ᠡᠤ ᠶᠦᠨ ᠬᠢᠨᠠᠨ ᠵᠥᠪᠰᠢᠶᠡᠷᠡᠬᠦ ᠶᠢ ᠲᠦᠷᠭᠡᠳᠬᠡᠵᠦ ᠦᠢᠯᠡᠴᠢᠯᠡᠭᠡ ᠪᠠᠨ ᠰᠢᠯᠢᠳᠡᠭᠵᠢᠭᠦᠯᠦᠨ ᠨᠠᠶᠢᠳᠠᠪᠤᠷᠢᠵᠢᠭᠤᠯᠤᠯᠲᠠ ᠶᠢ ᠠᠩᠬᠠᠷᠴᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ᠎ᠡ ᠬᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2022/4/28
    4 ᠳ᠋ᠣᠭᠡᠷ ᠰᠠᠷ᠎ᠠ ᠶᠢᠨ 26᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ᠂ ᠦᠪᠦᠷ ᠮᠤᠩᠭᠤᠯ ᠵᠢᠶᠠᠩᠰᠤ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠡᠤ ᠶᠦᠨ ᠶᠤᠸᠠᠨ ᠵᠢᠩ ᠲᠡᠭ ᠨᠡᠭᠦᠷᠡᠰᠦᠲᠥ᠋ᠷᠥᠭᠴᠢᠳᠦ ᠠᠵᠤ ᠦᠢᠯᠡᠰ ᠤᠨ ᠬᠦᠷᠢᠶᠡᠯᠡᠩ ᠳᠤ ᠲᠤᠬᠠᠶ ᠶᠢᠨ ᠲᠠᠯᠠᠪᠠᠶ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠦᠷᠭᠡᠨ ᠬᠢᠨᠠᠨ ᠵᠥᠪᠰᠢᠶᠡᠷᠡᠵᠦ᠂ ᠦᠢᠯᠡᠴᠢᠯᠡᠭᠡ ᠪᠠᠨ ᠰᠢᠯᠢᠳᠡᠭᠵᠢᠭᠦᠯᠦᠨ᠂ ᠨᠠᠶᠢᠳᠠᠪᠤᠷᠢᠵᠢᠭᠤᠯᠤᠯᠲᠠ ᠶᠢ ᠠᠩᠬᠠᠷᠴᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠳᠡᠭᠡᠷ᠎ᠡ᠂ ︽ᠰᠠᠯᠬᠢ᠂ ᠬᠡᠷᠡᠯ ᠴᠠᠬᠢᠯᠭᠠᠨ᠂ ᠤᠰᠤᠳᠦ᠋ᠷᠦᠭᠴᠢ᠂ ᠴᠡᠨᠡᠭ ᠬᠠᠳᠠᠭᠠᠯᠠᠬᠤ  ᠮᠠᠰᠢᠨ ᠲᠡᠷᠬᠡ︾ ᠰᠢᠨ᠎ᠡ ᠡᠨᠧᠷᠭᠢ ᠶᠢᠨ ᠠᠵᠤ ᠦᠢᠯᠡᠰ ᠤᠨ ᠰᠦᠷᠦᠭᠵᠢᠯ ᠤᠨ ᠭᠤᠤᠯᠳᠠᠯᠭᠠᠳᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠬᠠᠶ ᠶᠢᠨ ᠲᠠᠯᠠᠪᠠᠶ ᠳᠤ ᠠᠵᠢᠯᠯᠠᠬᠤ ᠠᠰᠠᠭᠤᠳᠠᠯ ᠢ ᠰᠢᠢᠳᠪᠦᠷᠢᠯᠡᠪᠡ᠃     ᠦ᠋ ᠶᠦᠨ ᠵᠢᠭᠠᠬᠤ ᠳᠠᠭᠠᠨ᠂ ᠦᠵᠡᠯ ᠰᠠᠨᠠᠭ᠎ᠠ ᠦᠵᠡᠯᠲᠡ ᠪᠠᠨ ᠤᠯᠠᠮ ᠨᠢᠬᠡ ᠠᠯᠬᠤᠮ ᠬᠤᠪᠢᠷᠠᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠳᠬᠤᠵᠤ᠂ ᠰᠠᠨᠠᠭᠠᠴᠢᠯᠠᠭ᠎ᠠ ᠲᠠᠢ ᠪᠠᠷ ᠬᠤᠰᠢᠭᠤᠴᠢᠯᠠᠨ ᠦᠢᠯᠡᠴᠢᠯᠡᠵᠦ᠂ ᠬᠠᠷᠢᠭᠤᠴᠠᠯᠭ᠎ᠠ ᠪᠠᠨ ᠴᠢᠩᠭᠠᠳᠬᠠᠨ ᠪᠣᠳᠠᠲᠠᠶᠢᠵᠢᠭᠤᠯᠵᠤ᠂ ᠪᠠᠲᠤᠯᠠᠭ᠎ᠠ ᠪᠠᠨ ᠴᠢᠩᠭᠠᠳᠬᠠᠨ᠂ ᠬᠦᠴᠢᠷ ᠢ ᠲᠠᠪᠠᠵᠤ᠂ ᠠᠬᠢᠴᠠ ᠪᠠᠨ ᠲᠦᠷᠭᠡᠳᠬᠡᠨ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠬᠡᠪᠡ᠃      ᠡᠤ ᠶᠦᠨ ᠴᠢᠬᠤᠯᠠᠴᠢᠯᠠᠬᠤ ᠳᠠᠭᠠᠨ᠂ ᠬᠠᠷᠠᠯᠲᠠ ᠪᠠᠨ ᠬᠤᠪᠢᠷᠠᠭᠤᠯᠬᠤ ᠥᠬᠡᠶ᠂ ᠡᠭᠦᠷᠭᠡ ᠪᠠᠨ ᠪᠠᠭᠠᠰᠬᠠᠬᠤ ᠥᠬᠡᠶ ᠪᠠᠶᠢᠬᠤ ᠶᠢ ᠪᠠᠷᠢᠮᠲᠠᠯᠠᠨ᠂ ᠠᠰᠠᠭᠤᠳᠠᠯ ᠢ ᠵᠢᠭᠠᠨ ᠭᠠᠷᠭᠠᠵᠤ᠂ ᠵᠠᠩᠭᠢᠯᠠᠭ᠎ᠠ ᠶᠢ ᠲᠣᠳᠣᠷᠬᠠᠶ ᠣᠶᠢᠯᠠᠭᠠᠨ᠂ ᠠᠷᠭ᠎ᠠ ᠬᠡᠮᠵᠢᠶ᠎ᠡ ᠶᠢ ᠨᠠᠷᠢᠯᠢᠭ ᠣᠨᠣᠪᠴᠢᠲᠠᠶ ᠨᠠᠶᠢᠳᠠᠪᠤᠷᠢᠵᠢᠭᠤᠯᠵᠤ᠂ ᠲᠤᠳᠠᠭᠳᠠᠯ ᠲᠠᠢ ᠲᠠᠯ᠎ᠠ ᠳᠤ ᠪᠠᠨ ᠠᠩᠬᠠᠷᠤᠯ ᠢᠶᠠᠨ ᠲᠥᠪᠯᠡᠷᠡᠭᠦᠯᠤᠨ᠂ ᠪᠣᠳᠠᠲᠠᠶ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠬᠠᠷᠢᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠨ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠴᠠᠭ ᠤᠨ ᠵᠠᠩᠭᠢᠯᠠᠭ᠎ᠠ ᠶᠢᠨ ᠴᠡᠭ ᠢ ᠠᠩᠬᠠᠷᠴᠤ᠂ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠵᠣᠬᠢᠴᠠᠭᠤᠯᠤᠨ ᠭᠦᠢᠴᠡᠳᠬᠡᠵᠦ᠂ ᠲᠦᠷᠦᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠠᠬᠢᠭᠤᠯᠵᠤ᠂ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠨ᠂ ᠡᠳᠦᠷ ᠤᠨ ᠲᠣᠬᠢᠷᠠᠭᠤᠯᠤᠯᠲᠠ ᠬᠢᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠢᠯ ᠤᠨ ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠨ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠥᠨᠳᠥᠷ ᠦᠷ᠎ᠡ ᠪᠦᠲᠦᠮᠵᠢᠲᠡᠶ ᠪᠠᠷ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠭᠤᠣᠯ ᠬᠦᠭ ᠠᠶᠠᠰ ᠢ ᠪᠠᠲᠤ ᠡᠵᠡᠮᠳᠡᠵᠦ᠂ ᠭᠤᠷᠪᠠᠨ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦ ᠪᠠᠷ ᠢᠶᠠᠨ ᠲᠦᠷᠭᠡᠳᠬᠡᠬᠦ ᠳᠤ ᠪᠠᠲᠤᠯᠠᠭ᠎ᠠ ᠬᠠᠩᠭᠠᠬᠤ ᠬᠡᠷᠡᠭᠲᠡᠢ ᠬᠡᠪᠡ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠪᠦᠷ ᠮᠤᠩᠭᠤᠯ ᠵᠢᠶᠠᠩᠰᠤ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠪᠠᠶ ᠵᠢᠶᠠᠨ ᠭᠠᠩ ᠵᠢᠴᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠦᠪᠦᠷ ᠮᠤᠩᠭᠤᠯ ᠵᠢᠶᠠᠩᠰᠤ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶ᠎ᠠ ᠪᠥᠬᠦᠶ ᠤᠳᠤᠷᠢᠳᠤᠯᠭ᠎ᠠ᠂ ᠬᠠᠮᠢᠶ᠎ᠠ ᠪᠥᠬᠦᠶ ᠪᠠᠯᠭᠠᠰᠤ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号