ᠮᠠᠨ ᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠶᠢᠨ ᠬᠢᠨ ᠵᠢᠷᠤᠭᠲᠤ ᠲᠠᠶᠢᠯᠤᠮᠵᠢ ᠪᠠᠷ ᠲᠦᠷᠦ ᠎ ᠶᠢᠨ ᠪᠤᠳᠤᠯᠭ᠎ᠠ ᠶᠢᠨ ᠤᠬᠠᠭᠤᠯᠭ᠎ᠠ ᠬᠢᠬᠦ ᠶᠢ ᠠᠵᠢᠯ ᠤᠨ ᠬᠢᠯᠠᠰ ᠴᠡᠭ ᠪᠤᠯᠭᠠᠵᠤ ᠪᠠᠶᠢᠨ᠎ᠠ
ᠨᠡᠶᠢᠲᠡᠯᠡᠭᠰᠡᠨ ᠴᠠᠭ᠄
2022/12/8
     ᠮᠠᠨ ᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ ᠶᠢᠨ ᠬᠢᠨ ᠦᠨᠦ ᠵᠢᠯ ᠠᠴᠠ ᠡᠬᠢᠯᠡᠨ᠂ ᠰᠦᠯᠵᠢᠶᠡᠨ ᠤ ᠠᠭᠤᠯᠭ᠎ᠠ ᠶᠢᠨ ᠰᠢᠨᠡᠴᠢᠯᠡᠯᠳᠡ ᠳᠤ ᠰᠢᠨ᠎ᠡ ᠡᠭᠦᠳᠦᠯᠳᠡ ᠲᠠᠢ ᠪᠤᠯᠭᠠᠭᠰᠠᠨ ᠪᠠᠶᠢᠨ᠎ᠠ᠃ ᠤᠨᠴᠠᠭᠠᠶᠢᠯᠠᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠎ ᠶᠢᠨ ᠲᠠᠯ᠎ᠠ ᠳᠤ ᠬᠡᠪᠰᠢᠭᠰᠡᠨ ᠦᠰᠦᠭ ᠪᠢᠴᠢᠭ ᠤᠨ ᠬᠡᠯᠪᠡᠷᠢ ᠠᠴᠠ ᠵᠢᠷᠤᠭᠲᠤ ᠲᠠᠶᠢᠯᠤᠮᠵᠢ ᠶᠢᠨ ᠬᠡᠯᠪᠡᠷᠢ ᠪᠠᠷ ᠤᠬᠠᠭᠤᠯᠬᠤ ᠶᠢ ᠠᠵᠢᠯ ᠤᠨ ᠬᠢᠯᠠᠰ ᠴᠡᠭ ᠪᠤᠯᠭᠠᠵᠤ᠂ ᠤᠯᠤᠰ᠂ ᠦᠪᠡᠷᠳᠡᠬᠡᠨ ᠵᠠᠰᠠᠬᠤ ᠤᠷᠤᠨ᠂ ᠬᠤᠳᠠ ᠬᠤᠰᠢᠭᠤ ᠡᠯ᠎ᠡ ᠱᠠᠳᠤᠨ ᠤ ᠲᠦᠷᠦ ᠶᠢᠨ ᠪᠤᠳᠤᠯᠭ᠎ᠠ ᠶᠢ ᠵᠢᠷᠤᠭᠲᠤ ᠲᠠᠶᠢᠯᠤᠮᠵᠢ ᠶᠢᠨ ᠬᠡᠯᠪᠡᠷᠢ ᠪᠠᠷ ᠰᠦᠯᠵᠢᠶᠡᠨ ᠤ ᠬᠡᠷᠡᠭᠯᠡᠭᠴᠢᠳ ᠲᠤ ᠤᠶᠢᠯᠠᠭᠠᠭᠤᠯᠤᠨ ᠮᠡᠳᠡᠬᠦᠯᠵᠦ ᠪᠠᠶᠢᠨ᠎ᠠ᠃ ᠬᠡᠪᠰᠢᠭᠰᠡᠨ ᠦᠰᠦᠭ ᠪᠢᠴᠢᠭ ᠤᠨ ᠬᠡᠯᠪᠡᠷᠢ ᠶᠢᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠲᠠᠢ ᠬᠠᠷᠢᠭᠤᠴᠠᠭᠤᠯᠪᠠᠯ ᠵᠢᠷᠤᠭᠲᠤ ᠲᠠᠶᠢᠯᠤᠮᠵᠢ ᠶᠢᠨ ᠬᠡᠯᠪᠡᠷᠢ ᠨᠢ ᠵᠢᠷᠤᠭᠯᠠᠨ ᠲᠦᠰᠦᠪᠯᠡᠬᠦ ᠳᠤ ᠬᠦᠴᠢᠷ ᠲᠠᠢ ᠪᠤᠯᠪᠠᠴᠦ ᠰᠦᠯᠵᠢᠶᠡᠨ ᠤ ᠬᠡᠷᠡᠭᠯᠡᠴᠢᠳ ᠤᠨ ᠠᠩᠬᠠᠷᠤᠯ ᠢ ᠲᠠᠳᠠᠵᠤ ᠴᠢᠳᠠᠬᠤ ᠮᠦᠷᠳᠡᠭᠡᠨ ᠤᠶᠢᠯᠠᠭᠠᠮᠵᠢ ᠶᠢᠨ ᠲᠠᠯ᠎ᠠ ᠳᠤ ᠶᠡᠭᠡ ᠬᠢᠯᠪᠡᠷ ᠪᠠᠶᠢᠳᠠᠭ᠃ ᠲᠤᠰ ᠰᠦᠯᠵᠢᠶ᠎ᠡ ᠶᠢᠨ ᠬᠢᠨ ᠵᠢᠯ ᠤᠨ ᠡᠬᠢᠨ ᠠᠴᠠ ᠤᠳᠤᠬᠠᠨ ᠪᠤᠯᠳᠠᠯ᠎ᠠ᠂ ᠨᠡᠶᠢᠳᠡ ᠡᠯ᠎ᠡ ᠱᠳᠤᠨ ᠤ ᠲᠦᠷᠦ ᠶᠢᠨ ᠪᠤᠳᠤᠯᠭ᠎ᠠ ᠶᠢᠨ ᠵᠢᠷᠤᠭᠲᠤ ᠲᠠᠶᠢᠯᠤᠮᠵᠢ ᠶᠢ ᠲᠦᠴᠢᠨ ᠬᠡᠳᠦᠨ ᠵᠤᠷᠪᠤᠰ ᠵᠢᠷᠤᠭᠯᠠᠨ ᠲᠦᠰᠦᠪᠯᠡᠵᠦ ᠤᠬᠭᠠᠤᠯᠭ᠎ᠠ ᠬᠢᠭᠰᠡᠨ ᠪᠠᠶᠢᠨ᠎ᠠ᠃
自治区.png
市级.png
伊旗.png
ᠢᠷᠡᠯᠲᠡ᠄ ᠲᠤᠰ ᠰᠦᠯᠵᠢᠶ᠎ᠡ