶᠢᠨ 30᠎ ᠤ ᠡᠳᠦᠷ ᠱᠠᠩᠬᠠᠢ ᠳᠤ ᠨᠠᠰᠤ ᠪᠠᠷᠠᠪᠠ᠂ ᠨᠠᠰᠤᠨ ᠰᠡᠭᠦᠳᠡᠷ 96᠃
     12 ᠰᠠᠷ᠎ᠠ ᠶᠢᠨ 1᠎ ᠤ ᠡᠳᠦᠷ᠂ ᠵᠢᠶᠠᠩ ᠽᠧ ᠮᠢᠨ ᠨᠥᠬᠦᠷ ᠤᠨ ᠴᠢᠨᠳᠠᠷ ᠢ ᠱᠠᠩᠬᠠᠢ ᠠᠴᠠ ᠲᠤᠰᠬᠠᠢ ᠨᠢᠰᠬᠡᠯ ᠢᠶᠠᠷ ᠪᠡᠭᠡᠵᠢᠩ ᠳᠤ ᠵᠠᠯᠠᠵᠤ ᠠᠪᠴᠢᠷᠠᠪᠠ᠃ ᠰᠢ ᠶᠢᠨ ᠫᠢᠩ᠂ ᠯᠢ ᠺᠧ ᠴᠢᠶᠠᠩ᠂ ᠯᠢ ᠵᠠᠨ ᠱᠣ᠋᠂ ᠸᠠᠩ ᠶᠠᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠬᠠᠨ ᠵᠧᠩ᠂ ᠳ᠋ᠢᠩ ᠰᠢᠤᠸᠠᠢ ᠰᠢᠶᠠᠩ᠂ ᠯᠢ ᠰᠢ᠂ ᠸᠠᠩ ᠴᠢ ᠱᠠᠨ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠨᠥᠬᠦᠳ ᠪᠡᠭᠡᠵᠢᠩ ᠤᠨ ᠪᠠᠷᠠᠭᠤᠨ ᠲᠡᠭᠦᠷᠭᠡ ᠶᠢᠨ ᠨᠢᠰᠬᠡᠯ ᠤᠨ ᠪᠠᠭᠤᠳᠠᠯ ᠳᠤ ᠬᠦᠷᠴᠦ ᠴᠢᠨᠳᠠᠷ ᠢ ᠲᠤᠰᠪᠠ᠃ ᠼᠠᠢ ᠴᠢ ᠨᠠᠷ ᠱᠠᠩᠬᠠᠢ ᠠᠴᠠ ᠵᠢᠶᠠᠩ ᠽᠧ ᠮᠢᠨ ᠨᠥᠬᠦᠷ ᠤᠨ ᠴᠢᠨᠳᠠᠷ ᠢ ᠪᠡᠭᠡᠵᠢᠩ ᠳᠤ ᠬᠠᠮᠠᠭᠠᠯᠠᠨ ᠬᠦᠷᠭᠡᠵᠦ ᠢᠷᠡᠪᠡ᠃      ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ