| | ᠵᠢᠶᠠᠩ ᠽᠧ ᠮᠢᠨ ᠨᠥᠬᠦᠷ ᠤᠨ ᠨᠠᠮ ᠪᠠ ᠲᠦᠷᠦ ᠶᠢᠨ ᠲᠡᠦᠬᠡᠨ ᠬᠥᠭᠵᠢᠯᠲᠡ ᠳᠤᠮᠳᠠᠬᠢ ᠣᠨᠴᠠᠭᠠᠢ ᠭᠠᠪᠢᠶ᠎ᠠ ᠵᠢᠳᠬᠦᠯ ᠵᠢᠴᠢ ᠪᠦᠭᠦ ᠨᠠᠮ ᠪᠦᠭᠦ ᠴᠡᠷᠢᠭ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ ᠦᠨᠳᠦᠰᠦᠯᠡᠵᠦ᠂ ᠡᠳᠦᠭᠡ ᠲᠣᠭᠲᠠᠭᠠᠬᠤ ᠨᠢ᠄ | ︵ᠨᠢᠭᠡ︶ 12 ᠰᠠᠷ᠎ᠠ ᠶᠢᠨ 6 ᠤ ᠦᠳᠡ ᠶᠢᠨ ᠡᠮᠦᠨᠡᠬᠢ 10 ᠴᠠᠭ ᠲᠤ᠂ ᠨᠠᠮ ᠤᠨ ᠲᠥᠪ ᠬᠤᠷᠢᠶ᠎ᠠ᠂ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠡᠭᠡ | ᠬᠤᠷᠠᠯ ᠢ ᠦᠪᠡᠳᠡᠭᠰᠢ ᠶᠡᠭᠡ ᠪᠠᠷ ᠬᠢᠨ᠎ᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ᠂ ᠤᠯᠠᠨ | ᠲᠦᠮᠡᠨ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠭᠠᠰᠢᠭᠤᠳᠠᠯ ᠤᠨ ᠶᠡᠭᠡ ᠬᠤᠷᠠᠯ ᠤᠨ ᠠᠬᠤᠢ ᠲᠠᠯᠠᠪᠠᠢ ᠶᠢᠨ ᠰᠢᠭᠤᠳ ᠨᠡᠪᠲᠡᠷᠡᠭᠦᠯᠭᠡ ᠶᠢ ᠭᠥᠯᠢᠶᠡᠨ ᠠᠪᠴᠤ | ᠦᠵᠡᠵᠦ ᠰᠣᠨᠣᠰᠬᠤ ᠬᠡᠷᠡᠭᠲᠡᠢ᠃ | ︵ᠬᠤᠶᠠᠷ︶ ᠭᠠᠰᠢᠭᠤᠳᠠᠯ ᠤᠨ ᠶᠡᠭᠡ ᠬᠤᠷᠠᠯ ᠤᠨ ᠲᠤᠬᠠᠢ ᠶᠢᠨ ᠡᠳᠦᠷ᠂ ᠪᠦᠭᠦ ᠤᠯᠤᠰ ᠪᠠ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ | ᠰᠠᠶᠢᠳ ᠤᠨ ᠶᠠᠮᠤᠨ ᠪᠠ ᠺᠤᠨᠰᠦ᠋ᠯ ᠤᠨ ᠭᠠᠵᠠᠷ ᠵᠢᠴᠢ ᠭᠠᠳᠠᠭᠠᠳᠤ ᠳᠤ ᠰᠠᠭᠤᠭ᠎ᠠ ᠪᠤᠰᠤᠳ ᠪᠠᠶᠢᠭᠤᠯᠤᠮᠵᠢ ᠤᠯᠤᠰ ᠤᠨ ᠲᠤᠭ ᠢ ᠬᠠᠭᠠᠰ ᠪᠠᠭᠤᠯᠭᠠᠨ ᠭᠠᠰᠢᠭᠤᠳᠠᠵᠤ᠂ | ᠣᠯᠠᠨ ᠨᠡᠶᠢᠲᠡ ᠶᠢᠨ ᠵᠤᠭ᠎ᠠ ᠴᠡᠩᠭᠡᠯ ᠤᠨ ᠠᠵᠢᠯᠯᠠᠭ᠎ᠠ ᠶᠢ ᠨᠢᠭᠡ ᠡᠳᠦᠷ ᠵᠣᠭᠰᠣᠭᠠᠨ᠎ᠠ᠃ | ︵ᠭᠤᠷᠪᠠ︶ 12 ᠰᠠᠷ᠎ᠠ ᠶᠢᠨ 6 ᠤ ᠦᠳᠡ ᠶᠢᠨ ᠡᠮᠦᠨ᠎ᠡ ᠭᠠᠰᠢᠭᠤᠳᠠᠯ ᠤᠨ ᠶᠡᠭᠡ ᠬᠤᠷᠠᠯ ᠳᠤ ᠨᠠᠮᠠᠨᠴᠢᠯᠠᠨ ᠭᠠᠰᠢᠭᠤᠳᠠᠬᠤ ᠦᠶ᠎ᠡ ᠳᠤ᠂ ᠪᠦᠭᠦ ᠤᠯᠤᠰ ᠤᠨ | ᠠᠷᠠᠳ ᠲᠦᠮᠡᠨ 3 ᠮᠢᠨᠦ᠋ᠲ ᠨᠠᠮᠠᠨᠴᠢᠯᠠᠨ ᠭᠠᠰᠢᠭᠤᠳᠠᠵᠤ᠂ ᠠᠯᠢᠪᠠ ᠠᠭᠤᠷ ᠤᠨ ᠱᠤᠤᠭᠢᠯ ᠪᠠᠶᠢᠬᠤ ᠭᠠᠵᠠᠷ ᠪᠦᠭᠦᠨ 3 ᠮᠢᠨᠦ᠋ᠲ ᠳᠤᠤᠭᠠᠷᠭᠠᠵᠤ᠂ ᠠᠭᠠᠷ ᠤᠨ | ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ 3 ᠮᠢᠨᠦ᠋ᠲ ᠳᠤᠤᠭᠠᠷᠭᠠᠨ᠎ᠠ᠃ | ︵ᠳᠥᠷᠪᠡ︶ ᠴᠢᠨᠳᠠᠷ ᠠᠴᠠ ᠰᠠᠯᠬᠤ ᠶᠣᠰᠣᠯᠠᠯ ᠬᠢᠬᠦ ᠦᠭᠡᠢ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ | ᠶᠠᠪᠤᠳᠠᠯ ᠢ ᠡᠷᠭᠢᠯᠡᠭᠦ ᠭᠡᠰᠢᠭᠦᠳ ᠤᠨ ᠬᠤᠷᠠᠯ | 2022 ᠣᠨ ᠤ 12 ᠰᠠᠷ᠎ᠠ ᠶᠢᠨ 1 ᠤ ᠡᠳᠦᠷ |