| B 1 - 02 ᠭᠠᠵᠠᠷ ᠨᠢ ᠠᠯᠳᠠᠨᠰᠢᠷᠡᠭᠡ ᠪᠠᠯᠭᠠᠰᠤᠨ ᠤ ᠣᠲᠣ ᠦᠶ᠎ᠡ ᠶᠢᠨ ᠲᠣᠨᠤᠭ ᠲᠥᠬᠦᠭᠡᠷᠦᠮᠵᠢ | ᠦᠶᠯᠡᠳᠬᠦ ᠰᠠᠭᠤᠷᠢᠨ ᠭᠠᠵᠠᠷ ᠤᠨ ᠥᠷᠭᠡᠷᠢᠭ ᠤᠨ ᠬᠤᠶᠠᠳᠤᠭᠠᠷ ᠵᠠᠮ᠂ ᠤᠷᠳᠤᠷᠢᠭ ᠬᠤᠶᠠᠳᠤᠭᠠᠷ ᠵᠠᠮ ᠤᠨ ᠵᠡᠭᠦᠨ᠂ | ᠪᠢᠨ ᠱᠦᠶ ᠵᠠᠮ ᠤᠨ ᠡᠮᠦᠨ᠎ᠡ᠂ ᠤᠷᠳᠤᠷᠢᠭ ᠭᠤᠷᠪᠠᠳᠤᠭᠠᠷ ᠵᠠᠮ ᠤᠨ ᠪᠠᠷᠠᠭᠤᠨ ᠲᠠᠯ᠎ᠠ ᠳᠤ ᠪᠠᠶᠢᠷᠢᠯᠠᠵᠤ᠂ | ᠲᠥᠯᠥᠪᠵᠢᠭᠦᠯᠦᠭᠰᠡᠨ ᠬᠡᠷᠡᠭᠯᠡᠬᠡᠨ ᠤ ᠭᠠᠵᠠᠷ ᠤᠨ ᠲᠠᠯᠠᠪᠠᠶ ᠨᠢ ᠪᠠᠷᠤᠭ 47.16 ᠾᠧᠺᠲ᠋ᠠᠷ ᠪᠣᠯᠤᠨ᠎ᠠ᠃ ᠲᠣᠰ | ᠭᠠᠵᠠᠷ ᠤᠨ ᠡᠵᠡᠮᠰᠢᠯ ᠤᠨ ᠴᠢᠨᠠᠷᠲᠠᠶ ᠨᠠᠷᠢᠨ ᠲᠣᠳᠣᠷᠬᠠᠶ ᠲᠥᠯᠥᠪᠵᠢᠭᠦᠯᠭᠡ ᠨᠢ 2009 ᠣᠨ ᠤ 5 ᠰᠠᠷ᠎ᠠ ᠶᠢᠨ 6 | ᠤ ᠡᠳᠦᠷ ᠴᠣᠬᠤᠯᠠᠪᠤᠷᠢ ᠤᠯᠵᠤ᠂ ᠲᠤᠬᠠᠶ ᠶᠢᠨ ᠦᠶ᠎ᠡ ᠳᠤ ᠭᠠᠵᠠᠷ ᠤᠨ ᠳᠣᠲᠣᠷ᠎ᠠ ᠵᠣᠬᠢᠴᠠᠩᠭᠤᠶ ᠰᠠᠯᠪᠤᠷᠢ ᠱᠤᠭᠤᠮ | ᠤᠨ ᠲᠣᠤᠷ ᠭᠠᠷᠭᠠᠭᠰᠠᠨ ᠥᠬᠡᠶ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠦᠶᠯᠡᠰ ᠢ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠪᠠ ᠭᠠᠵᠠᠷ ᠰᠢᠷᠣᠶ ᠶᠢ ᠥᠨᠳᠥᠷ ᠪᠦᠲᠦᠮᠵᠢᠲᠡᠶ ᠠᠰᠢᠭᠯᠠᠬᠤ ᠶᠢ ᠪᠠᠲᠤᠯᠠᠬᠤ | ᠶᠢᠨ ᠲᠥᠯᠥᠭᠡ᠂ ᠲᠣᠰ ᠭᠠᠵᠠᠷ ᠤᠨ ᠡᠮᠦᠨ᠎ᠡ ᠲᠠᠯ᠎ᠠ ᠪᠠᠷ ᠤᠷᠳᠤᠷᠢᠭ ᠬᠤᠶᠠᠳᠤᠭᠠᠷ ᠵᠡᠭᠦᠨ ᠵᠠᠮ ᠢᠶᠠᠷ ᠳᠡᠮᠵᠢᠨ | ᠤᠮᠠᠷᠠᠰᠢ ᠰᠤᠨᠵᠢᠷᠠᠨ ᠪᠢᠨ ᠱᠦᠶ ᠵᠠᠮ ᠲᠠᠢ ᠣᠭᠲᠣᠯᠣᠯᠴᠠᠬᠤ ᠶᠢᠨ ᠬᠠᠮᠲᠤ ᠭᠠᠵᠠᠷ ᠤᠨ ᠳᠤᠮᠳᠠ ᠬᠡᠰᠡᠭ ᠲᠤ | ᠵᠡᠭᠦᠨᠰᠢ ᠪᠠᠷᠠᠭᠤᠨᠰᠢ ᠨᠢᠭᠡ ᠵᠤᠷᠪᠤᠰ ᠵᠠᠮ ᠤᠨ ᠲᠣᠤᠷ ᠢ ᠨᠠᠮᠠᠨ ᠪᠠᠶᠢᠭᠤᠯᠵᠤ᠂ ᠲᠣᠰ ᠭᠠᠵᠠᠷ ᠤᠨ ᠳᠣᠲᠣᠷᠠᠬᠢ | ᠪᠠᠷᠤᠭ 0.88 ᠾᠧᠺᠲ᠋ᠠᠷ ᠬᠠᠮᠠᠭᠠᠯᠠᠯᠲᠠ ᠶᠢᠨ ᠵᠦᠯᠭᠡ ᠭᠠᠵᠠᠷ᠂ ᠪᠠᠷᠤᠭ 3.59 ᠾᠧᠺᠲ᠋ᠠᠷ ᠬᠤᠶᠠᠳᠤᠭᠠᠷ ᠲᠥᠷᠥᠯ | ᠤᠨ ᠠᠵᠤ ᠦᠶᠯᠡᠳᠪᠦᠷᠢ ᠶᠢᠨ ᠬᠡᠷᠡᠭᠯᠡᠬᠡᠨ ᠤ ᠭᠠᠵᠠᠷ ᠢ ᠬᠤᠲᠠ ᠶᠢᠨ ᠶᠠᠪᠤᠳᠠᠯ ᠤᠨ ᠵᠠᠮ ᠤᠨ ᠬᠡᠷᠡᠭᠯᠡᠬᠡᠨ ᠤ ᠭᠠᠵᠠᠷ | ᠪᠣᠯᠭᠠᠨ ᠥᠭᠡᠷᠡᠴᠢᠯᠡᠬᠦ ᠪᠠᠷ ᠪᠠᠶᠢᠨ᠎ᠠ᠃ ᠵᠠᠰᠠᠪᠤᠷᠢ ᠣᠷᠣᠭᠤᠯᠤᠭᠰᠠᠨ ᠤ ᠳᠠᠷᠠᠭ᠎ᠠ ᠵᠠᠮ ᠤᠨ ᠬᠡᠷᠡᠭᠯᠡᠬᠡᠨ ᠤ ᠭᠠᠵᠠᠷ | ᠪᠠᠷᠤᠭ 4.47 ᠾᠧᠺᠲ᠋ᠠᠷ᠂ ᠬᠠᠮᠠᠭᠠᠯᠠᠯᠲᠠ ᠶᠢᠨ ᠵᠦᠯᠭᠡ ᠭᠠᠵᠠᠷ ᠪᠠᠷᠤᠭ 12.11 ᠾᠧᠺᠲ᠋ᠠᠷ᠂ ᠬᠤᠶᠠᠳᠤᠭᠠᠷ | ᠲᠥᠷᠥᠯ ᠤᠨ ᠠᠵᠤ ᠦᠶᠯᠡᠳᠪᠦᠷᠢ ᠶᠢᠨ ᠬᠡᠷᠡᠭᠯᠡᠬᠡᠨ ᠤ ᠭᠠᠵᠠᠷ ᠪᠠᠷᠤᠭ 30.27 ᠾᠧᠺᠲ᠋ᠠᠷ᠂ ᠭᠠᠯ ᠤᠨᠲᠠᠷᠠᠭᠠᠬᠤ | ᠪᠡᠯᠡᠳᠬᠡᠮᠵᠢ ᠶᠢᠨ ᠬᠡᠷᠡᠭᠯᠡᠬᠡᠨ ᠤ ᠭᠠᠵᠠᠷ ᠪᠠᠷᠤᠭ 0.31 ᠾᠧᠺᠲ᠋ᠠᠷ ᠪᠠᠶᠢᠵᠤ᠂ ᠮᠡᠷᠭᠡᠵᠢᠯ ᠠᠵᠤ ᠠᠬᠤᠶ ᠶᠢᠨ | ᠭᠦᠶᠴᠡᠳᠬᠡᠯ ᠲᠤᠭ᠎ᠠ ᠶᠢ ᠬᠤᠪᠢᠷᠠᠭᠤᠯᠬᠤ ᠥᠬᠡᠶ᠃ | ᠲᠥᠯᠥᠪᠵᠢᠭᠦᠯᠭᠡ ᠳᠤ ᠬᠤᠯᠪᠣᠭᠳᠠᠭᠰᠠᠨ ᠬᠠᠮᠢᠶ᠎ᠠ ᠪᠥᠬᠦᠶ ᠠᠰᠢᠭ ᠬᠤᠤᠷ ᠤᠨ ᠬᠠᠷᠢᠴᠠᠭ᠎ᠠ ᠲᠠᠢ ᠬᠥᠮᠦᠨ | ᠬᠡᠷᠪᠡ ᠰᠠᠨᠠᠯ ᠲᠠᠢ ᠪᠤᠶᠤ ᠲᠣᠰ ᠤᠳᠠᠭᠠᠨ ᠤ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠰᠠᠨᠠᠯ ᠲᠠᠢ ᠣᠯᠠᠨ | ᠲᠦᠮᠡᠨ ᠪᠠᠶᠢᠪᠠᠯ᠂ ᠰᠠᠨᠠᠯ ︵ᠦᠨᠡᠨ ᠣᠪᠣᠭ ᠨᠡᠷ᠎ᠡ ᠪᠠ ᠬᠠᠷᠢᠯᠴᠠᠬᠤ ᠬᠠᠶ᠋ᠢᠭ᠂ ᠬᠠᠷᠢᠯᠴᠠᠬᠤ ᠠᠷᠭ᠎ᠠ ᠮᠠᠶ᠋ᠢᠭ︶ ᠢ | ᠵᠠᠷᠯᠠᠨ ᠨᠡᠶᠢᠲᠡᠯᠡᠬᠦ ᠬᠤᠭᠤᠴᠠᠭ᠎ᠠ ︵2022 ᠣᠨ ᠤ 1 ᠰᠠᠷ᠎ᠠ ᠶᠢᠨ 11 ᠤ ᠡᠳᠦᠷ ᠠᠴᠠ 2022 ᠣᠨ ᠤ 1 | ᠰᠠᠷ᠎ᠠ ᠶᠢᠨ 18 ᠤ ᠡᠳᠦᠷ ᠪᠣᠯᠲᠠᠯ᠎ᠠ︶ ᠶᠢᠨ ᠳᠣᠲᠣᠷ᠎ᠠ ᠡᠵᠡᠨ ᠬᠤᠷᠤᠭ᠎ᠠ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠳᠤ ᠲᠤᠰᠬᠠᠬᠤ ᠬᠡᠷᠡᠭᠲᠡᠶ ︵ᠬᠠᠷᠢᠯᠴᠠᠬᠤ ᠤᠲᠠᠰᠤ᠄ 0477 - 8960442᠂ | ᠬᠠᠷᠢᠯᠴᠠᠬᠤ ᠬᠠᠶ᠋ᠢᠭ᠄ ᠡᠵᠡᠨ ᠬᠤᠷᠤᠭ᠎ᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ( | 017200 ) |