ᠬᠤᠰᠢᠭᠤᠨ ᠤ ᠬᠦᠮᠦᠨ ᠤ ᠬᠦᠴᠦᠨ ᠤ ᠡᠬᠢ ᠪᠠᠶᠠᠯᠢᠭ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠦᠪ ᠵᠠᠰᠠᠭ ᠵᠠᠬᠢᠷᠭᠠᠨ ᠤ ᠨᠡᠶᠢᠬᠡᠮ ᠤᠨ ᠠᠵᠢᠯᠳᠠᠨ ᠤ ᠶᠠᠪᠤᠳᠠᠯ ᠤᠨ ᠲᠠᠩᠰᠠ ᠡᠪᠬᠡᠮᠡᠯ ᠪᠠᠶᠢᠭᠤᠯᠬᠤ ᠠᠵᠢᠯ ᠢ ᠡᠬᠢᠯᠡᠬᠦᠯᠪᠡ
ᠨᠡᠶᠢᠲᠡᠯᠡᠭᠰᠡᠨ ᠴᠠᠭ᠄
2022/3/31
    ᠵᠠᠰᠠᠭ ᠵᠠᠬᠢᠷᠭᠠᠨ ᠤ ᠨᠡᠶᠢᠭᠡᠮ ᠤᠨ ᠠᠵᠢᠯᠲᠠᠨ ᠭᠡᠳᠡᠭ ᠨᠢ ᠡᠵᠡᠨ ᠬᠤᠷᠤᠭ᠎ᠠ ᠬᠤᠰᠢᠭᠤᠨ ᠤ ᠰᠤᠩᠭᠤᠨ ᠠᠪᠬᠤ ︵ᠨᠡᠶᠢᠭᠡᠮ ᠤᠨ ᠠᠵᠢᠯᠲᠠᠨ ᠢᠶᠠᠷ ᠰᠢᠯᠵᠢᠭᠦᠯᠬᠦ︶ ᠰᠢᠯᠭᠠᠯᠲᠠ ᠪᠠᠷ ᠳᠡᠮᠵᠢᠨ ᠡᠯᠰᠡᠨ ᠬᠡᠷᠡᠭᠯᠡᠵᠦ᠂ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠬᠡᠴᠢ ᠳᠤ ᠠᠵᠢᠯᠯᠠᠵᠤ ᠪᠠᠶᠢᠭ᠎ᠠ ᠠᠵᠢᠯᠲᠠᠨ ᠢ ᠵᠢᠭᠠᠨ᠎ᠠ᠃ ᠣᠳᠣᠬᠠᠨ ᠳᠤ᠂ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠨᠡᠶᠢᠭᠡᠮ ᠤᠨ ᠠᠵᠢᠯᠲᠠᠨ ᠨᠢᠭᠡᠨᠲᠡ ᠪᠦᠬᠦ ᠬᠤᠰᠢᠭᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠬᠡᠴᠢ ᠶᠢᠨ ᠠᠵᠢᠯᠯᠠᠭ᠎ᠠ ᠶᠢ ᠪᠠᠲᠤᠯᠠᠬᠤ ᠴᠢᠬᠤᠯᠠ ᠬᠦᠴᠦᠨ ᠪᠣᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠳᠤᠲᠠᠭᠳᠠᠵᠤ ᠪᠣᠯᠤᠰᠢ ᠦᠭᠡᠢ ᠴᠢᠳᠠᠪᠤᠷᠢᠲᠠᠨ ᠤ ᠡᠩᠨᠡᠭᠡ ᠪᠤᠯᠪᠠ᠃ ᠵᠠᠰᠠᠭ ᠵᠠᠬᠢᠷᠭᠠᠨ ᠤ ᠨᠡᠶᠢᠭᠡᠮ ᠤᠨ ᠠᠵᠢᠯᠲᠠᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠦᠯᠦᠬᠡ᠂ ᠲᠡᠳᠡᠨ ᠤ ᠡᠷᠬᠡ ᠠᠰᠢᠭ ᠢ ᠪᠠᠲᠤᠯᠠᠵᠤ᠂ ᠴᠢᠨᠠᠷ ᠰᠠᠶᠢᠲᠠᠶ ᠨᠡᠶᠢᠭᠡᠮ ᠤᠨ ᠠᠵᠢᠯᠲᠠᠨ ᠤ ᠡᠩᠨᠡᠭᠡ ᠶᠢ ᠪᠠᠶᠢᠭᠤᠯᠵᠤ᠂ ᠪᠥᠬᠦ ᠬᠤᠰᠢᠭᠤᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ 2022 ᠣᠨ ᠤ 3 ᠰᠠᠷ᠎ᠠ ᠠᠴᠠ ᠡᠬᠢᠯᠡᠨ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠵᠠᠰᠠᠭ ᠵᠠᠬᠢᠷᠭᠠᠨ ᠤ ᠨᠡᠶᠢᠭᠡᠮ ᠤᠨ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠪᠠᠶᠢᠭᠤᠯᠬᠤ ᠠᠵᠢᠯ ᠢ ᠭᠠᠷᠲᠠᠨ ᠥᠷᠨᠢᠭᠦᠯᠵᠦ᠂ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠳᠤ ᠬᠡᠷᠡᠭᠰᠡᠬᠦ ᠠᠷᠪᠠᠨ ᠲᠥᠷᠥᠯ ᠤᠨ ᠮᠠᠲ᠋ᠧᠷᠢᠶᠠᠯ ᠤᠨ ᠵᠦᠢᠯ ᠪᠠ ᠮᠠᠲ᠋ᠧᠷᠢᠶᠠᠯ ᠢ ᠲᠠᠭᠯᠠᠨ ᠪᠢᠴᠢᠬᠦ ᠠᠷᠭ᠎ᠠ ᠮᠠᠶ᠋ᠢᠭ ᠢ ᠡᠯ᠎ᠡ ᠨᠢᠭᠡᠴᠢ ᠳᠤ ᠲᠠᠷᠬᠠᠭᠠᠪᠠ᠃ ᠵᠠᠰᠠᠭ ᠵᠠᠬᠢᠷᠭᠠᠨ ᠤ ᠨᠡᠶᠢᠭᠡᠮ ᠤᠨ ᠠᠵᠢᠯᠲᠠᠨ ᠤ ᠲᠠᠩᠰᠠ ᠡᠪᠬᠡᠮᠡᠯ ᠪᠠᠶᠢᠭᠤᠯᠬᠤ ᠨᠢ ᠨᠡᠶᠢᠭᠡᠮ ᠤᠨ ᠠᠵᠢᠯᠲᠠᠨ ᠤ ᠠᠵᠢᠯ ᠤᠨ ᠥᠩᠭᠡᠷᠡᠯᠲᠡ᠂ ᠦᠵᠡᠯ ᠰᠠᠨᠠᠭ᠎ᠠ ᠶᠣᠰᠣ ᠮᠣᠷᠠᠯ ᠵᠡᠷᠭᠡ ᠪᠠᠶᠢᠳᠠᠯ ᠢ ᠦᠨᠡᠨ ᠪᠣᠳᠠᠲᠠᠶ ᠪᠠᠷ ᠲᠤᠰᠬᠠᠵᠤ᠂ ᠡᠵᠡᠨ ᠬᠤᠷᠤᠭ᠎ᠠ ᠬᠤᠰᠢᠭᠤᠨ ᠤ ᠵᠠᠰᠠᠭ ᠵᠠᠬᠢᠷᠭᠠᠨ ᠤ ᠨᠡᠶᠢᠭᠡᠮ ᠤᠨ ᠠᠵᠢᠯᠲᠠᠨ ᠤ ᠢᠷᠡᠭᠡᠳᠦᠶ ᠶᠢᠨ ᠲᠤᠰᠢᠶᠠᠯ ᠳᠡᠪᠰᠢᠬᠦ᠂ ᠰᠢᠯᠵᠢᠬᠦ᠂ ᠠᠰᠠᠷᠠᠮᠵᠢ ᠭᠥᠷᠳᠡᠬᠦ ᠵᠡᠷᠭᠡ ᠲᠠᠯ᠎ᠠ ᠳᠤ ᠴᠢᠬᠤᠯᠠ ᠦᠨᠳᠦᠰᠦᠯᠡᠯ ᠪᠠ ᠳᠡᠮᠵᠢᠯᠭᠡ ᠬᠠᠩᠭᠠᠬᠤ ᠪᠣᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号