ᠡᠤ ᠶᠦᠨ ︽ᠬᠤᠶᠠᠷ ᠬᠤᠷᠠᠯ︾᠎ ᠤᠨ ᠲᠤᠰᠬᠠᠢ ᠰᠤᠷᠪᠤᠯᠵᠢᠯᠠᠭ᠎ᠠ ᠶᠢ ᠬᠦᠯᠢᠶᠡᠪᠡ
ᠨᠡᠶᠢᠲᠡᠯᠡᠭᠰᠡᠨ ᠴᠠᠭ᠄
2022/2/17
            ᠬᠤᠲᠠ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠡᠵᠡᠨ ᠬᠤᠷᠤᠭ᠎ᠠ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠦ᠋ ᠶᠦᠨ ᠪᠥᠬᠦ ᠬᠤᠲᠠ ᠶᠢᠨ ︽ᠬᠤᠶᠠᠷ ᠬᠤᠷᠠᠯ︾᠎ ᠤᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ 2022 ᠣᠨ᠂ ᠡᠵᠡᠨ ᠬᠤᠷᠤᠭ᠎ᠠ ᠬᠤᠰᠢᠭᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠲᠣᠳᠣᠷᠬᠠᠶ ᠬᠠᠷᠠᠯᠲᠠ ᠡᠭᠦᠷᠭᠡ ᠶᠣᠰᠣᠭᠠᠷ᠂ ᠬᠠᠷᠢᠭᠤᠴᠠᠯᠭ᠎ᠠ ᠶᠢ ᠡᠷᠡᠰ ᠡᠬᠦᠷᠬᠡᠯᠡᠨ᠂ ᠠᠩᠬᠠᠷᠤᠯ ᠢᠶᠠᠨ ᠲᠥᠪᠯᠡᠷᠡᠭᠦᠯᠦᠨ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠢᠯᠠᠩᠭᠤᠶ᠎ᠠ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠭᠤᠶᠢᠪᠢᠰᠢ ᠦᠭᠡᠢ ᠪᠠᠷᠢᠮᠲᠠᠯᠠᠨ᠂ ︽ᠰᠠᠯᠬᠢ᠂ ᠬᠡᠷᠡᠯ ᠴᠠᠬᠢᠯᠭᠠᠨ᠂ ᠤᠰᠤᠳᠦ᠋ᠷᠦᠭᠴᠢ᠂ ᠴᠡᠨᠡᠭ ᠬᠠᠳᠠᠭᠠᠯᠠᠬᠤ᠂ ᠮᠠᠰᠢᠨ ᠲᠡᠷᠬᠡ︾᠎ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ︽ᠰᠠᠯᠬᠢ᠂ ᠬᠡᠷᠡᠯ ᠴᠠᠬᠢᠯᠭᠠᠨ᠂ ᠤᠰᠤᠳᠦ᠋ᠷᠦᠭᠴᠢ᠂ ᠴᠡᠨᠡᠭ ᠬᠠᠳᠠᠭᠠᠯᠠᠬᠤ᠂ ᠮᠠᠰᠢᠨ ᠲᠡᠷᠬᠡ︾᠎ ᠶᠢᠨ ᠲᠤᠯᠤᠭᠠᠶᠢᠯᠠᠭᠴᠢ ᠠᠵᠤ ᠠᠬᠤᠶᠢᠯᠠᠯ ᠤᠨ ᠲᠣᠭᠤᠷᠢᠨ ᠳᠤ᠂ ᠯᠦᠩ ᠵᠢᠶ 100 GW ᠬᠡᠷᠡᠯ ᠴᠡᠨᠡᠭ ᠤᠨ ᠰᠠᠭᠤᠷᠢᠨ ᠭᠠᠵᠠᠷ ᠂ ᠢ ᠴᠢ ᠵᠢᠶᠧ ᠹᠠᠩ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ ᠵᠡᠷᠭᠡ ᠨᠢᠭᠡ ᠪᠦᠯᠦᠭ ᠲᠣᠮᠣ ᠲᠥᠷᠥᠯ ᠵᠦᠢᠯ᠂ ᠱᠠᠩ ᠴᠢ ᠴᠢᠩ ᠲᠦᠯᠡᠰᠢᠨ ᠴᠡᠨᠡᠭ᠂ ᠱᠧᠩ ᠹᠠᠨ ᠰᠢᠨᠵᠢᠯᠡᠭᠡ ᠮᠡᠷᠭᠡᠵᠢᠯ ᠵᠡᠷᠭᠡ ᠠᠷᠭ᠎ᠠ ᠪᠢᠯᠢᠭ ᠲᠦᠢᠯ ᠤᠨ ᠮᠠᠲ᠋ᠧᠷᠢᠶᠠᠯ᠂  ᠴᠠᠬᠢᠯᠭᠠᠨ ᠴᠡᠨᠡᠭ ᠤᠨ ᠨᠠᠷᠢᠯᠢᠭ ᠪᠦᠲᠦᠴᠡ ᠲᠣᠨᠤᠭ ᠵᠢᠴᠢ ᠮᠠᠰᠢᠨ ᠲᠡᠷᠭᠡᠨ ᠤ ᠰᠡᠯᠪᠢᠭ ᠲᠣᠨᠤᠭ ᠦᠢᠯᠡᠳᠪᠦᠷᠢᠯᠡᠬᠦ ᠵᠡᠷᠭᠡ ᠲᠥᠷᠥᠯ ᠵᠦᠢᠯ ᠢ ᠪᠦᠬᠦ ᠬᠦᠴᠦ ᠪᠠᠨ ᠤᠷᠤᠭᠤᠯᠤᠨ ᠤᠷᠤᠨᠰᠢᠭᠤᠯᠵᠤ᠂ ︽ᠰᠠᠯᠬᠢ ᠭᠡᠷᠡᠯ ᠤᠰᠤᠲᠥ᠋ᠷᠥᠭᠴᠢᠲᠦ ᠬᠠᠳᠠᠭᠠᠯᠠᠬᠤ ᠲᠡᠷᠭᠡ︾᠎ ᠶᠢᠨ ᠪᠦᠬᠦ ᠠᠵᠤ ᠦᠢᠯᠡᠰ ᠤᠨ ᠬᠡᠯᠬᠢᠶᠡᠰᠦ ᠶᠢ ᠠᠯᠬᠤᠮ ᠠᠯᠬᠤᠮ ᠢᠶᠠᠷ ᠪᠦᠷᠢᠯᠳᠦᠭᠦᠯᠦᠨ᠎ᠡ ᠬᠡᠪᠡ᠃      ᠤᠰᠤᠲᠥ᠋ᠷᠥᠭᠴᠢ ᠶᠢ ᠦᠢᠯᠡᠳᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠨᠡᠮᠡᠬᠦ ᠪᠠᠷ ᠭᠤᠣᠯᠯᠠᠭᠤᠯᠤᠨ᠂ ᠮᠠᠰᠢᠨ ᠲᠡᠷᠬᠡ ᠬᠤᠳᠠᠯᠳᠤᠨ ᠠᠪᠬᠤ᠂ ᠵᠠᠮ ᠤᠨ ᠡᠷᠬᠡ ᠶᠢ ᠡᠩ ᠲᠡᠷᠢᠭᠦᠨ ᠳᠤ ᠪᠠᠶᠢᠯᠭᠠᠬᠤ ᠵᠡᠷᠭᠡ ᠲᠠᠯ᠎ᠠ ᠪᠠᠷ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠤᠰᠤᠲᠥ᠋ᠷᠥᠭᠴᠢ ᠨᠡᠮᠡᠬᠦ ᠥᠷᠲᠡᠭᠡ᠂ ᠴᠠᠬᠢᠯᠭᠠᠨ ᠴᠡᠨᠡᠭ ᠰᠤᠯᠢᠬᠤ ᠦᠷᠳᠡᠭᠡ ᠵᠡᠷᠭᠡ ᠢᠵᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠬᠦᠴᠦᠨ ᠵᠦᠢᠯ ᠪᠣᠯᠤᠨ ᠦᠢᠯᠡᠴᠢᠯᠡᠭᠡ ᠶᠢ ᠲᠥᠷᠥᠯ ᠵᠦᠢᠯ ᠢᠶᠠᠷ ᠲᠠᠶᠢᠴᠢᠯᠠᠬᠤ ᠶᠢ ᠲᠦᠯᠬᠢᠨ ᠠᠬᠢᠭᠤᠯᠤᠨ᠎ᠠ᠃
ᠢᠷᠡᠯᠲᠡ᠄ ᠲᠤᠰ ᠰᠦᠯᠵᠢᠶ᠎ᠡ