| | ᠣᠶᠢᠷ᠎ᠠ ᠶᠢᠨ ᠡᠳᠦᠷ᠂ ᠪᠦᠭᠦ ᠤᠯᠤᠰ ᠤᠨ ᠥᠷᠭᠡᠨ ᠤᠯᠠᠨ ᠺᠠᠳ᠋ᠷ ᠤᠯᠠᠨ ᠲᠦᠮᠡᠨ ᠲᠦᠢᠯ ᠤᠨ ᠡᠮᠭᠡᠨᠢᠨ ᠭᠠᠰᠢᠭᠤᠳᠠᠭᠰᠠᠨ ᠰᠡᠳᠬᠢᠯ ᠢᠶᠠᠷ᠂ ᠵᠢᠶᠠᠩ ᠽᠧ | ᠮᠢᠨ ᠨᠥᠬᠦᠷ ᠤᠨ ᠭᠠᠷᠮᠠᠭᠠᠢ ᠭᠠᠪᠢᠶ᠎ᠠ ᠵᠢᠳᠬᠦᠯ ᠢ ᠭᠦᠨ᠎ᠡ ᠮᠥᠷᠥᠭᠡᠳᠦᠨ ᠰᠠᠨᠠᠭᠠᠯᠵᠠᠵᠤ᠂ ᠵᠢᠶᠠᠩ ᠽᠧ ᠮᠢᠨ ᠨᠥᠬᠦᠷ ᠤᠨ ᠵᠣᠷᠢᠭ ᠰᠠᠨᠠᠭᠠᠨ ᠤ ᠬᠡᠪ ᠰᠤᠷᠲᠠᠯ ᠢ | ᠭᠦᠨᠵᠡᠭᠡᠢ ᠣᠶᠢᠯᠠᠭᠠᠭᠰᠠᠨ ᠪᠠᠶᠢᠨ᠎ᠠ᠃ | ᠤᠯᠠᠨ ᠢᠶᠠᠷ ᠢᠶᠠᠨ᠂ ᠡᠮᠭᠡᠨᠢᠯ ᠭᠠᠰᠢᠭᠤᠳᠠᠯ ᠢᠶᠠᠨ ᠬᠦᠴᠦᠨ ᠪᠤᠯᠭᠠᠵᠤ᠂ ᠵᠢᠶᠠᠩ ᠽᠧ ᠮᠢᠨ ᠨᠥᠬᠦᠷ ᠢ ᠭᠠᠰᠢᠭᠤᠳᠠᠬᠤ ᠪᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ | ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠤᠭᠠᠷᠪᠠᠯ ᠲᠠᠭᠤ ᠨᠢᠭᠡᠲᠡᠢ ᠳᠤᠭᠲᠤᠷᠪᠠᠯ ᠬᠦᠴᠦ ᠨᠢᠭᠡᠲᠡᠢ ᠪᠠᠶᠢᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ | ᠴᠥᠬᠦᠷᠡᠰᠢ ᠦᠭᠡᠢ ᠲᠡᠮᠡᠴᠡᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ | ᠡᠮᠭᠡᠨᠢᠯ ᠭᠠᠰᠢᠭᠤᠳᠠᠯ ᠦᠷᠭᠦᠯᠵᠢᠯᠡᠨ᠎ᠡ᠂ ᠥᠷᠭᠡᠨ ᠤᠯᠠᠨ ᠺᠠᠳ᠋ᠷ ᠤᠯᠠᠨ ᠲᠦᠮᠡᠨ ᠵᠢᠶᠠᠩ ᠽᠧ ᠮᠢᠨ ᠨᠥᠬᠦᠷ ᠤᠨ ᠭᠡᠷᠡᠯ ᠰᠠᠴᠤᠷᠠᠩᠭᠤᠢ ᠲᠠᠶᠢᠴᠢᠨ ᠨᠢᠭᠡ | ᠨᠠᠰᠤ ᠶᠢ ᠭᠦᠨᠵᠡᠭᠡᠢ ᠳᠤᠷᠠᠰᠤᠨ ᠰᠠᠨᠠᠭᠠᠯᠵᠠᠪᠠ | ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠦᠷᠢᠶᠡᠨ ᠳᠤ᠂ ᠵᠠᠭᠤᠨ ᠵᠢᠯ ᠤᠨ ᠰᠤᠷᠭᠠᠭᠤᠯᠢ ᠶᠢᠨ ᠰᠢᠨ᠎ᠡ ᠠᠶᠠᠨ ᠢ ᠪᠡᠯᠭᠡᠯᠡᠬᠦ | ᠳᠤᠷᠠᠰᠬᠠᠯ ᠤᠨ ᠬᠥᠰᠢᠶ᠎ᠡ ᠰᠦᠨᠳᠡᠷᠯᠡᠨ᠎ᠡ᠃ ︽ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠵᠣᠷᠢᠭᠲᠠᠢ ᠪᠠᠷ ᠨᠣᠶᠠᠨ ᠣᠷᠭᠢᠯ ᠳᠤ ᠠᠪᠠᠷᠢᠵᠤ᠂ ᠵᠠᠮ | ᠬᠠᠷᠢᠯᠴᠠᠭᠠᠨ ᠤ ᠶᠡᠭᠡ ᠰᠤᠷᠭᠠᠭᠤᠯᠢ ᠶᠢ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ ᠪᠣᠯᠭᠠᠨ ᠪᠦᠲᠦᠭᠡᠨ ᠪᠠᠶᠢᠭᠤᠯᠰᠤᠭᠠᠢ︾ ᠭᠡᠬᠦ ᠬᠥᠰᠢᠶᠡᠨ ᠤ ᠥᠰᠥᠭ | ᠪᠣᠯ ᠵᠢᠶᠠᠩ ᠽᠧ ᠮᠢᠨ ᠨᠥᠬᠦᠷ ᠤᠨ ᠡᠬᠡ ᠰᠤᠷᠭᠠᠭᠤᠯᠢ ᠳᠠᠭᠠᠨ ᠦᠯᠡᠳᠡᠭᠡᠭᠰᠡᠨ ᠦᠭᠡ ᠪᠣᠯᠣᠨ᠎ᠠ᠃ | ᠨᠠᠮᠠᠨᠴᠢᠯᠠᠨ ᠭᠠᠰᠢᠭᠤᠳᠠᠵᠤ᠂ ᠮᠡᠬᠦ᠋ᠢᠨ ᠶᠣᠰᠣᠯᠠᠭᠰᠠᠨ ᠤ ᠳᠠᠷᠠᠭ᠎ᠠ᠂ ᠴᠡᠴᠡᠭ ᠭᠦᠷᠭᠡᠭᠦ ᠪᠠᠷ ᠢᠷᠡᠭᠰᠡᠨ 2021 ᠣᠨ ᠤ ᠠᠰᠫᠢᠷᠠᠨᠲ ᠤᠨ ᠰᠤᠳᠤᠯᠤᠨ | ᠰᠤᠷᠤᠬᠴᠢ ᠵᠠᠩ ᠴᠧᠨ ᠢ ᠶᠢᠨ ᠨᠢᠳᠦᠨ ᠳᠤ ᠨᠢᠯᠪᠤᠰᠤ ᠮᠡᠯᠲᠡᠭᠡᠨᠡᠵᠦ ᠪᠠᠶᠢᠯ᠎ᠠ᠃ ︽ᠤᠳᠠᠭ᠎ᠠ ᠪᠦᠷᠢ ᠶᠢᠨ ᠲᠠᠶᠢᠯᠪᠤᠷᠢᠯᠠᠯᠲᠠ ᠠᠴᠠ ᠵᠢᠶᠠᠩ ᠽᠧ ᠮᠢᠨ ᠨᠥᠬᠦᠷ ᠤᠨ | ᠦᠨᠡᠨ ᠶᠣᠰᠣ ᠶᠢ ᠬᠥᠭᠡᠭᠡᠴᠡᠯᠳᠦᠬᠦ᠂ ᠤᠯᠤᠰ ᠣᠷᠣᠨ ᠠᠷᠠᠳ ᠲᠦᠮᠡᠨ ᠤ ᠪᠠᠨ ᠲᠥᠯᠥᠭᠡ ᠵᠢᠳᠭᠦᠭᠦ ᠢᠲᠡᠭᠡᠯ ᠵᠣᠷᠢᠭ ᠪᠠ ᠵᠠᠩ ᠴᠢᠨᠠᠷ ᠢ ᠪᠢ ᠪᠦᠷ ᠣᠶᠢᠯᠠᠭᠠᠵᠤ | ᠣᠯᠳᠠᠭ᠃ ᠠᠬᠠᠮᠠᠳ ᠨᠣᠮ ᠤᠨ ᠠᠬ᠎ᠠ ᠠ᠋᠂ ᠪᠢᠳᠡ ᠬᠡᠵᠢᠶᠡᠳᠡ ᠲᠠᠨ ᠢᠶᠠᠨ ᠳᠤᠷᠠᠰᠤᠨ᠎ᠠ ᠰᠠᠨᠠᠭᠠᠯᠵᠠᠨ᠎ᠠ︾᠃ ᠰᠤᠷᠭᠠᠭᠤᠯᠢ ᠶᠢᠨ ᠲᠡᠦᠬᠡ ᠶᠢᠨ ᠮᠦᠽᠧᠢ ᠶᠢᠨ ᠰᠠᠶᠢᠨ | ᠳᠤᠷ᠎ᠠ ᠶᠢᠨ ᠲᠠᠶᠢᠯᠪᠤᠷᠢᠯᠠᠭᠴᠢ ᠪᠣᠯᠤᠭᠰᠠᠨ ᠤ ᠬᠤᠪᠢ ᠳᠤ᠂ ᠵᠠᠩ ᠴᠧᠨ ᠢ ᠵᠢᠶᠠᠩ ᠽᠧ ᠮᠢᠨ ᠨᠥᠬᠦᠷ ᠤᠨ ᠳᠠᠪᠰᠢᠩᠭᠤᠢ ᠰᠤᠷᠤᠬᠴᠢᠳ ᠤᠨ ᠶᠠᠫᠤᠨ ᠢ | ᠡᠰᠡᠷᠭᠦᠴᠡᠵᠦ ᠤᠯᠤᠰ ᠢᠶᠠᠨ ᠬᠠᠶᠢᠷᠠᠯᠠᠬᠤ ᠠᠵᠢᠯᠯᠠᠭ᠎ᠠ ᠳᠤ ᠣᠷᠣᠯᠴᠠᠬᠰᠠᠨ᠂ ᠨᠠᠮ ᠤᠨ ᠨᠢᠭᠤᠴᠠ ᠠᠵᠢᠯ ᠬᠢᠭᠰᠡᠨ ᠵᠡᠷᠭᠡ ᠬᠥᠮᠥᠨ ᠤ ᠠᠮᠢᠳᠤᠷᠠᠯ ᠤᠨ | ᠥᠩᠭᠡᠷᠡᠯᠲᠡ ᠶᠢ ᠰᠡᠳᠬᠢᠯ ᠳᠡᠭᠡᠨ ᠡᠷᠭᠢᠴᠡᠭᠦᠯᠦᠨ᠎ᠡ᠃ | ᠫᠦᠳᠦ᠋ᠩ ᠰᠢᠨ᠎ᠡ ᠲᠣᠭᠤᠷᠢᠭ ᠤᠨ ᠵᠢᠨᠴᠢᠶᠣᠣ ᠭᠠᠳᠠᠭᠠᠳᠤ ᠭᠠᠷᠭᠠᠯᠲᠠ ᠶᠢᠨ ᠡᠳ᠋ᠰᠢᠭᠦᠯᠦᠨ ᠪᠤᠯᠪᠠᠰᠤᠷᠠᠭᠤᠯᠬᠤ ᠲᠣᠭᠤᠷᠢᠭ ᠤᠨ ᠤᠤᠯ ᠤᠨ ᠶᠡᠷᠦᠩᠬᠡᠢ | ᠳᠠᠭᠠᠭᠠᠮᠠᠯ ᠵᠦ ᠰᠢᠶᠣᠣ ᠮᠢᠩ᠄ ︽ᠫᠦᠳᠦ᠋ᠩ ᠢ ᠨᠡᠭᠡᠭᠡᠨ ᠬᠥᠭᠵᠢᠭᠦᠯᠬᠦ ᠡᠬᠢᠨ ᠤ ᠬᠤᠭᠤᠴᠠᠭᠠᠨ ᠳᠤ᠂ ᠨᠢᠭᠡ ᠦᠶ᠎ᠡ ᠪᠡᠯᠡ ᠮᠥᠩᠭᠦ ᠲᠤᠲᠠᠭᠳᠠᠵᠤ᠂ ᠲᠤᠷᠰᠢᠯᠭ᠎ᠠ | ᠲᠤᠲᠠᠭᠳᠠᠵᠤ᠂ ᠲᠦᠷᠦᠯ ᠵᠦᠢᠯ ᠲᠤᠲᠠᠭᠳᠠᠵᠤ᠂ ᠴᠢᠳᠠᠪᠤᠷᠢᠲᠠᠨ ᠲᠤᠲᠠᠭᠳᠠᠵᠤ ᠪᠠᠶᠢᠪᠠ᠂ ᠵᠢᠶᠠᠩ ᠽᠧ ᠮᠢᠨ ᠨᠥᠬᠦᠷ ᠪᠣᠯᠣᠨ ᠨᠠᠮ ᠤᠨ ᠲᠥᠪ ᠬᠤᠷᠢᠶᠠᠨ ᠤ | ᠵᠣᠷᠢᠭᠵᠢᠭᠤᠯᠤᠯ ᠨᠢ ᠪᠢᠳᠡᠨ ᠢ ᠬᠠᠶᠢᠷ᠎ᠠ ᠰᠡᠳᠬᠢᠯᠭᠡ ᠲᠠᠢ᠂ ᠤᠶᠤᠨ ᠤᠬᠠᠭᠠᠨ ᠲᠠᠢ᠂ ᠦᠢᠯᠡᠰ ᠪᠣᠰᠬᠠᠵᠤ ᠰᠢᠨ᠎ᠡ ᠶᠢ ᠡᠭᠦᠳᠭᠦ ᠰᠥᠰᠥ ᠵᠣᠷᠢᠭ ᠲᠠᠢ ᠪᠣᠯᠭᠠᠵᠠᠢ᠃ | ᠪᠢᠳᠡ ᠵᠢᠶᠠᠩ ᠽᠧ ᠮᠢᠨ ᠨᠥᠬᠦᠷ ᠤᠨ ᠥᠨᠳᠥᠷ ᠲᠤ ᠵᠣᠭᠰᠣᠨ ᠠᠯᠤᠰ ᠢ ᠪᠠᠷᠠᠯᠠᠭᠰᠠᠨ ᠢ ᠲᠦᠢᠯ ᠢᠶᠠᠷ ᠪᠢᠰᠢᠷᠡᠨ᠎ᠡ︾ ᠭᠡᠵᠦ ᠡᠷᠭᠢᠴᠡᠭᠦᠯᠪᠡ᠃ | 1999 ᠣᠨ ᠤ 5 ᠰᠠᠷ᠎ᠠ ᠳᠤ᠂ ᠵᠢᠶᠠᠩ ᠽᠧ ᠮᠢᠨ ᠨᠥᠬᠦᠷ ᠦᠬᠠᠨ ᠤ ᠰᠢᠤᠳᠠᠨ ᠬᠤᠯᠪᠣᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠳᠤ | ᠢᠷᠡᠵᠥ ᠠᠵᠢᠯ ᠪᠠᠶᠢᠴᠠᠭᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠳᠤ ᠡᠷᠬᠡᠪᠰᠢ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠢ ᠶᠢ ᠬᠥᠭᠵᠢᠭᠦᠯᠬᠦ ᠱᠠᠭᠠᠷᠳᠠᠯᠭ᠎ᠠ ᠳᠤ ᠵᠣᠬᠢᠴᠠᠭᠤᠯᠤᠨ᠂ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠡᠷᠭᠡᠵᠢᠯ ᠤᠨ | ᠥᠭᠡᠷᠡᠴᠢᠯᠡᠯᠲᠡ ᠪᠠ ᠮᠡᠷᠭᠡᠵᠢᠯ ᠤᠨ ᠳᠠᠪᠰᠢᠯᠲᠠ ᠶᠢ ᠠᠬᠢᠭᠤᠯᠵᠤ᠂ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠴᠢᠩᠭᠠᠳᠬᠠᠨ᠂ ᠠᠵᠤ ᠠᠬᠤᠶᠢᠯᠠᠯ ᠤᠨ ᠵᠠᠬ᠎ᠠ | ᠳᠡᠯᠭᠡᠭᠦᠷ ᠤᠨ ᠥᠷᠢᠰᠦᠯᠳᠦᠬᠦ ᠬᠦᠴᠦᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠠ ᠠᠶᠤᠯ ᠲᠦᠭᠰᠢᠭᠦᠷᠢ ᠶᠢ ᠡᠰᠡᠷᠭᠦᠴᠡᠬᠦ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | ᠲᠤᠬᠠᠢ ᠶᠢᠨ ᠦᠶ᠎ᠡ ᠳᠤ ᠦᠬᠠᠨ ᠤ ᠰᠢᠤᠳᠠᠨ ᠬᠤᠯᠪᠣᠭᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠰᠡᠯᠪᠢᠭ ᠲᠤᠨᠤᠭ ᠤᠨ ᠭᠠᠵᠠᠷ ᠤᠨ | ᠳᠠᠷᠤᠭ᠎ᠠ ᠪᠠᠶᠢᠭᠰᠠᠨ ᠯᠦ ᠭᠦᠸᠧ ᠴᠢᠩ᠄ ︽ᠵᠢᠶᠠᠩ ᠽᠧ ᠮᠢᠨ ᠨᠥᠬᠦᠷ ᠤᠨ ᠥᠭᠡᠷᠡᠴᠢᠯᠡᠯᠲᠡ ᠶᠢ ᠡᠷᠡᠰ ᠰᠢᠭᠤᠷᠬᠠᠢ ᠪᠠᠷ ᠠᠬᠢᠭᠤᠯᠬᠤ ᠵᠣᠷᠢᠭ ᠰᠠᠨᠠᠭ᠎ᠠ ᠨᠢ ᠴᠠᠭ | ᠢᠮᠠᠭᠲᠠ ᠪᠢᠳᠡᠨ ᠤ ᠳᠡᠯᠡᠬᠡᠢ ᠶᠢᠨ ᠮᠡᠳᠡᠭᠡ ᠵᠠᠩᠭᠢ ᠴᠢᠮᠡᠭᠡ ᠬᠤᠯᠪᠣᠭᠠᠨ ᠤ ᠬᠥᠭᠵᠢᠯᠲᠡ ᠶᠢᠨ ᠡᠮᠦᠨ᠎ᠡ ᠡᠩᠨᠡᠭᠡᠨ ᠳᠤ ᠬᠤᠰᠢᠭᠤᠷᠠᠬᠤ ᠶᠢ ᠵᠣᠷᠢᠭᠵᠢᠭᠤᠯᠵᠤ᠂ | ᠡᠭᠦᠳᠦᠯᠲᠡ ᠶᠢᠨ ᠴᠢᠨᠠᠷᠲᠠᠢ ᠮᠡᠷᠭᠡᠵᠢᠯ ᠤᠨ ᠭᠤᠯᠣᠮᠲᠠ ᠶᠢᠨ ᠭᠠᠵᠠᠷ ᠢ ᠴᠢᠷᠮᠠᠶᠢᠨ ᠴᠣᠭᠴᠠᠯᠠᠬᠤ ᠶᠢ ᠵᠣᠷᠢᠭᠵᠢᠭᠤᠯᠤᠭᠰᠠᠨ ᠶᠤᠮ︾ ᠭᠡᠪᠡ᠃ | ᠥᠷᠭᠡᠨ ᠤᠯᠠᠨ ᠺᠠᠳ᠋ᠷ ᠤᠯᠠᠨ ᠲᠦᠮᠡᠨ᠂ ᠵᠢᠶᠠᠩ ᠽᠧ ᠮᠢᠨ ᠨᠥᠬᠦᠷ ᠤᠨ ᠨᠢᠭᠡ ᠨᠠᠰᠤ ᠪᠣᠯ ᠭᠡᠷᠡᠯ ᠰᠠᠴᠤᠷᠠᠩᠭᠤᠢ ᠨᠢᠭᠡ ᠨᠠᠰᠤ᠂ ᠲᠠᠶᠢᠴᠢᠨ ᠨᠢᠭᠡ ᠨᠠᠰᠤ | ᠮᠥᠨ᠃ 70 ᠭᠠᠷᠤᠢ ᠵᠢᠯ ᠤᠨ ᠬᠤᠪᠢᠰᠬᠠᠯ ᠤᠨ ᠠᠮᠢᠳᠤᠷᠠᠯ ᠳᠤᠮᠳᠠ᠂ ᠲᠡᠷᠡ ᠡᠪ ᠬᠠᠮᠲᠤ ᠶᠣᠰᠣᠨ ᠤ ᠬᠦᠰᠡᠯᠡᠩ ᠢᠶᠠᠨ ᠭᠤᠶᠢᠪᠢᠰᠢ ᠦᠭᠡᠢ ᠪᠠᠷᠢᠮᠲᠠᠯᠠᠵᠤ᠂ ᠨᠠᠮ | ᠪᠣᠯᠣᠨ ᠠᠷᠠᠳ ᠲᠦᠮᠡᠨ ᠳᠡᠭᠡᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠶᠢᠵᠤ᠂ ᠨᠠᠮ ᠪᠣᠯᠣᠨ ᠠᠷᠠᠳ ᠲᠦᠮᠡᠨ ᠤ ᠦᠢᠯᠡᠰ ᠤᠨ ᠲᠥᠯᠥᠭᠡ ᠭᠤᠶᠢᠪᠢᠰᠢ ᠦᠭᠡᠢ | ᠲᠡᠮᠡᠴᠡᠪᠡ᠃ ᠵᠢᠶᠠᠩ ᠽᠧ ᠮᠢᠨ ᠨᠥᠬᠦᠷ ᠪᠢᠳᠡᠨ ᠤ ᠰᠡᠳᠬᠢᠯ ᠵᠢᠷᠦᠬᠡᠨ ᠳᠤ ᠥᠨᠢᠳᠡ ᠮᠥᠩᠬᠡᠷᠡᠨ᠎ᠡ ᠭᠡᠵᠦ ᠢᠯᠡᠳᠬᠡᠪᠡ᠃ | ᠴᠠᠭ ᠦᠶ᠎ᠡ ᠪᠠᠲᠤ ᠴᠡᠭᠡᠵᠢᠯᠡᠨ᠎ᠡ᠂ ᠵᠢᠶᠠᠩ ᠽᠧ ᠮᠢᠨ ᠨᠥᠬᠦᠷ ᠤᠨ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠢ ᠳᠠᠭᠠᠭᠤᠯᠤᠨ ᠪᠠᠶᠢᠭᠤᠯᠤᠭᠰᠠᠨ | ᠭᠠᠪᠢᠶ᠎ᠠ ᠵᠢᠳᠬᠦᠯ ᠪᠠᠯᠠᠷᠠᠰᠢ ᠦᠭᠡᠢ | 2000 ᠣᠨ ᠤ 2 ᠰᠠᠷ᠎ᠠ ᠳᠤ᠂ ᠵᠢᠶᠠᠩ ᠽᠧ ᠮᠢᠨ ᠨᠥᠬᠦᠷ ᠭᠤᠸᠠᠩᠳᠦ᠋ᠩ ᠳᠤ ᠠᠵᠢᠯ ᠪᠠᠶᠢᠴᠠᠭᠠᠭᠰᠠᠨ ᠪᠥᠭᠡᠳ ᠮᠤᠤᠮᠢᠩ ᠤᠨ ᠭᠤᠤᠵᠸᠦ ᠬᠤᠳᠠ ᠶᠢᠨ | ᠤᠳᠤᠷᠢᠳᠬᠤ ᠺᠠᠳ᠋ᠷᠴᠤᠳ ᠤᠨ ︽ᠭᠤᠷᠪᠠ ᠶᠢ ᠡᠷᠭᠢᠮᠯᠡᠭᠦ︾ ᠬᠥᠮᠦᠵᠢᠯ ᠤᠨ ᠬᠤᠷᠠᠯ ᠳᠤ ᠣᠷᠣᠯᠴᠠᠪᠠ᠃ ᠪᠡᠶ᠎ᠡ ᠪᠠᠷ ᠢᠶᠠᠨ ᠥᠩᠭᠡᠷᠡᠭᠦᠯᠦᠭᠴᠢ ᠪᠣᠯᠤᠭᠰᠠᠨ ᠤ ᠬᠤᠪᠢ | ᠳᠤ᠂ ᠭᠤᠸᠠᠩᠳᠦ᠋ᠩ ᠤᠨ ᠮᠤᠤᠮᠢᠩ ᠤᠨ ᠭᠤᠤᠵᠸᠤ ᠬᠤᠳᠠ ᠶᠢᠨ ᠭᠧᠨ ᠽᠢ ᠵᠧᠨ ᠪᠠᠯᠭᠠᠰᠤᠨ ᠤ ᠨᠠᠮ ᠤᠨ ᠬᠤᠷᠢᠶᠠᠨ ᠤ ᠤᠤᠯ ᠤᠨ ᠱᠦᠵᠢ ᠬᠤᠸᠠᠩ ᠦ᠋᠂ ᠵᠢᠶᠠᠩ | ᠽᠧ ᠮᠢᠨ ᠨᠥᠬᠦᠷ ᠴᠢᠬᠤᠯᠠ ᠶᠠᠷᠢᠶ᠎ᠠ ᠲᠠᠯᠪᠢᠵᠤ᠂ ᠲᠠᠯᠠᠪᠠᠢ ᠳᠠᠶᠠᠭᠠᠷ ᠢᠶᠠᠨ ᠤᠳᠠᠲᠠᠯ᠎ᠠ ᠠᠯᠠᠭ᠎ᠠ ᠲᠠᠰᠢᠪᠠ᠃ 5 ᠡᠳᠦᠷ ᠤᠨ ᠲᠠᠷᠠᠭ᠎ᠠ᠂ ᠵᠢᠶᠠᠩ ᠽᠧ ᠮᠢᠨ ᠨᠥᠬᠦᠷ | ᠭᠤᠸᠠᠩᠵᠧᠦ ᠳᠤ ᠮᠤᠵᠢ ᠶᠢᠨ ᠨᠠᠮ ᠤᠨ ᠬᠤᠷᠢᠶᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ ︽ᠭᠤᠷᠪᠠ ᠶᠢ ᠲᠥᠯᠥᠭᠡᠯᠡᠬᠦ︾ ᠱᠠᠭᠠᠷᠳᠠᠯᠭ᠎ᠠ ᠶᠢ | ᠲᠣᠳᠣᠷᠬᠠᠢ ᠳᠤᠷᠠᠳᠤᠨ ᠭᠠᠷᠭᠠᠪᠠ᠃ | ︽ᠵᠢᠶᠠᠩ ᠽᠧ ᠮᠢᠨ ᠨᠥᠬᠦᠷ ᠪᠦᠭᠦ ᠨᠠᠮ ᠤᠨ ᠤᠶᠤᠨ ᠤᠬᠠᠭᠠᠨ ᠢ ᠲᠥᠪᠯᠡᠷᠡᠭᠦᠯᠦᠨ ︿ᠭᠤᠷᠪᠠ ᠶᠢ ᠲᠥᠯᠥᠭᠡᠯᠡᠬᠦ﹀ ᠴᠢᠬᠤᠯᠠ ᠦᠵᠡᠯ ᠰᠠᠨᠠᠭ᠎ᠠ ᠶᠢ | ᠡᠭᠦᠳᠴᠦ᠂ ᠨᠠᠮ ᠤᠨ ᠵᠢᠯᠤᠭᠤᠳᠬᠤ ᠦᠵᠡᠯ ᠰᠠᠨᠠᠭᠠᠨ ᠤ ᠲᠠᠯ᠎ᠠ ᠪᠠᠷ ᠬᠢ ᠪᠠᠰᠠ ᠨᠢᠭᠡ ᠤᠳᠠᠭᠠᠨ ᠤ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ ᠶᠢ ᠪᠡᠶᠡᠯᠡᠭᠦᠯᠵᠦ᠂ | ᠨᠢᠭᠡᠨ ᠵᠢᠩᠬᠢᠨᠢ ᠮᠠᠷᠺᠰ ᠤᠨ ᠦᠵᠡᠯᠲᠡᠨ ᠤ ᠯᠤᠲᠤ ᠶᠡᠭᠡ ᠤᠯᠤᠰ ᠲᠦᠷᠦ ᠶᠢᠨ ᠰᠥᠰᠥ ᠵᠣᠷᠢᠭ ᠪᠠ ᠤᠨᠤᠯ ᠤᠨ ᠰᠥᠰᠥ ᠵᠣᠷᠢᠭ ᠢ ᠢᠯᠡᠷᠡᠭᠦᠯᠪᠡ︾ ᠭᠡᠵᠦ ᠬᠤᠸᠠᠩ | ᠦ᠋ ᠬᠡᠯᠡᠪᠡ᠃ | 1999 ᠣᠨ ᠤ 6 ᠰᠠᠷ᠎ᠠ ᠳᠤ᠂ ᠵᠢᠶᠠᠩ ᠽᠧ ᠮᠢᠨ ᠨᠥᠬᠦᠷ ᠱᠧᠩ ᠯᠢ ᠴᠢᠯᠠᠭᠤᠨ ᠲᠤᠰᠤᠨ ᠤ ᠠᠭᠤᠷᠬᠠᠢ ᠳᠤ ᠪᠠᠶᠢᠴᠠᠭᠠᠯᠲᠠ ᠬᠢᠵᠦ᠂ ᠲᠤᠬᠠᠢ ᠶᠢᠨ | ᠦᠶ᠎ᠡ ᠶᠢᠨ ᠱᠧᠩ ᠯᠢ ᠴᠢᠯᠠᠭᠤᠨ ᠲᠤᠰᠤᠨ ᠤ ᠠᠭᠤᠷᠬᠠᠢ ᠳᠠᠬᠢ ᠪᠣᠳᠣᠯᠭ᠎ᠠ ᠶᠢᠨ ᠲᠥᠪ ᠤᠨ ᠨᠠᠮ ᠤᠨ ᠬᠤᠷᠢᠶᠠᠨ ᠤ ᠱᠦᠵᠢ ᠰᠢᠦᠢ ᠭᠤᠸᠠᠨ ᠰᠢᠤᠸᠠᠢ ᠶᠢᠨ | ᠲᠠᠶᠢᠯᠤᠮᠵᠢ ᠬᠢᠵᠦ ᠬᠠᠷᠢᠭᠤ ᠮᠡᠳᠡᠭᠦᠯᠭᠦ ᠶᠢ ᠰᠣᠨᠣᠰᠪᠠ᠃ ᠰᠢᠦᠢ ᠭᠤᠸᠠᠩ ᠰᠢᠤᠸᠠᠢ ︽ᠵᠢᠶᠠᠩ ᠽᠧ ᠮᠢᠨ ᠨᠥᠬᠦᠷ ᠡᠶᠡᠯᠳᠡᠭ ᠳᠣᠲᠣᠨᠣ ᠪᠠᠶᠢᠵᠤ᠂ ᠮᠠᠨ ᠤ | ᠣᠯᠣᠭᠰᠠᠨ ᠳᠠᠪᠰᠢᠯᠲᠠ ᠶᠢ ᠰᠣᠨᠣᠰᠤᠭᠠᠳ ᠲᠦᠢᠯ ᠢᠶᠠᠷ ᠪᠠᠶᠠᠷᠯᠠᠵᠤ᠂ ︿ᠦᠢᠯᠡᠰ ᠪᠣᠰᠬᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠢᠯᠠᠯᠲᠠ ᠠᠴᠠ ᠢᠯᠠᠯᠲᠠ ᠵᠦᠭ | ᠤᠷᠤᠭᠰᠢᠯᠠᠰᠤᠭᠠᠢ﹀ ᠭᠡᠰᠡᠨ ᠪᠢᠴᠢᠭᠡᠰᠦ ᠪᠢᠴᠢᠵᠦ ᠥᠭᠭᠦᠭᠰᠡᠨ ᠪᠠᠶᠢᠨ᠎ᠠ᠃ ᠡᠨᠡ ᠨᠢ ᠱᠧᠩ ᠯᠢ ᠴᠢᠯᠠᠭᠤᠨ ᠲᠣᠰᠣᠨ ᠤ ᠠᠭᠤᠷᠬᠠᠢ ᠶᠢ ᠲᠠᠰᠤᠷᠠᠯᠲᠠ ᠦᠭᠡᠢ | ᠬᠥᠭᠵᠢᠭᠦᠯᠦᠨ ᠪᠤᠵᠠᠭᠠᠶᠢᠷᠠᠭᠤᠯᠵᠤ᠂ ᠤᠯᠤᠰ ᠤᠨ ᠬᠥᠭᠵᠢᠯᠲᠡ ᠳᠤ ᠨᠠᠶᠢᠳᠠᠪᠤᠷᠢᠲᠠᠢ ᠡᠨᠧᠷᠭᠢ ᠶᠢᠨ ᠲᠤᠯᠭᠠᠭᠤᠷᠢᠯᠠᠯ ᠬᠠᠩᠭᠠᠬᠤ ᠶᠢ ᠤᠷᠮᠠᠰᠢᠭᠤᠯᠤᠨ | ᠵᠣᠷᠢᠭᠵᠢᠭᠤᠯᠤᠭᠰᠠᠨ ᠶᠤᠮ︾ ᠭᠡᠪᠡ᠃ | ︽ᠵᠢᠶᠠᠩ ᠽᠧ ᠮᠢᠨ ᠨᠥᠬᠦᠷ ᠤᠯᠠᠨ ᠲᠦᠮᠡᠨ ᠢ ᠬᠦᠨᠳᠦᠳᠬᠡᠨ᠂ ᠤᠯᠠᠨ ᠲᠦᠮᠡᠨ ᠢ ᠬᠠᠯᠠᠮᠵᠢᠯᠠᠵᠤ᠂ ᠢᠮᠠᠭᠲᠠ ᠠᠷᠠᠳ ᠤᠯᠠᠨ ᠤ ᠠᠮᠤᠷ ᠲᠦᠪᠰᠢᠨ ᠠᠶᠤᠯ | ᠲᠦᠭᠰᠢᠭᠦᠷᠢ ᠬᠦᠴᠢᠷ ᠵᠣᠪᠠᠭᠤᠷᠢ ᠶᠢ ᠰᠡᠳᠬᠢᠯ ᠳᠡᠭᠡᠨ ᠪᠤᠳᠤᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ | ᠦᠨᠳᠦᠰᠦᠯᠡᠨ ᠠᠵᠢᠯ ᠢᠶᠠᠨ ᠰᠢᠯᠭᠠᠨ ᠪᠠᠶᠢᠴᠠᠭᠠᠬᠤ ᠪᠠ ᠠᠬᠢᠭᠤᠯᠳᠠᠭ︾᠂ ᠥᠪᠥᠷ ᠮᠣᠩᠭᠤᠯ ᠤᠨ ᠪᠠᠶᠠᠨᠨᠠᠭᠤᠷ ᠬᠤᠳᠠ ᠶᠢᠨ ᠯᠢᠨ ᠾᠧ ᠲᠣᠭᠤᠷᠢᠭ ᠤᠨ ᠭᠠᠨᠵᠤᠤᠷ | ᠰᠦᠮ᠎ᠡ ᠪᠠᠯᠭᠠᠰᠤᠨ ᠤ ᠭᠤᠸᠠᠩ ᠯᠢᠶᠠᠨ ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ᠂ ᠲᠣᠰᠬᠤᠨ ᠤ ᠠᠷᠠᠳ ᠸᠠᠩ ᠶᠢᠦ ᠼᠠᠢ | ᠲᠣᠰᠬᠤᠨ ᠤ ᠨᠠᠮ ᠤᠨ ᠡᠭᠦᠷ᠂ ᠲᠣᠰᠬᠤᠨ ᠤ ᠠᠷᠠᠳ ᠤᠨ ᠵᠥᠪᠯᠡᠯ ᠤᠨ ᠪᠦᠷᠢᠯᠳᠦᠭᠦᠨ ᠲᠠᠢ ᠬᠠᠮᠲᠤ ᠪᠠᠷ ᠵᠢᠶᠠᠩ ᠽᠧ ᠮᠢᠨ ᠨᠥᠬᠦᠷ ᠤᠨ ᠨᠤᠲᠤᠭ ᠤᠨ ᠠᠬ᠎ᠠ | ᠳᠡᠭᠦᠦ ᠨᠠᠷ ᠲᠤ ᠥᠭᠭᠦᠭᠰᠡᠨ ᠵᠣᠷᠢᠭᠵᠢᠭᠤᠯᠤᠯ ᠪᠣᠯᠣᠨ ᠬᠠᠶᠢᠷ᠎ᠠ ᠬᠠᠯᠠᠮᠵᠢ ᠶᠢ ᠳᠤᠷᠠᠰᠤᠨ ᠰᠠᠨᠠᠭᠠᠯᠵᠠᠨ᠎ᠠ᠃ | ᠵᠢᠶᠠᠩ ᠽᠧ ᠮᠢᠨ ᠨᠥᠬᠦᠷ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠣᠶᠣᠯ ᠪᠣᠯ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠨᠢᠭᠲᠠᠷᠠᠭᠤᠯᠤᠨ ᠵᠣᠷᠢᠭᠵᠢᠭᠤᠯᠬᠤ ᠴᠢᠬᠤᠯᠠ ᠬᠦᠴᠦᠨ ᠮᠥᠨ ᠭᠡᠵᠦ ᠳᠤᠷᠠᠳᠤᠭᠰᠠᠨ ᠶᠤᠮ᠃ ᠬᠥᠮᠥᠰ ᠲᠡᠭᠦᠨ ᠤ ᠥᠪᠡᠷ ᠤᠨ ᠪᠡᠶ᠎ᠡ ᠪᠠᠷ ᠢᠶᠠᠨ | ᠲᠡᠷᠢᠭᠦᠨ ᠤ ᠰᠣᠶᠣᠯ ᠤᠨ ᠬᠥᠭᠵᠢᠯᠲᠡ ᠶᠢ ᠠᠬᠢᠭᠤᠯᠤᠭᠰᠠᠨ ᠢ ᠲᠦᠢᠯ ᠢᠶᠠᠷ ᠳᠤᠷᠠᠰᠤᠨ ᠰᠠᠨᠠᠭᠠᠯᠵᠠᠵᠤ ᠪᠠᠶᠢᠨ᠎ᠠ᠃ | ︽ᠵᠢᠶᠠᠩ ᠽᠧ ᠮᠢᠨ ᠨᠥᠬᠦᠷ ᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠬᠠᠶᠢᠷᠠᠯᠠᠵᠤ ᠴᠢᠬᠤᠯᠠᠴᠢᠯᠠᠳᠠᠭ ᠨᠢ ᠪᠢᠳᠡᠨ ᠢ ᠶᠡᠬᠡᠳᠡ | ᠵᠣᠷᠢᠭᠵᠢᠭᠤᠯᠪᠠ︾᠂ 1994 ᠣᠨ ᠤ 6 ᠰᠠᠷ᠎ᠠ ᠳᠤ᠂ ᠵᠢᠶᠠᠩ ᠽᠧ ᠮᠢᠨ ᠨᠥᠬᠦᠷ ᠹᠦᠵᠢᠶᠠᠨ ᠤ ᠴᠢᠤᠸᠠᠨᠵᠸᠤ ᠳᠤ ᠰᠢᠨᠵᠢᠯᠡᠨ ᠪᠠᠶᠢᠴᠠᠭᠠᠬᠤ ᠳᠠᠭᠠᠨ᠂ | ᠹᠦᠵᠢᠶᠠᠨ ᠤ ᠡᠮᠦᠨᠡᠲᠦ ᠶᠢᠨ ᠳᠠᠭᠤᠤ᠂ ᠬᠡᠦᠬᠡᠯᠳᠡᠢ ᠰᠢ ᠵᠦᠴᠦᠭᠡ ᠵᠡᠷᠭᠡ ᠤᠯᠠᠮᠵᠢᠯᠠᠯᠲᠤ ᠰᠣᠶᠣᠯ ᠤᠨ ᠲᠣᠬᠯᠠᠯᠲᠠ ᠶᠢ ᠨᠢ ᠰᠣᠨᠢᠷᠬᠠᠪᠠ᠂ ᠵᠢᠶᠠᠩ ᠽᠧ ᠮᠢᠨ ᠨᠥᠬᠦᠷ | ᠮᠠᠰᠢ ᠨᠠᠷᠢᠨ ᠬᠢᠨᠠᠮᠠᠭᠠᠢ ᠦᠵᠡᠵᠦ᠂ ᠲᠣᠬᠯᠠᠯᠲᠠ ᠳᠠᠭᠤᠰᠬᠤ ᠦᠶ᠎ᠡ ᠳᠤ᠂ ᠲᠡᠷᠡ ᠪᠢᠴᠢᠬᠠᠨ ᠲᠣᠭᠯᠠᠭᠴᠢᠳ ᠲᠠᠢ ᠨᠢᠭᠡᠳ ᠨᠢᠭᠡ ᠪᠠᠷ ᠭᠠᠷ ᠠᠳᠬᠤᠵᠤ᠂ ᠪᠠᠰᠠ | ᠪᠢᠰᠬᠢᠭᠦᠷ ᠢ ᠨᠢ ᠪᠠᠭ᠋ᠠᠷᠬᠠᠨ ᠦᠯᠢᠶᠡᠵᠦ ᠪᠠᠶᠢᠯ᠎ᠠ ᠭᠡᠵᠦ ᠲᠤᠬᠠᠢ ᠶᠢᠨ ᠦᠶ᠎ᠡ ᠳᠤ ᠴᠢᠤᠸᠠᠨᠵᠸᠤ ᠬᠤᠳᠠ ᠶᠢᠨ ᠰᠣᠶᠣᠯ ᠤᠨ ᠲᠣᠪᠴᠢᠶᠠᠨ ᠤ ᠳᠡᠳ᠋ ᠳᠠᠷᠤᠭ᠎ᠠ ᠪᠠᠶᠢᠭᠰᠠᠨ | ᠴᠧᠨ ᠿᠢ ᠱᠧᠩ ᠡᠷᠭᠢᠴᠡᠭᠦᠯᠵᠦ ᠪᠢᠯᠡ᠃ | ᠭᠡᠷᠢᠶᠡᠰ ᠵᠣᠷᠢᠭ ᠢ ᠨᠢ ᠵᠠᠯᠭᠠᠮᠵᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ | ᠲᠥᠯᠥᠭᠡ ᠦᠷᠭᠦᠯᠵᠢᠯᠡᠨ ᠪᠦᠯᠬᠦᠮᠳᠡᠨ ᠲᠡᠮᠡᠴᠡᠨ᠎ᠡ | ᠵᠢᠶᠠᠩᠰᠢ ᠮᠤᠵᠢ ᠶᠢᠨ ᠵᠢᠦᠵᠢᠶᠠᠩ ᠬᠤᠳᠠ ᠶᠢᠨ ᠶᠦᠩ ᠰᠢᠦ ᠰᠢᠶᠠᠨ ᠤ ᠯᠢ ᠰᠢᠨ ᠰᠢᠶᠠᠩ ᠪᠣᠯ 1998 ᠣᠨ ᠤ ᠬᠥᠬᠡᠮᠥ᠋ᠷᠡᠨ ᠤ ᠦᠶᠡᠷ ᠤᠰᠤᠲᠤᠯ ᠤᠨ | ᠭᠠᠮᠰᠢᠭ ᠲᠤ ᠬᠦᠨᠳᠦ ᠭᠠᠮᠰᠢᠭᠳᠠᠭᠰᠠᠨ ᠣᠷᠣᠨ ᠪᠣᠯᠣᠨ᠎ᠠ᠃ ᠲᠤᠬᠠᠢ ᠶᠢᠨ ᠵᠢᠯ ᠤᠨ ᠭᠠᠮᠰᠢᠭ ᠤᠨ ᠪᠠᠶᠢᠳᠠᠯ ᠬᠠᠮᠤᠭ ᠤᠨ ᠬᠦᠨᠳᠦ ᠨᠣᠴᠢᠲᠠᠢ ᠪᠠᠶᠢᠭᠰᠠᠨ | ᠡᠳᠦᠷ ᠤᠳ ᠲᠤ᠂ ᠵᠢᠶᠠᠩ ᠽᠧ ᠮᠢᠨ ᠨᠥᠬᠦᠷ ᠪᠣᠷᠣᠭᠠᠨ ᠤ ᠳᠤᠮᠳᠠ ᠬᠠᠰᠢᠯᠭ᠎ᠠ ᠳᠡᠭᠡᠷ᠎ᠡ ᠢᠷᠡᠵᠤ᠂ ᠭᠠᠮᠰᠢᠭ ᠤᠨ ᠪᠠᠶᠢᠳᠠᠯ ᠢ ᠪᠠᠶᠢᠴᠠᠭᠠᠨ ᠦᠵᠡᠵᠦ᠂ ᠤᠯᠠᠨ | ᠲᠦᠮᠡᠨ ᠢ ᠲᠣᠬᠤᠨᠢᠭᠤᠯᠤᠭᠰᠠᠨ ᠢ ᠠᠳᠡᠬᠢ ᠨᠤᠲᠤᠭ ᠤᠨ ᠠᠬ᠎ᠠ ᠳᠡᠭᠦᠦ ᠨᠠᠷ ᠲᠣᠪ ᠲᠣᠳᠣᠷᠬᠠᠢ ᠴᠡᠭᠡᠵᠢᠯᠡᠵᠦ ᠪᠠᠶᠢᠨ᠎ᠠ᠃ | ︽ᠵᠢᠶᠠᠩ ᠽᠧ ᠮᠢᠨ ᠨᠥᠬᠦᠷ ᠨᠠᠳᠠ ᠲᠠᠢ ᠳᠣᠲᠣᠨᠣ ᠪᠠᠷ ᠭᠠᠷ ᠠᠳᠬᠤᠵᠤ᠂ ᠳᠡᠭᠡᠷ᠎ᠡ ᠳᠣᠣᠷ᠎ᠠ ᠱᠠᠲᠤ ᠪᠠᠷ ᠢᠶᠠᠨ ᠰᠡᠳᠬᠢᠯ ᠨᠢᠭᠡᠳᠴᠦ᠂ ᠶᠡᠭᠡ ᠭᠠᠮᠰᠢᠭ ᠤᠨ | ᠳᠠᠷᠠᠭ᠎ᠠ ᠭᠡᠷ ᠣᠷᠣᠨ ᠢᠶᠠᠨ ᠳᠠᠭᠢᠨ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠭᠰᠠᠨ ᠨᠢ ᠣᠯᠠᠨ ᠲᠦᠮᠡᠨ ᠳᠤ ᠯᠤᠲᠤ ᠶᠡᠭᠡ ᠳᠡᠮᠵᠢᠯᠭᠡ ᠪᠠ ᠵᠣᠷᠢᠭᠵᠢᠭᠤᠯᠤᠯ | ᠪᠣᠯᠤᠭᠰᠠᠨ ᠶᠤᠮ︾᠂ ᠲᠤᠬᠠᠢ ᠶᠢᠨ ᠦᠶ᠎ᠡ ᠳᠤ ᠯᠢ ᠰᠢᠨ ᠰᠢᠶᠠᠩ ᠤᠨ ᠴᠧ ᠰᠢ ᠲᠣᠰᠬᠤᠨ ᠤ ᠠᠷᠠᠳ ᠤᠨ ᠵᠥᠪᠯᠡᠯ ᠤᠨ ᠡᠷᠭᠢᠯᠡᠭᠴᠢ ᠪᠠᠶᠢᠭᠰᠠᠨ ᠶᠠᠩ ᠴᠠᠩ ᡁᠢ᠄ | ︽24 ᠵᠢᠯ ᠥᠩᠭᠡᠷᠡᠴᠢᠬᠡᠯ᠎ᠡ᠂ ᠬᠦᠴᠢᠷ ᠪᠡᠷᠬᠡᠰᠢᠶᠡᠯ ᠲᠤᠯᠭᠠᠷᠠᠪᠠᠯ ᠪᠢ ᠲᠡᠭᠦᠨ ᠤ ᠦᠭᠡ ᠶᠢ ᠪᠤᠳᠤᠵᠤ ᠣᠯᠣᠨ᠎ᠠ᠂ ᠴᠤᠭ ᠰᠦᠯᠳᠡ ᠲᠠᠢ ᠪᠣᠯᠵᠤ ᠢᠷᠡᠬᠦ ᠪᠠᠷ ᠠᠵᠢᠯ | ᠬᠢᠬᠦ ᠡᠷᠴᠢ ᠵᠣᠷᠢᠭ ᠲᠡᠭᠦᠯᠳᠡᠷ ᠪᠣᠯᠣᠨ᠎ᠠ᠃ ᠥᠨᠥᠳᠥᠷ ᠤᠨ ᠠᠮᠢᠳᠤᠷᠠᠯ ᠤᠯᠠᠮ ᠠᠴᠠ ᠤᠯᠠᠮ ᠰᠠᠶᠢᠨ ᠪᠣᠯᠵᠤ᠂ ᠪᠢᠳᠡ ᠰᠡᠳᠬᠢᠯ ᠵᠢᠷᠦᠬᠡᠨ ᠠᠴᠠ ᠪᠠᠨ ᠲᠡᠭᠦᠨ ᠢ | ᠰᠠᠨᠠᠭᠠᠯᠵᠠᠵᠤ ᠪᠠᠶᠢᠨ᠎ᠠ︾ ᠭᠡᠵᠦ ᠳᠣᠭᠳᠣᠯᠤᠨ ᠬᠡᠯᠡᠪᠡ᠃ | ᠴᠠᠰᠤᠲᠤ ᠥᠨᠳᠦᠷᠯᠢᠭ ᠤᠨ ᠲᠥᠪᠡᠳ ᠦᠨᠳᠦᠰᠦᠲᠡᠨ ᠤ ᠠᠬ᠎ᠠ ᠳᠡᠭᠦᠦ ᠨᠠᠷ ᠵᠢᠶᠠᠩ ᠽᠧ ᠮᠢᠨ ᠨᠥᠬᠦᠷ ᠢ ᠲᠦᠢᠯ ᠢᠶᠠᠷ ᠮᠥᠷᠥᠭᠡᠳᠦᠨ ᠰᠠᠨᠠᠭᠠᠯᠵᠠᠵᠤ | ᠪᠠᠶᠢᠨ᠎ᠠ᠃ | ᠵᠢᠶᠠᠩ ᠽᠧ ᠮᠢᠨ ᠨᠥᠬᠦᠷ ᠤᠨ ᠨᠠᠰᠤ ᠪᠠᠷᠠᠭᠰᠠᠨ ᠴᠢᠮᠡᠭᠡ ᠶᠢ ᠰᠣᠨᠣᠰᠤᠭᠠᠳ᠂ 84 ᠨᠠᠰᠤᠲᠠᠢ ᠯᠤᠪᠰᠠᠩ ᠨᠠᠰᠤᠲᠠᠨ ᠵᠢᠶᠠᠩ ᠽᠧ ᠮᠢᠨ ᠨᠥᠬᠦᠷ ᠲᠤ ᠬᠠᠳᠠᠭ | ᠡᠷᠭᠦᠵᠦ ᠪᠠᠶᠢᠭᠰᠠᠨ ᠲᠡᠷᠡ ᠬᠦ ᠭᠡᠷᠡᠯ ᠵᠢᠷᠤᠭ ᠢᠶᠠᠨ ᠦᠵᠡᠭᠡᠳ ᠰᠡᠳᠬᠢᠯ ᠬᠥᠳᠡᠯᠦᠨ ᠡᠷᠭᠢᠴᠡᠭᠦᠯᠪᠡ᠃ | 1998 ᠣᠨ ᠤ 3 ᠰᠠᠷ᠎ᠠ ᠳᠤ᠂ ᠵᠢᠶᠠᠩ ᠽᠧ ᠮᠢᠨ ᠨᠥᠬᠦᠷ ᠶᠢᠰᠦᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠩᠬᠠᠳᠤᠭᠠᠷ ᠬᠤᠷᠠᠯ ᠤᠨ ᠲᠥᠪᠡᠳ ᠤᠨ ᠲᠥᠯᠥᠭᠡᠯᠡᠭᠴᠢᠳ ᠤᠨ ᠪᠦᠯᠭᠦᠮ ᠳᠤ ᠢᠷᠡᠵᠦ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠢ ᠬᠢᠨᠠᠨ ᠶᠠᠷᠢᠯᠴᠠᠪᠠ᠃ ᠲᠤᠬᠠᠢ ᠶᠢᠨ ᠦᠶ᠎ᠡ ᠳᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᡀᠠᠰᠠ ᠬᠤᠲᠠ ᠶᠢᠨ ᠴᠧᠩ ᠭᠤᠸᠠᠨ ᠲᠣᠭᠤᠷᠢᠭ ᠤᠨ ᠴᠠᠰᠤᠲᠤ ᠰᠠᠭᠤᠭᠠᠯᠢ ᠠᠷᠠᠳ ᠤᠨ ᠵᠥᠪᠯᠡᠯ ᠤᠨ ᠨᠠᠮ ᠤᠨ ᠡᠭᠦᠷ ᠤᠨ ᠱᠦᠵᠢ ᠪᠠᠶᠢᠭᠰᠠᠨ ᠯᠣᠪᠰᠠᠩ ᠵᠢᠶᠠᠩ | ᠽᠧ ᠮᠢᠨ ᠨᠥᠬᠦᠷ ᠲᠤ ᠴᠠᠭᠠᠨ ᠬᠠᠳᠠᠭ ᠡᠷᠭᠦᠵᠦ᠂ ᠨᠠᠮ ᠤᠨ ᠲᠥᠪ ᠬᠤᠷᠢᠶ᠎ᠠ ᠠᠴᠠ ᠲᠥᠪᠡᠳ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ | ᠬᠦᠷᠲᠡᠭᠡᠭᠰᠡᠨ ᠬᠠᠶᠢᠷ᠎ᠠ ᠬᠠᠯᠠᠮᠵᠢ ᠳᠤ ᠲᠠᠯᠠᠷᠬᠠᠪᠠ᠃ | ︽ᠡᠷᠢᠨ ᠵᠠᠭᠤᠨ ᠤ ᠠᠭᠤᠯᠵᠠᠷ ᠲᠠᠬᠢ ᠲᠡᠦᠬᠡᠨ ᠠᠵᠠ ᠲᠣᠭᠢᠶᠠᠯ ᠢ ᠠᠮᠵᠢᠵᠤ᠂ ᠪᠠᠷᠠᠭᠤᠨ ᠬᠡᠰᠡᠭ ᠤᠨ ᠭᠠᠵᠠᠷ ᠣᠷᠣᠨ ᠢ ᠨᠡᠭᠡᠭᠡᠨ ᠬᠥᠭᠵᠢᠭᠦᠯᠬᠦ | ᠠᠯᠬᠤᠴᠠ ᠶᠢ ᠲᠦᠷᠭᠡᠳᠬᠡᠪᠡ︾᠃ 1999 ᠣᠨ ᠳᠤ᠂ ᠵᠢᠶᠠᠩ ᠽᠧ ᠮᠢᠨ ᠨᠥᠬᠦᠷ ︽ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ︾ ᠪᠠᠶᠢᠯᠳᠤᠬᠤ | ᠪᠣᠳᠣᠯᠭ᠎ᠠ ᠶᠢᠨ ᠪᠣᠳᠣᠯᠬᠢᠯᠠᠯ ᠢ ᠳᠤᠷᠠᠳᠤᠨ ᠭᠠᠷᠭᠠᠪᠠ᠃ ᠰᠢᠨ᠎ᠡ ᠵᠠᠭᠤᠨ ᠳᠤ ᠬᠠᠨᠳᠤᠭᠰᠠᠨ ᠡᠨᠡ ᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠨᠢ ᠲᠥᠪᠡᠳ ᠤᠨ | ᠲᠦᠷᠭᠡᠨ ᠬᠥᠭᠵᠢᠯᠲᠡ ᠶᠢᠨ ᠰᠢᠨ᠎ᠡ ᠪᠠᠶᠢᠳᠠᠯ ᠢ ᠨᠡᠭᠡᠭᠡᠵᠦ᠂ ᠡᠯ᠎ᠡ ᠵᠦᠢᠯ ᠤᠨ ᠠᠵᠢᠯ ᠦᠢᠯᠡᠰ ᠪᠦᠭᠦ ᠲᠠᠯ᠎ᠠ ᠪᠠᠷ ᠠᠬᠢᠪᠠ᠃ ︽ᠥᠨᠥᠳᠥᠷ ᠤᠨ ᠲᠥᠪᠡᠳ ᠵᠢᠶᠠᠩ | ᠽᠧ ᠮᠢᠨ ᠨᠥᠬᠦᠷ ᠤᠨ ᠬᠦᠰᠡᠯ ᠶᠣᠰᠣᠭᠠᠷ᠂ ᠨᠡᠶᠢᠭᠡᠮ ᠡᠶ᠎ᠡ ᠵᠣᠬᠢᠴᠠᠩᠭᠤᠢ ᠲᠣᠭᠲᠠᠭᠤᠨ᠂ ᠠᠷᠠᠳ ᠲᠦᠮᠡᠨ ᠠᠮᠤᠷ ᠲᠠᠶᠢᠪᠤᠩ ᠠᠵᠤ ᠲᠦᠷᠦᠵᠦ ᠪᠠᠶᠢᠨ᠎ᠠ᠃ ᠪᠢᠳᠡ | ᠲᠡᠭᠦᠨ ᠢ ᠡᠭᠦᠷᠢᠳᠡ ᠰᠠᠨᠠᠭᠠᠯᠵᠠᠨ᠎ᠠ︾ ᠭᠡᠵᠦ ᠯᠤᠪᠰᠠᠩ ᠬᠡᠯᠡᠪᠡ᠃ | ᠡᠮᠦᠨᠡᠲᠦ ᠲᠠᠩᠭᠢᠰ ᠤᠨ ᠬᠥᠪᠡᠭᠡᠨ ᠳᠤ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠶᠢᠨ ᠬᠤᠰᠢᠭᠤᠴᠢ ᠷᠣᠨ | ᠪᠣᠯᠤᠭᠰᠠᠨ ᠤ ᠬᠤᠪᠢ ᠳᠤ᠂ ᠶᠠᠩ ᠫᠦ᠋ ᠡᠯ᠎ᠡ ᠵᠦᠢᠯ ᠤᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠨᠡᠭᠡᠭᠡᠯᠲᠡᠲᠤ ᠲᠦᠷᠦ ᠶᠢᠨ ᠪᠣᠳᠣᠯᠭ᠎ᠠ ᠶᠢ ᠶᠠᠭ | ᠲᠦᠷᠭᠡᠨ ᠨᠠᠶᠢᠳᠠᠪᠤᠷᠢᠵᠢᠭᠤᠯᠵᠤ ᠪᠠᠶᠢᠨ᠎ᠠ᠃ ︽ᠶᠠᠩ ᠫᠦ᠋ ᠶᠢᠨ ᠪᠦᠲᠦᠭᠡᠨ ᠪᠠᠶᠢᠭᠤᠯᠤᠯᠲᠠ᠂ ᠬᠥᠭᠵᠢᠯᠲᠡ ᠨᠢ ᠵᠢᠶᠠᠩ ᠽᠧ ᠮᠢᠨ ᠨᠥᠬᠦᠷ ᠤᠨ ᠬᠠᠶᠢᠷ᠎ᠠ | ᠬᠠᠯᠠᠮᠵᠢᠯᠠᠯ ᠠᠴᠠ ᠰᠠᠯᠵᠤ ᠴᠢᠳᠠᠬᠤ ᠦᠭᠡᠢ ᠶᠤᠮ︾᠂ ᠬᠠᠶᠢᠨᠠᠨ ᠮᠤᠵᠢ ᠶᠢᠨ ᠳ᠋ᠠᠨᠵᠸᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠶᠠᠩ ᠫᠦ᠋ | ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ ᠷᠧᠨ ᠶᠠᠨ ᠰᠢᠨ ᠶᠠᠩ ᠫᠦ᠋ ᠳᠤ ᠢᠷᠡᠭᠡᠳ 30 ᠰᠢᠬᠠᠮ ᠵᠢᠯ | ᠠᠵᠢᠯᠯᠠᠵᠤ ᠪᠠᠶᠢᠨ᠎ᠠ᠂ ᠲᠡᠷᠡ᠄ ︽ᠪᠢᠳᠡ ᠬᠦᠨᠳᠦ ᠬᠦᠰᠡᠯ ᠢ ᠬᠥᠰᠡᠷᠳᠡᠭᠦᠯᠬᠦ ᠦᠭᠡᠢ ᠪᠠᠷ ᠦᠷᠭᠦᠯᠵᠢᠯᠡᠨ ᠤᠷᠤᠭᠰᠢᠯᠠᠵᠤ᠂ ᠥᠭᠡᠷᠡᠴᠢᠯᠡᠯᠲᠡ ᠨᠡᠭᠡᠭᠡᠯᠲᠡ ᠶᠢ | ᠬᠦᠨᠵᠡᠬᠡᠶᠢᠷᠡᠬᠦᠯᠦᠨ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠶᠠᠩ ᠫᠦ᠋ ᠶᠢ ᠬᠠᠶᠢᠨᠠᠨ ᠤ ᠬᠥᠭᠵᠢᠯᠲᠡ ᠶᠢᠨ ᠭᠤᠶᠣ ᠰᠠᠶᠢᠬᠠᠨ | ᠨᠡᠷ᠎ᠡ ᠶᠢᠨ ᠬᠠᠭᠤᠳᠠᠰᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠭᠢᠯᠠᠰ ᠴᠡᠭ ᠪᠣᠯᠭᠠᠨ ᠪᠦᠲᠦᠭᠡᠨ ᠪᠠᠶᠢᠭᠤᠯᠤᠨ᠎ᠠ︾ ᠭᠡᠪᠡ᠃ | 2006 ᠣᠨ ᠳᠤ᠂ ᠵᠢᠶᠠᠩ ᠽᠧ ᠮᠢᠨ ᠨᠥᠬᠦᠷ ︽ᠵᠢᠶᠠᠩ ᠽᠧ ᠮᠢᠨ ᠤ ᠵᠣᠬᠢᠶᠠᠯ ᠤᠨ ᠲᠡᠭᠦᠪᠦᠷᠢ︾ ᠶᠢᠨ ᠨᠢᠭᠡᠳᠦᠭᠡᠷ ᠪᠣᠳᠢ᠂ ᠬᠤᠶᠠᠳᠤᠭᠠᠷ ᠪᠣᠳᠢ᠂ | ᠭᠤᠷᠪᠠᠳᠤᠭᠠᠷ ᠪᠣᠳᠢ ᠶᠢ ᠪᠡᠶ᠎ᠡ ᠪᠠᠷ ᠢᠶᠠᠨ ᠡᠷᠭᠢᠯᠡᠨ ᠨᠠᠶᠢᠷᠠᠭᠤᠯᠵᠤ ᠬᠢᠨᠠᠨ ᠲᠣᠭᠲᠠᠭᠠᠪᠠ᠃ ︽ᠵᠢᠶᠠᠩ ᠽᠧ ᠮᠢᠨ ᠤ ᠵᠣᠬᠢᠶᠠᠯ ᠤᠨ ᠲᠡᠭᠦᠪᠦᠷᠢ︾ ᠶᠢ ᠨᠠᠶᠢᠷᠠᠭᠤᠯᠬᠤ | ᠵᠢᠯ ᠳᠤ ᠣᠷᠣᠯᠴᠠᠬᠰᠠᠨ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠭᠤᠷᠪᠠᠳᠤᠭᠠᠷ ᠰᠤᠳᠤᠯᠬᠤ ᠬᠡᠯᠲᠡᠰ ᠤᠨ ᠳᠡᠳ᠋ | ᠡᠷᠭᠢᠯᠡᠭᠴᠢ ᠵᠠᠩ ᠮᠢᠩ ᠵᠢᠶᠧ ᠲᠦᠢᠯ ᠢᠶᠠᠷ ᠡᠮᠭᠡᠨᠢᠨ ᠭᠠᠰᠢᠭᠤᠳᠠᠪᠠ᠃ ᠲᠡᠷᠡ᠄ ︽ᠵᠢᠶᠠᠩ ᠽᠧ ᠮᠢᠨ ᠨᠥᠬᠦᠷ ᠢᠮᠠᠭᠲᠠ ᠴᠠᠭ ᠦᠶ᠎ᠡ ᠶᠢᠨ ᠬᠥᠭᠵᠢᠯᠲᠡ ᠶᠢᠨ | ᠤᠳᠠᠰᠤ ᠪᠠ ᠠᠵᠠ ᠲᠣᠭᠢᠶᠠᠯ ᠢ ᠴᠢᠩᠭ᠎ᠠ ᠡᠵᠡᠮᠳᠡᠵᠦ᠂ ᠨᠠᠮ ᠪᠠ ᠠᠷᠠᠳ ᠲᠦᠮᠡᠨ ᠤ ᠠᠮᠢᠳᠤᠯᠢᠭ ᠪᠣᠳᠠᠲᠠᠢ ᠦᠢᠯᠡᠳᠦᠯᠭᠡ ᠠᠴᠠ ᠡᠭᠦᠰᠦᠨ ᠲᠤᠷᠰᠢᠯᠭ᠎ᠠ ᠪᠠᠨ ᠦ᠋ᠩᠨᠡᠵᠦ | ᠂ ᠠᠷᠭ᠎ᠠ ᠵᠠᠮ ᠡᠷᠢᠵᠦ᠂ ᠯᠠᠪᠳᠠᠭᠤᠨ ᠪᠠᠲᠤᠲᠠᠢ ᠮᠥᠷᠲᠡᠭᠡᠨ ᠵᠠᠮ ᠨᠡᠭᠡᠭᠡᠨ ᠤᠷᠤᠭᠰᠢᠯᠠᠳᠠᠭ᠃ ᠵᠢᠶᠠᠩ ᠽᠧ ᠮᠢᠨ ᠨᠥᠬᠦᠷ ᠤᠨ ᠰᠢᠯᠢᠳᠡᠭ ᠵᠠᠩ ᠴᠢᠨᠠᠷ ᠪᠠ ᠷᠬᠢᠮ | ᠳᠡᠭᠡᠳᠦ ᠬᠡᠪ ᠰᠤᠷᠲᠠᠯ ᠨᠢ ᠪᠢᠳᠡᠨ ᠢ ᠡᠭᠦᠷᠢᠳᠡ ᠬᠥᠮᠥᠵᠢᠭᠦᠯᠦᠨ ᠵᠣᠷᠢᠭᠵᠢᠭᠤᠯᠬᠤ ᠪᠣᠯᠣᠨ᠎ᠠ︾ ᠭᠡᠵᠡᠢ᠃ | ᠤᠯᠠᠨ ᠺᠠᠳ᠋ᠷ ᠤᠯᠠᠨ ᠲᠦᠮᠡᠨ᠂ ᠰᠢᠨ᠎ᠡ ᠴᠠᠭ ᠦᠶ᠎ᠡ ᠰᠢᠨ᠎ᠡ ᠠᠶᠠᠨ ᠳᠤ ᠦᠷᠭᠦᠯᠵᠢᠯᠡᠨ ᠣᠮᠤᠭ ᠵᠣᠷᠢᠭ ᠪᠠᠳᠠᠷᠠᠩᠭᠤᠢ ᠪᠠᠷ ᠡᠷᠡᠯᠬᠡᠭᠯᠡᠨ ᠴᠢᠷᠮᠠᠶᠢᠵᠤ᠂ | ᠵᠣᠷᠢᠭᠲᠠᠢ ᠤᠷᠤᠭᠰᠢᠯᠠᠬᠤ ᠪᠣᠯ ᠵᠢᠶᠠᠩ ᠽᠧ ᠮᠢᠨ ᠨᠥᠬᠦᠷ ᠢ ᠬᠠᠮᠤᠭ ᠤᠨ ᠰᠠᠶᠢᠨ ᠢᠶᠠᠷ ᠳᠤᠷᠠᠳᠬᠠᠵᠤ ᠪᠠᠶᠢᠭ᠎ᠠ ᠶᠠᠪᠤᠳᠠᠯ ᠪᠣᠯᠣᠨ᠎ᠠ᠃ ᠰᠢ ᠶᠢᠨ ᠫᠢᠩ ᠨᠥᠬᠦᠷ ᠢᠶᠠᠷ | ᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ | ᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠵᠡᠢ᠃ | | | | | |