ᠣᠷᠳᠣᠰ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠲᠣᠪᠴᠢᠶ᠎ᠠ ᠶᠢᠨ 2022 ᠣᠨ ᠎ ᠳᠤ ᠰᠢᠨ᠎ᠡ ᠪᠠᠷ ᠨᠡᠮᠡᠭᠳᠡᠭᠦᠯᠬᠦ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2022/3/29
     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢᠨ ᠪᠣᠬᠢᠷᠲᠤᠯ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ︽ᠦᠶᠯᠡᠳᠪᠦᠷᠢ ᠠᠭᠤᠷᠬᠠᠶ ᠶᠢᠨ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︽ᠪᠣᠬᠢᠷᠲᠤᠯ ᠭᠠᠳᠠᠭᠰᠢᠯᠠᠭᠤᠯᠬᠤ ᠭᠤᠤᠯᠳᠠᠯᠭ᠎ᠠ ᠲᠠᠢ ᠨᠢᠭᠡᠴᠡ ᠎ ᠶᠢᠨ ᠨᠡᠷᠡᠰ ᠤᠨ ᠵᠢᠭᠰᠠᠭᠠᠯᠲᠠ ᠶᠢᠨ ᠬᠠᠮᠢᠶᠠᠷᠤᠯᠲᠠ ᠶᠢᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ︽ᠠᠵᠤ ᠠᠬᠤᠶᠢᠯᠠᠯ ᠤᠨ ᠨᠤᠷᠠᠭᠠᠬᠤ ᠠᠵᠢᠯᠯᠠᠭ᠎ᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠮᠡᠷᠭᠡᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ︽ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠱᠠᠭᠠᠷᠳᠠᠯᠭ᠎ᠠ ᠶᠢ ᠦᠨᠳᠦᠰᠦᠯᠡᠪᠡᠯ᠂ ᠣᠷᠳᠣᠰ ᠬᠤᠲᠠ ᠶᠢᠨ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠬᠡᠷᠡᠭᠯᠡᠬᠡᠨ ᠤ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠵᠢᠴᠢ ᠮᠠᠨ ᠤ ᠬᠤᠰᠢᠭᠤᠨ ᠤ ᠪᠣᠳᠠᠲᠤ ᠪᠠᠶᠢᠳᠠᠯ ᠪᠠ ᠡᠳᠦᠷ ᠲᠤᠲᠤᠮ ᠤᠨ ᠬᠠᠮᠢᠶᠠᠷᠤᠯᠲᠠ ᠶᠢᠨ ᠬᠡᠷᠡᠭᠴᠡᠭᠡ ᠲᠠᠢ ᠤᠶᠠᠯᠳᠤᠭᠤᠯᠤᠨ ᠮᠠᠨ ᠤ ᠲᠣᠪᠴᠢᠶᠠᠨ ᠤ ᠬᠢᠨᠠᠨ ᠬᠠᠮᠢᠶᠠᠷᠬᠤ ᠬᠡᠪᠴᠢᠶᠡᠨ ᠳᠠᠬᠢ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠭᠤᠤᠯᠳᠠᠯᠭ᠎ᠠ ᠲᠠᠢ ᠬᠢᠨᠠᠨ ᠬᠠᠮᠢᠶᠠᠷᠬᠤ ᠠᠵᠤ ᠠᠬᠤᠶᠢᠯᠠᠯ ᠤᠨ ᠨᠡᠷᠡᠰ ᠢ ᠰᠢᠨᠡᠳᠬᠡᠨ᠎ᠡ᠃      2021 ᠣᠨ ᠪᠣᠯᠲᠠᠯ᠎ᠠ᠂ ᠮᠠᠨ ᠤ ᠬᠤᠰᠢᠭᠤᠨ ᠤ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠭᠤᠤᠯᠳᠠᠯᠭ᠎ᠠ ᠲᠠᠢ ᠬᠢᠨᠠᠨ ᠬᠠᠮᠢᠶᠠᠷᠤᠯᠲᠠ ᠶᠢᠨ ᠠᠵᠤ ᠠᠬᠤᠶᠢᠯᠠᠯ 5 ᠪᠠᠶᠢᠵᠤ᠂ ᠲᠣᠰ ᠲᠣᠰ ᠳᠤᠮᠳᠠᠳᠤ ᠤᠯᠤᠰ ᠤᠨ ᠱᠧᠨ ᠬᠤᠸᠠ ᠨᠡᠭᠦᠷᠡᠰᠦ ᠪᠠᠷ ᠲᠣᠰᠣ ᠦᠶᠯᠡᠳᠬᠦ ᠬᠢᠮᠢ ᠶᠢᠨ ᠠᠵᠤ ᠦᠶᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠣᠷᠳᠣᠰ ᠤᠨ ᠨᠡᠭᠦᠷᠡᠰᠦ ᠪᠠᠷ ᠲᠣᠰᠣ ᠦᠶᠯᠡᠳᠬᠦ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠵᠧᠩ ᠨᠧᠩ ᠬᠢᠮᠢ ᠶᠢᠨ ᠠᠵᠤ ᠦᠶᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠢ ᠨᠧᠩ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠬᠢᠵᠠᠭᠠᠷᠲᠤ ᠺᠣᠮᠫᠠᠨᠢ᠂ ᠡᠵᠡᠨ ᠬᠤᠷᠤᠭ᠎ᠠ ᠬᠤᠰᠢᠭᠤᠨ ᠤ ᠯᠦ ᠪᠤᠤ ᠮᠠᠭᠨᠢ ᠶᠢᠨ ᠦᠶᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠬᠤᠲᠠ ᠶᠢᠨ ᠬᠤᠶ ᠶᠢᠨ ᠳ᠋ᠡ ᠠᠷᠢᠭᠤᠨ ᠴᠡᠪᠡᠷ ᠠᠭᠤᠰᠬᠠᠭᠴᠢ ᠲᠣᠰᠣᠨ ᠤ ᠬᠢᠵᠠᠭᠠᠷᠲᠤ ᠺᠣᠮᠫᠠᠨᠢ᠃      2022 ᠣᠨ ᠳᠤ᠂ ᠮᠠᠨ ᠤ ᠲᠣᠪᠴᠢᠶ᠎ᠠ ᠶᠢᠨ ᠬᠢᠨᠠᠨ ᠬᠠᠮᠢᠶᠠᠷᠬᠤ ᠬᠡᠪᠴᠢᠶᠡᠨ ᠳᠤ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠭᠤᠤᠯᠳᠠᠯᠭ᠎ᠠ ᠲᠠᠢ ᠬᠢᠨᠠᠨ ᠬᠠᠮᠢᠶᠠᠷᠬᠤ 2 ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ ᠲᠣᠰ ᠲᠣᠰ ᠣᠷᠳᠣᠰ ᠬᠤᠲᠠ ᠶᠢᠨ ᠤᠯᠠᠭᠠᠨ ᠰᠢᠨ ᠷᠦᠢ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠ ᠥᠪᠥᠷ ᠮᠣᠩᠭᠤᠯ ᠤᠨ ᠬᠤᠶ ᠨᠧᠩ ᠪᠦᠯᠦᠭᠯᠡᠯ ᠤᠨ ᠰᠢᠨ ᠯᠢᠶᠠᠨ ᠨᠡᠭᠦᠷᠡᠰᠦ ᠬᠡᠦᠷᠡᠰᠦ ᠶᠢᠨ ᠬᠢᠵᠠᠭᠠᠷᠲᠤ ᠺᠣᠮᠫᠠᠨᠢ ᠪᠣᠯᠤᠨ᠎ᠠ  ᠃      ᠣᠷᠳᠣᠰ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠡᠵᠡᠨ ᠬᠤᠷᠤᠭ᠎ᠠ ᠬᠤᠰᠢᠭᠤᠨ ᠤ ᠬᠤᠪᠢᠶᠠᠷᠢ ᠲᠣᠪᠴᠢᠶ᠎ᠠ      2022 ᠣᠨ ᠤ 1 ᠳ᠋ᠦ᠋ᠭᠡᠷ ᠰᠠᠷ᠎ᠠ ᠶᠢᠨ 13᠎ ᠤ ᠡᠳᠦᠷ
ᠢᠷᠡᠯᠲᠡ᠄ ᠲᠤᠰ ᠰᠦᠯᠵᠢᠶ᠎ᠡ