| ᠬᠤᠲᠠ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠡᠵᠡᠨ ᠬᠤᠷᠤᠭ᠎ᠠ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠦ᠋ ᠶᠦᠨ ᠪᠥᠬᠦ ᠬᠤᠲᠠ ᠶᠢᠨ ︽ | ᠬᠤᠶᠠᠷ ᠬᠤᠷᠠᠯ︾ ᠤᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ 2022 ᠣᠨ᠂ ᠡᠵᠡᠨ ᠬᠤᠷᠤᠭ᠎ᠠ | ᠬᠤᠰᠢᠭᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠣᠳᠣᠷᠬᠠᠶ ᠬᠠᠷᠠᠯᠲᠠ ᠡᠭᠦᠷᠭᠡ | ᠶᠣᠰᠣᠭᠠᠷ᠂ ᠬᠠᠷᠢᠭᠤᠴᠠᠯᠭ᠎ᠠ ᠶᠢ ᠡᠷᠡᠰ ᠡᠬᠦᠷᠬᠡᠯᠡᠨ᠂ ᠠᠩᠬᠠᠷᠤᠯ ᠢᠶᠠᠨ ᠲᠥᠪᠯᠡᠷᠡᠭᠦᠯᠦᠨ ᠡᠯ᠎ᠡ ᠵᠦᠢᠯ ᠤᠨ ᠠᠵᠢᠯ ᠤᠨ | ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠢᠯᠠᠩᠭᠤᠶ᠎ᠠ ᠪᠣᠬᠢᠷᠲᠤᠯ ᠦᠭᠡᠢ ᠪᠠᠷ ᠬᠡᠯᠪᠡᠷᠢ ᠪᠠᠨ | ᠬᠤᠪᠢᠷᠠᠭᠤᠯᠬᠤ ᠶᠢ ᠭᠤᠶᠢᠪᠢᠰᠢ ᠦᠭᠡᠢ ᠪᠠᠷᠢᠮᠲᠠᠯᠠᠨ᠂ ︽ᠰᠠᠯᠬᠢ᠂ ᠬᠡᠷᠡᠯ ᠴᠠᠬᠢᠯᠭᠠᠨ᠂ ᠤᠰᠤᠳᠦ᠋ᠷᠦᠭᠴᠢ᠂ ᠴᠡᠨᠡᠭ | ᠬᠠᠳᠠᠭᠠᠯᠠᠬᠤ᠂ ᠮᠠᠰᠢᠨ ᠲᠡᠷᠬᠡ︾ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ︽ | ᠰᠠᠯᠬᠢ᠂ ᠬᠡᠷᠡᠯ ᠴᠠᠬᠢᠯᠭᠠᠨ᠂ ᠤᠰᠤᠳᠦ᠋ᠷᠦᠭᠴᠢ᠂ ᠴᠡᠨᠡᠭ ᠬᠠᠳᠠᠭᠠᠯᠠᠬᠤ᠂ ᠮᠠᠰᠢᠨ ᠲᠡᠷᠬᠡ︾ ᠶᠢᠨ ᠲᠤᠯᠤᠭᠠᠶᠢᠯᠠᠭᠴᠢ | ᠠᠵᠤ ᠠᠬᠤᠶᠢᠯᠠᠯ ᠤᠨ ᠲᠣᠭᠤᠷᠢᠨ ᠳᠤ᠂ ᠯᠦᠩ ᠵᠢᠶ 100 GW ᠬᠡᠷᠡᠯ ᠴᠡᠨᠡᠭ ᠤᠨ ᠰᠠᠭᠤᠷᠢᠨ ᠭᠠᠵᠠᠷ᠂ ᠢ ᠴᠢ | ᠵᠢᠶᠧ ᠹᠠᠩ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ ᠵᠡᠷᠭᠡ ᠨᠢᠭᠡ ᠪᠦᠯᠦᠭ ᠲᠣᠮᠣ ᠲᠥᠷᠥᠯ ᠵᠦᠢᠯ᠂ | ᠱᠠᠩ ᠴᠢ ᠴᠢᠩ ᠲᠦᠯᠡᠰᠢᠨ ᠴᠡᠨᠡᠭ᠂ ᠱᠧᠩ ᠹᠠᠨ ᠰᠢᠨᠵᠢᠯᠡᠭᠡ ᠮᠡᠷᠭᠡᠵᠢᠯ ᠵᠡᠷᠭᠡ ᠠᠷᠭ᠎ᠠ ᠪᠢᠯᠢᠭ ᠲᠦᠢᠯ ᠤᠨ | ᠮᠠᠲ᠋ᠧᠷᠢᠶᠠᠯ᠂ ᠴᠠᠬᠢᠯᠭᠠᠨ ᠴᠡᠨᠡᠭ ᠤᠨ ᠨᠠᠷᠢᠯᠢᠭ ᠪᠦᠲᠦᠴᠡ ᠲᠣᠨᠤᠭ ᠵᠢᠴᠢ ᠮᠠᠰᠢᠨ ᠲᠡᠷᠭᠡᠨ ᠤ ᠰᠡᠯᠪᠢᠭ ᠲᠣᠨᠤᠭ | ᠦᠢᠯᠡᠳᠪᠦᠷᠢᠯᠡᠬᠦ ᠵᠡᠷᠭᠡ ᠲᠥᠷᠥᠯ ᠵᠦᠢᠯ ᠢ ᠪᠦᠬᠦ ᠬᠦᠴᠦ ᠪᠠᠨ ᠤᠷᠤᠭᠤᠯᠤᠨ ᠤᠷᠤᠨᠰᠢᠭᠤᠯᠵᠤ᠂ ︽ᠰᠠᠯᠬᠢ ᠭᠡᠷᠡᠯ | ᠤᠰᠤᠲᠥ᠋ᠷᠥᠭᠴᠢᠲᠦ ᠬᠠᠳᠠᠭᠠᠯᠠᠬᠤ ᠲᠡᠷᠭᠡ︾ ᠶᠢᠨ ᠪᠦᠬᠦ ᠠᠵᠤ ᠦᠢᠯᠡᠰ ᠤᠨ ᠬᠡᠯᠬᠢᠶᠡᠰᠦ ᠶᠢ ᠠᠯᠬᠤᠮ ᠠᠯᠬᠤᠮ ᠢᠶᠠᠷ | ᠪᠦᠷᠢᠯᠳᠦᠭᠦᠯᠦᠨ᠎ᠡ ᠬᠡᠪᠡ᠃ | ᠤᠰᠤᠲᠥ᠋ᠷᠥᠭᠴᠢ ᠶᠢ ᠦᠢᠯᠡᠳᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠨᠡᠮᠡᠬᠦ ᠪᠠᠷ ᠭᠤᠣᠯᠯᠠᠭᠤᠯᠤᠨ᠂ ᠮᠠᠰᠢᠨ | ᠲᠡᠷᠬᠡ ᠬᠤᠳᠠᠯᠳᠤᠨ ᠠᠪᠬᠤ᠂ ᠵᠠᠮ ᠤᠨ ᠡᠷᠬᠡ ᠶᠢ ᠡᠩ ᠲᠡᠷᠢᠭᠦᠨ ᠳᠤ ᠪᠠᠶᠢᠯᠭᠠᠬᠤ ᠵᠡᠷᠭᠡ ᠲᠠᠯ᠎ᠠ ᠪᠠᠷ ᠲᠡᠳᠬᠦᠬᠦ | ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠤᠰᠤᠲᠥ᠋ᠷᠥᠭᠴᠢ ᠨᠡᠮᠡᠬᠦ ᠥᠷᠲᠡᠭᠡ᠂ ᠴᠠᠬᠢᠯᠭᠠᠨ ᠴᠡᠨᠡᠭ | ᠰᠤᠯᠢᠬᠤ ᠦᠷᠳᠡᠭᠡ ᠵᠡᠷᠭᠡ ᠢᠵᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ | ᠬᠦᠴᠦᠨ ᠵᠦᠢᠯ ᠪᠣᠯᠤᠨ ᠦᠢᠯᠡᠴᠢᠯᠡᠭᠡ ᠶᠢ ᠲᠥᠷᠥᠯ ᠵᠦᠢᠯ ᠢᠶᠠᠷ ᠲᠠᠶᠢᠴᠢᠯᠠᠬᠤ ᠶᠢ ᠲᠦᠯᠬᠢᠨ ᠠᠬᠢᠭᠤᠯᠤᠨ᠎ᠠ᠃ | | | | | | |