ᠡᠵᠡᠨ ᠬᠤᠷᠤᠭ᠎ᠠ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠎ ᠶᠢᠨ ᠲᠣᠪᠴᠢᠶ᠎ᠠ ᠶᠢᠨ ᠠᠵᠢᠯ ᠣᠯᠤᠭᠠᠳᠤᠶ  ᠤᠶᠤᠳᠠᠳ ᠢ ᠤᠷᠢᠨ ᠸᠢᠴᠠᠲ ᠰᠣᠯᠢᠯᠴᠠᠭᠠᠨ ᠤ ᠴᠤᠭᠯᠠᠷᠠᠯ ᠨᠡᠮᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2022/3/29
     ᠤᠶᠤᠳᠠᠨ ᠳᠤ ᠠᠵᠢᠯ ᠣᠯᠭᠤᠬᠤ ᠶᠢ ᠠᠬᠢᠭᠤᠯᠬᠤ ᠡᠯ᠎ᠡ ᠵᠦᠶᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠵᠢᠯ ᠣᠯᠤᠭᠠᠳᠤᠶ ᠤᠶᠤᠳᠠᠳ ᠲᠤ ᠠᠵᠢᠯ ᠣᠯᠭᠤᠭᠰᠠᠨ ᠪᠠᠶᠢᠳᠠᠯ ᠢ ᠬᠥᠳᠡᠯᠦᠩᠭᠦᠶ ᠪᠠᠷ ᠮᠥᠷᠳᠡᠨ ᠳᠠᠭᠠᠬᠤ ᠶᠢ ᠴᠢᠩᠭᠠᠳᠬᠠᠵᠤ᠂ ᠤᠶᠤᠳᠠᠨ ᠳᠤ ᠴᠠᠭ ᠲᠤᠬᠠᠶ ᠎ ᠳᠤᠨᠢ ᠣᠨᠣᠪᠴᠢᠲᠠᠶ ᠪᠠᠷ ᠠᠵᠢᠯ ᠣᠯᠭᠤᠬᠤ ᠦᠶᠯᠡᠴᠢᠯᠡᠭᠡ ᠬᠠᠩᠭᠠᠵᠤ᠂ ᠤᠶᠤᠳᠠᠨ ᠳᠤ ᠠᠵᠢᠯ ᠣᠯᠭᠤᠵᠤ ᠦᠶᠯᠡᠰ ᠴᠣᠭᠴᠠᠯᠠᠬᠤ ᠶᠢ ᠠᠯᠢ ᠲᠦᠷᠭᠡᠨ ᠢᠶᠠᠷ ᠬᠠᠪᠰᠤᠷᠤᠨ ᠪᠡᠶᠡᠯᠡᠭᠦᠯᠬᠦ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ︽2019 ᠣᠨ ᠤ ᠤᠶᠤᠳᠠᠨ᠂ 2020 ᠣᠨ ᠤ ᠤᠶᠤᠳᠠᠨ᠂ 2021 ᠣᠨ ᠤ ᠤᠶᠤᠳᠠᠨ᠂ 2022 ᠣᠨ ᠤ ᠤᠶᠤᠳᠠᠨ︾᠎ ᠤ ᠸᠢᠴᠠᠲ ᠰᠣᠯᠢᠯᠴᠠᠭᠠᠨ ᠤ ᠴᠤᠭᠯᠠᠷᠠᠯ ᠢ ᠡᠭᠦᠳᠦᠨ ᠪᠠᠶᠢᠭᠤᠯᠵᠤ᠂ ᠡᠵᠡᠨ ᠬᠤᠷᠤᠭ᠎ᠠ ᠬᠤᠰᠢᠭᠤᠨ ᠤ ᠠᠵᠢᠯ ᠣᠯᠤᠭᠠᠳᠤᠶ ᠤᠶᠤᠳᠠᠨ ᠢ ᠣᠯᠠᠨ ᠢᠶᠠᠷ ᠤᠷᠢᠵᠤ ᠣᠷᠣᠯᠴᠠᠭᠤᠯᠪᠠ  ᠃ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠎ ᠲᠠᠢ ᠬᠠᠮᠵᠢᠯᠴᠠᠨ᠂ ᠳᠣᠤᠷᠠᠬᠢ ᠦᠶᠯᠡᠴᠢᠯᠡᠭᠡ ᠶᠢ ᠬᠠᠩᠭᠠᠨ᠎ᠠ  ᠃      ᠠᠵᠢᠯ ᠣᠯᠤᠭᠠᠳᠤᠶ ᠤᠶᠤᠳᠠᠨ ᠳᠤ ᠴᠢᠭᠯᠡᠭᠦᠯᠬᠦ ᠴᠢᠨᠠᠷᠲᠠᠶ ᠠᠵᠢᠯ ᠮᠡᠷᠭᠡᠵᠢᠯ ᠤᠨ ᠵᠢᠯᠣᠭᠤᠳᠣᠯᠭ᠎ᠠ ᠪᠣᠯᠤᠨ ᠠᠵᠢᠯ ᠮᠡᠷᠭᠡᠵᠢᠯ ᠤᠨ ᠲᠠᠨᠢᠯᠴᠠᠭᠤᠯᠭ᠎ᠠ ᠬᠠᠩᠭᠠᠵᠤ᠂ ᠠᠵᠢᠯ ᠣᠯᠬᠤ ᠴᠢᠳᠠᠪᠤᠷᠢ ᠶᠢ ᠨᠢ ᠬᠠᠪᠰᠤᠷᠤᠨ ᠳᠡᠭᠡᠭᠰᠢᠯᠡᠭᠦᠯᠵᠦ᠂ ᠠᠵᠢᠯ ᠰᠣᠩᠭᠤᠬᠤ ᠠᠷᠭ᠎ᠠ ᠵᠠᠮ ᠢ ᠨᠢ ᠦᠷᠬᠡᠳᠬᠡᠨ᠎ᠡ︔      ᠪᠣᠯᠪᠠᠰᠤᠷᠠᠭᠤᠯᠤᠯ ᠬᠦᠷᠲᠡᠬᠦ ᠬᠦᠰᠡᠯ ᠡᠷᠡᠮᠡᠯᠵᠡᠯ ᠲᠠᠢ ᠠᠵᠢᠯ ᠣᠯᠤᠭᠠᠳᠤᠶ ᠤᠶᠤᠳᠠᠨ ᠳᠤ ᠬᠠᠮᠢᠶ᠎ᠠ ᠪᠦᠬᠦᠢ ᠪᠣᠯᠪᠠᠰᠤᠷᠠᠭᠤᠯᠤᠯ ᠤᠨ ᠦᠢᠯᠡᠴᠢᠯᠡᠭᠡ ᠬᠠᠩᠭᠠᠵᠤ᠂ ᠠᠵᠢᠯ ᠣᠯᠬᠤ ᠥᠷᠢᠰᠥᠯᠳᠦᠭᠡᠨ ᠤ ᠴᠢᠳᠠᠪᠤᠷᠢ ᠶᠢ ᠨᠢ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ︔      ᠪᠡᠶ᠎ᠡ ᠪᠠᠨ ᠳᠠᠭᠠᠭᠠᠵᠤ ᠠᠳᠠᠯ ᠦᠢᠯᠡᠰ ᠪᠣᠰᠬᠠᠬᠤ ᠤᠶᠤᠳᠠᠨ ᠳᠤ ᠠᠳᠠᠯ ᠦᠢᠯᠡᠰ ᠪᠣᠰᠬᠠᠬᠤ ᠲᠡᠳᠬᠦᠮᠵᠢ ᠬᠠᠩᠭᠠᠨ᠎ᠠ᠂ ᠵᠢᠱᠢᠶᠡᠯᠡᠪᠡᠯ ᠠᠳᠠᠯ ᠦᠢᠯᠡᠰ ᠪᠣᠰᠬᠠᠬᠤ ᠪᠣᠯᠪᠠᠰᠤᠷᠠᠭᠤᠯᠤᠯ᠂ ᠪᠠᠭ᠎ᠠ ᠲᠣᠭᠠᠨ ᠤ ᠪᠠᠷᠢᠴᠠᠭᠠᠳᠤ ᠵᠢᠭᠡᠯᠡᠯᠭᠡ᠂ ᠤᠶᠤᠲᠠᠳ ᠤᠨ ᠠᠳᠠᠯ ᠦᠢᠯᠡᠰ ᠪᠣᠰᠬᠠᠬᠤ ᠨᠥᠬᠦᠪᠥᠷᠢ ᠵᠡᠷᠭᠡ ᠪᠣᠯᠤᠨ᠎ᠠ︔      ᠭᠡᠷ ᠪᠦᠯᠢ ᠨᠢ ᠬᠦᠴᠢᠷᠳᠡᠯᠲᠡᠶ ᠪᠠ ᠠᠵᠢᠯ ᠣᠯᠬᠤ ᠳᠤ ᠬᠦᠴᠢᠷᠲᠡᠶ ᠤᠶᠤᠳᠠᠨ ᠳᠤ ᠴᠢᠭᠯᠡᠭᠦᠯᠬᠦ ᠴᠢᠨᠠᠷᠲᠠᠶ ᠠᠵᠢᠯ ᠣᠯᠭᠤᠬᠤ ᠲᠤᠰᠠᠯᠠᠮᠵᠢ ᠬᠠᠩᠭᠠᠵᠤ᠂ ᠵᠣᠬᠢᠬᠤ ᠴᠠᠭ ᠬᠤᠭᠤᠴᠠᠭᠠᠨ ᠤ ᠳᠣᠲᠣᠷ᠎ᠠ ᠠᠵᠢᠯ ᠣᠯᠬᠤ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ︔      ᠳᠠᠭᠠᠵᠤ ᠰᠤᠷᠬᠤ ᠬᠡᠷᠡᠭᠴᠡᠭᠡ ᠱᠠᠭᠠᠷᠳᠠᠯᠭ᠎ᠠ ᠲᠠᠢ ᠠᠵᠢᠯ ᠣᠯᠤᠭᠠᠳᠤᠶ ᠤᠶᠤᠳᠠᠨ ᠪᠠ ᠠᠵᠢᠯ ᠠᠯᠳᠠᠭᠰᠠᠨ ᠵᠠᠯᠠᠭᠤᠴᠤᠳ ᠲᠤ ᠠᠵᠢᠯ ᠣᠯᠭᠤᠬᠤ ᠳᠠᠭᠠᠵᠤ ᠰᠤᠷᠬᠤ ᠲᠣᠬᠢᠶᠠᠯ ᠬᠠᠩᠭᠠᠵᠤ᠂ ᠳᠠᠭᠠᠵᠤ ᠰᠤᠷᠬᠤ ᠬᠤᠭᠤᠴᠠᠭᠠᠨ ᠎ ᠳᠤ ᠠᠮᠢᠳᠤᠷᠠᠯ ᠤᠨ ᠨᠥᠬᠦᠪᠥᠷᠢ ᠣᠯᠭᠤᠵᠤ᠂ ᠠᠵᠢᠯ ᠣᠯᠤᠭᠠᠳᠤᠶ ᠤᠶᠤᠳᠠᠨ ᠪᠠ ᠠᠵᠢᠯ ᠠᠯᠳᠠᠭᠰᠠᠨ ᠵᠠᠯᠠᠭᠤᠴᠤᠳ ᠎ ᠢ ᠬᠠᠪᠰᠤᠷᠤᠨ ᠪᠣᠳᠠᠲᠠᠶ ᠠᠵᠢᠯ ᠤᠨ ᠲᠤᠷᠰᠢᠯᠭ᠎ᠠ ᠶᠢ ᠨᠢ ᠴᠢᠩᠭᠠᠷᠠᠭᠤᠯᠵᠤ᠂ ᠠᠵᠢᠯ ᠤᠯᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ︔      ᠳᠤᠮᠳᠠ ᠵᠢᠵᠢᠭ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠴᠢᠳᠠᠪᠤᠷᠢᠲᠠᠨ ᠨᠥᠭᠡᠴᠡᠯᠡᠬᠦ ᠬᠦᠰᠡᠯ ᠲᠠᠢ ᠤᠶᠤᠲᠠᠳ ᠲᠤ ᠠᠮᠢᠳᠤᠷᠠᠯ ᠤᠨ ᠨᠥᠬᠦᠪᠥᠷᠢ ᠣᠯᠭᠤᠵᠤ᠂ ᠨᠥᠭᠡᠴᠡᠯᠡᠬᠦ ᠬᠤᠭᠤᠴᠠᠭ᠎ᠠ ᠨᠢ ᠬᠦᠢᠴᠡᠪᠡᠯ ᠡᠩ ᠲᠡᠷᠢᠭᠦᠨ ᠳᠤ ᠦᠯᠡᠳᠡᠭᠡᠨ ᠬᠡᠷᠡᠭᠯᠡᠭᠦᠯᠬᠦ ᠪᠠ ᠥᠪᠡᠷᠲᠡᠭᠡᠨ ᠵᠠᠰᠠᠬᠤ ᠣᠷᠣᠨ ᠤ ᠤᠶᠤᠳᠠᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ  ᠃      ᠴᠤᠭᠯᠠᠷᠠᠯ ᠳᠤ ᠣᠷᠣᠬᠤ ᠠᠷᠭ᠎ᠠ᠄ ᠲᠤᠤᠷ᠎ᠠ ᠲᠠᠯ᠎ᠠ ᠶᠢᠨ ᠮᠡᠷᠬᠡᠨ ᠴᠤᠬᠤᠷ ᠢ ᠰᠢᠷᠪᠢᠨ᠎ᠡ᠃ ᠬᠦᠢᠴᠡᠳᠬᠡᠭᠰᠡᠨ ᠎ ᠤ ᠲᠠᠷᠠᠭ᠎ᠠ ᠲᠡᠬᠦᠰᠦᠭᠰᠡᠨ ᠣᠨ ᠢᠶᠠᠷ ︽2019᠂ 2020᠂ 2021᠂ 2022︾ ᠵᠡᠷᠭᠡ ᠵᠠᠩᠭᠢᠯᠠᠭ᠎ᠠ ᠶᠢᠨ ᠦᠭᠡ ᠶᠢ ᠬᠠᠷᠢᠭᠤᠯᠵᠤ᠂ ᠴᠤᠭᠯᠠᠷᠠᠯ ᠳᠤ ᠣᠷᠣᠬᠤ ᠮᠡᠷᠬᠡᠨ ᠴᠤᠬᠤᠷ ᠢ ᠣᠯᠵᠤ᠂ ᠺᠣᠳ᠋ ᠰᠢᠷᠪᠢᠭᠡᠳ ᠴᠤᠭᠯᠠᠷᠠᠯ ᠳᠤ ᠣᠷᠣᠨ᠎ᠠ᠃      ᠡᠵᠡᠨ ᠬᠤᠷᠤᠭ᠎ᠠ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠸᠢᠴᠠᠲ ᠤᠨ ᠤᠯᠠᠨ ᠨᠡᠶᠢᠲᠡ ᠶᠢᠨ ᠳ᠋ᠤᠭᠠᠷ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号