ᠡᠵᠡᠨ ᠬᠤᠷᠤᠭ᠎ᠠ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠤᠭᠠᠳᠤᠶ  ᠤᠶᠤᠳᠠᠳ ᠢ ᠤᠷᠢᠨ ᠸᠢᠴᠠᠲ ᠰᠣᠯᠢᠯᠴᠠᠭᠠᠨ ᠤ ᠴᠤᠭᠯᠠᠷᠠᠯ ᠨᠡᠮᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2022/3/29
     ᠤᠶᠤᠳᠠᠨ ᠳᠤ ᠠᠵᠢᠯ ᠣᠯᠭᠤᠬᠤ ᠶᠢ ᠠᠬᠢᠭᠤᠯᠬᠤ ᠡᠯ᠎ᠡ ᠵᠦᠶᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠵᠢᠯ ᠣᠯᠤᠭᠠᠳᠤᠶ ᠤᠶᠤᠳᠠᠳ ᠲᠤ ᠠᠵᠢᠯ ᠣᠯᠭᠤᠭᠰᠠᠨ ᠪᠠᠶᠢᠳᠠᠯ ᠢ ᠬᠥᠳᠡᠯᠦᠩᠭᠦᠶ ᠪᠠᠷ ᠮᠥᠷᠳᠡᠨ ᠳᠠᠭᠠᠬᠤ ᠶᠢ ᠴᠢᠩᠭᠠᠳᠬᠠᠵᠤ᠂ ᠤᠶᠤᠳᠠᠨ ᠳᠤ ᠴᠠᠭ ᠲᠤᠬᠠᠶ ᠳᠤᠨᠢ ᠣᠨᠣᠪᠴᠢᠲᠠᠶ ᠪᠠᠷ ᠠᠵᠢᠯ ᠣᠯᠭᠤᠬᠤ ᠦᠶᠯᠡᠴᠢᠯᠡᠭᠡ ᠬᠠᠩᠭᠠᠵᠤ᠂ ᠤᠶᠤᠳᠠᠨ ᠳᠤ ᠠᠵᠢᠯ ᠣᠯᠭᠤᠵᠤ ᠦᠶᠯᠡᠰ ᠴᠣᠭᠴᠠᠯᠠᠬᠤ ᠶᠢ ᠠᠯᠢ ᠲᠦᠷᠭᠡᠨ  ᠢᠶᠠᠷ ᠬᠠᠪᠰᠤᠷᠤᠨ ᠪᠡᠶᠡᠯᠡᠭᠦᠯᠬᠦ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ︽2019 ᠣᠨ ᠤ ᠤᠶᠤᠳᠠᠨ᠂ 2020 ᠣᠨ ᠤ ᠤᠶᠤᠳᠠᠨ᠂ 2021 ᠣᠨ ᠤ ᠤᠶᠤᠳᠠᠨ᠂ 2022 ᠣᠨ ᠤ ᠤᠶᠤᠳᠠᠨ︾ ᠤ ᠸᠢᠴᠠᠲ ᠰᠣᠯᠢᠯᠴᠠᠭᠠᠨ ᠤ ᠴᠤᠭᠯᠠᠷᠠᠯ ᠢ ᠡᠭᠦᠳᠦᠨ ᠪᠠᠶᠢᠭᠤᠯᠵᠤ᠂ ᠡᠵᠡᠨ ᠬᠤᠷᠤᠭ᠎ᠠ ᠬᠤᠰᠢᠭᠤᠨ ᠤ ᠠᠵᠢᠯ ᠣᠯᠤᠭᠠᠳᠤᠶ ᠤᠶᠤᠳᠠᠨ ᠢ ᠣᠯᠠᠨ ᠢᠶᠠᠷ ᠤᠷᠢᠵᠤ ᠣᠷᠣᠯᠴᠠᠭᠤᠯᠪᠠ  ᠃ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠠᠮᠵᠢᠯᠴᠠᠨ᠂ ᠳᠣᠤᠷᠠᠬᠢ ᠦᠶᠯᠡᠴᠢᠯᠡᠭᠡ ᠶᠢ ᠬᠠᠩᠭᠠᠨ᠎ᠠ  ᠃      ᠠᠵᠢᠯ ᠣᠯᠤᠭᠠᠳᠤᠶ ᠤᠶᠤᠳᠠᠨ ᠳᠤ ᠴᠢᠭᠯᠡᠭᠦᠯᠬᠦ ᠴᠢᠨᠠᠷᠲᠠᠶ ᠠᠵᠢᠯ ᠮᠡᠷᠭᠡᠵᠢᠯ ᠤᠨ ᠵᠢᠯᠣᠭᠤᠳᠣᠯᠭ᠎ᠠ ᠪᠣᠯᠤᠨ ᠠᠵᠢᠯ ᠮᠡᠷᠭᠡᠵᠢᠯ ᠤᠨ ᠲᠠᠨᠢᠯᠴᠠᠭᠤᠯᠭ᠎ᠠ ᠬᠠᠩᠭᠠᠵᠤ ᠂ ᠠᠵᠢᠯ ᠣᠯᠬᠤ ᠴᠢᠳᠠᠪᠤᠷᠢ ᠶᠢ ᠨᠢ ᠬᠠᠪᠰᠤᠷᠤᠨ ᠳᠡᠭᠡᠭᠰᠢᠯᠡᠭᠦᠯᠵᠦ᠂ ᠠᠵᠢᠯ ᠰᠣᠩᠭᠤᠬᠤ ᠠᠷᠭ᠎ᠠ ᠵᠠᠮ ᠢ ᠨᠢ ᠦᠷᠬᠡᠳᠬᠡᠨ᠎ᠡ︔      ᠪᠣᠯᠪᠠᠰᠤᠷᠠᠭᠤᠯᠤᠯ ᠬᠦᠷᠲᠡᠬᠦ ᠬᠦᠰᠡᠯ ᠡᠷᠡᠮᠡᠯᠵᠡᠯ ᠲᠠᠢ ᠠᠵᠢᠯ ᠣᠯᠤᠭᠠᠳᠤᠶ ᠤᠶᠤᠳᠠᠨ ᠳᠤ ᠬᠠᠮᠢᠶ᠎ᠠ ᠪᠦᠬᠦᠢ ᠪᠣᠯᠪᠠᠰᠤᠷᠠᠭᠤᠯᠤᠯ ᠤᠨ ᠦᠢᠯᠡᠴᠢᠯᠡᠭᠡ ᠬᠠᠩᠭᠠᠵᠤ ᠂ ᠠᠵᠢᠯ ᠣᠯᠬᠤ ᠥᠷᠢᠰᠥᠯᠳᠦᠭᠡᠨ ᠤ ᠴᠢᠳᠠᠪᠤᠷᠢ ᠶᠢ ᠨᠢ ᠤᠯᠠᠮ ᠨᠢᠭᠡ ᠠᠯᠬᠤᠮ ᠲᠡᠭᠡᠭᠰᠢᠯᠡᠬᠦᠯᠦᠨ᠎ᠡ︔      ᠪᠡᠶ᠎ᠡ ᠪᠠᠨ ᠳᠠᠭᠠᠭᠠᠵᠤ ᠠᠳᠠᠯ ᠦᠢᠯᠡᠰ ᠪᠣᠰᠬᠠᠬᠤ ᠤᠶᠤᠳᠠᠨ ᠳᠤ ᠠᠳᠠᠯ ᠦᠢᠯᠡᠰ ᠪᠣᠰᠬᠠᠬᠤ ᠲᠡᠳᠬᠦᠮᠵᠢ ᠬᠠᠩᠭᠠᠨ᠎ᠠ᠂ ᠵᠢᠱᠢᠶᠡᠯᠡᠪᠡᠯ ᠠᠳᠠᠯ ᠦᠢᠯᠡᠰ ᠪᠣᠰᠬᠠᠬᠤ ᠪᠣᠯᠪᠠᠰᠤᠷᠠᠭᠤᠯᠤᠯ᠂ ᠪᠠᠭ᠎ᠠ ᠲᠣᠭᠠᠨ ᠤ ᠪᠠᠷᠢᠴᠠᠭᠠᠳᠤ ᠵᠢᠭᠡᠯᠡᠯᠭᠡ᠂ ᠤᠶᠤᠲᠠᠳ ᠤᠨ ᠠᠳᠠᠯ ᠦᠢᠯᠡᠰ ᠪᠣᠰᠬᠠᠬᠤ ᠨᠥᠬᠦᠪᠥᠷᠢ ᠵᠡᠷᠭᠡ ᠪᠣᠯᠤᠨ᠎ᠠ︔      ᠭᠡᠷ ᠪᠦᠯᠢ ᠨᠢ ᠬᠦᠴᠢᠷᠳᠡᠯᠲᠡᠶ ᠪᠠ ᠠᠵᠢᠯ ᠣᠯᠬᠤ ᠳᠤ ᠬᠦᠴᠢᠷᠲᠡᠶ ᠤᠶᠤᠳᠠᠨ ᠳᠤ ᠴᠢᠭᠯᠡᠭᠦᠯᠬᠦ ᠴᠢᠨᠠᠷᠲᠠᠶ ᠠᠵᠢᠯ ᠣᠯᠭᠤᠬᠤ ᠲᠤᠰᠠᠯᠠᠮᠵᠢ ᠬᠠᠩᠭᠠᠵᠤ᠂ ᠵᠣᠬᠢᠬᠤ ᠴᠠᠭ ᠬᠤᠭᠤᠴᠠᠭᠠᠨ ᠤ ᠳᠣᠲᠣᠷ᠎ᠠ ᠠᠵᠢᠯ ᠣᠯᠬᠤ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ︔      ᠳᠠᠭᠠᠵᠤ ᠰᠤᠷᠬᠤ ᠬᠡᠷᠡᠭᠴᠡᠭᠡ ᠱᠠᠭᠠᠷᠳᠠᠯᠭ᠎ᠠ ᠲᠠᠢ ᠠᠵᠢᠯ ᠣᠯᠤᠭᠠᠳᠤᠶ ᠤᠶᠤᠳᠠᠨ ᠪᠠ ᠠᠵᠢᠯ ᠠᠯᠳᠠᠭᠰᠠᠨ ᠵᠠᠯᠠᠭᠤᠴᠤᠳ ᠲᠤ ᠠᠵᠢᠯ ᠣᠯᠭᠤᠬᠤ ᠳᠠᠭᠠᠵᠤ ᠰᠤᠷᠬᠤ ᠲᠣᠬᠢᠶᠠᠯ ᠬᠠᠩᠭᠠᠵᠤ᠂ ᠳᠠᠭᠠᠵᠤ ᠰᠤᠷᠬᠤ ᠬᠤᠭᠤᠴᠠᠭᠠᠨ ᠳᠤ ᠠᠮᠢᠳᠤᠷᠠᠯ ᠤᠨ ᠨᠥᠬᠦᠪᠥᠷᠢ ᠣᠯᠭᠤᠵᠤ᠂ ᠠᠵᠢᠯ ᠣᠯᠤᠭᠠᠳᠤᠶ ᠤᠶᠤᠳᠠᠨ ᠪᠠ ᠠᠵᠢᠯ ᠠᠯᠳᠠᠭᠰᠠᠨ ᠵᠠᠯᠠᠭᠤᠴᠤᠳ ᠢ ᠬᠠᠪᠰᠤᠷᠤᠨ ᠪᠣᠳᠠᠲᠠᠶ ᠠᠵᠢᠯ ᠤᠨ ᠲᠤᠷᠰᠢᠯᠭ᠎ᠠ ᠶᠢ ᠨᠢ ᠴᠢᠩᠭᠠᠷᠠᠭᠤᠯᠵᠤ᠂ ᠠᠵᠢᠯ ᠤᠯᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ︔      ᠳᠤᠮᠳᠠ ᠵᠢᠵᠢᠭ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠳᠤ ᠴᠢᠳᠠᠪᠤᠷᠢᠲᠠᠨ ᠨᠥᠭᠡᠴᠡᠯᠡᠬᠦ ᠬᠦᠰᠡᠯ ᠲᠠᠢ ᠤᠶᠤᠲᠠᠳ ᠲᠤ ᠠᠮᠢᠳᠤᠷᠠᠯ ᠤᠨ ᠨᠥᠬᠦᠪᠥᠷᠢ ᠣᠯᠭᠤᠵᠤ᠂ ᠨᠥᠭᠡᠴᠡᠯᠡᠬᠦ ᠬᠤᠭᠤᠴᠠᠭ᠎ᠠ ᠨᠢ ᠬᠦᠢᠴᠡᠪᠡᠯ ᠡᠩ ᠲᠡᠷᠢᠭᠦᠨ ᠳᠤ ᠦᠯᠡᠳᠡᠭᠡᠨ ᠬᠡᠷᠡᠭᠯᠡᠭᠦᠯᠬᠦ ᠪᠠ ᠥᠪᠡᠷᠲᠡᠭᠡᠨ ᠵᠠᠰᠠᠬᠤ ᠣᠷᠣᠨ ᠤ ᠤᠶᠤᠳᠠᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ  ᠃      ᠴᠤᠭᠯᠠᠷᠠᠯ ᠳᠤ ᠣᠷᠣᠬᠤ ᠠᠷᠭ᠎ᠠ᠄ ᠲᠤᠤᠷ᠎ᠠ ᠲᠠᠯ᠎ᠠ ᠶᠢᠨ ᠮᠡᠷᠬᠡᠨ ᠴᠤᠬᠤᠷ ᠢ ᠰᠢᠷᠪᠢᠨ᠎ᠡ᠃ ᠬᠦᠢᠴᠡᠳᠬᠡᠭᠰᠡᠨ ᠤ ᠲᠠᠷᠠᠭ᠎ᠠ ᠲᠡᠬᠦᠰᠦᠭᠰᠡᠨ ᠣᠨ ᠢᠶᠠᠷ ︽2019᠂ 2020᠂ 2021᠂ 2022︾ ᠵᠡᠷᠭᠡ ᠵᠠᠩᠭᠢᠯᠠᠭ᠎ᠠ ᠶᠢᠨ ᠦᠭᠡ ᠶᠢ ᠬᠠᠷᠢᠭᠤᠯᠵᠤ᠂ ᠴᠤᠭᠯᠠᠷᠠᠯ ᠳᠤ ᠣᠷᠣᠬᠤ ᠮᠡᠷᠬᠡᠨ ᠴᠤᠬᠤᠷ ᠢ ᠣᠯᠵᠤ᠂ ᠺᠣᠳ᠋ ᠰᠢᠷᠪᠢᠭᠡᠳ ᠴᠤᠭᠯᠠᠷᠠᠯ ᠳᠤ ᠣᠷᠣᠨ᠎ᠠ᠃      ᠡᠵᠡᠨ ᠬᠤᠷᠤᠭ᠎ᠠ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠸᠢᠴᠠᠲ ᠤᠨ ᠤᠯᠠᠨ ᠨᠡᠶᠢᠲᠡ ᠶᠢᠨ ᠳ᠋ᠤᠭᠠᠷ  
ᠢᠷᠡᠯᠲᠡ᠄ ᠲᠤᠰ ᠰᠦᠯᠵᠢᠶ᠎ᠡ