ᠬᠤᠸᠠ ᠷᠦᠢ ᠹᠧᠩ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠳᠡᠳ᠋ ᠳᠠᠷᠤᠭ᠎ᠠ ᠯᠢ ᡁᠢ ᠵᠢᠶᠦ᠋ᠨ ᠨᠡᠷ ᠲᠠᠢ ᠶᠠᠷᠢᠯᠴᠠᠪᠠ
ᠨᠡᠶᠢᠲᠡᠯᠡᠭᠰᠡᠨ ᠴᠠᠭ᠄
2022/4/28
     4 ᠳ᠋ᠣᠭᠡᠷ ᠰᠠᠷ᠎ᠠ ᠶᠢᠨ 27᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠳᠡᠳ᠋ ᠳᠠᠷᠤᠭ᠎ᠠ ᠯᠢ ᡁᠢ ᠵᠢᠶᠦ᠋ᠨ ᠨᠡᠷ ᠲᠠᠢ ᠶᠠᠷᠢᠯᠴᠠᠪᠠ᠃ ᠬᠤᠰᠢᠭᠤᠨ ᠤ ᠤᠳᠤᠷᠢᠳᠤᠯᠭ᠎ᠠ ᠪᠠᠢ ᠵᠢᠶᠠᠨ ᠭᠠᠩ᠂ ᠮᠡᠨᠳᠦᠪᠠᠶᠠᠷ᠂ ᠵᠤᠤ ᠸᠧᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ  ᠰᠠᠭᠤᠳᠠᠯ ᠤᠨ ᠬᠤᠷᠠᠯ ᠳᠤ ᠣᠷᠣᠯᠴᠠᠪᠠ᠃
  ᠰᠠᠭᠤᠳᠠᠯ ᠤᠨ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠪᠣᠳᠠᠲᠠᠢ ᠶᠢ ᠡᠷᠬᠢᠮᠯᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠬᠠᠮᠲᠤᠷᠠᠯᠴᠠᠭᠠᠨ ᠤ ᠬᠦᠷᠢᠶ᠎ᠡ ᠶᠢ ᠥᠷᠭᠡᠳᠬᠡᠬᠦ᠂ ᠮᠥᠩᠭᠦᠨ ᠭᠦᠢᠯᠭᠡᠭᠡᠨ ᠤ ᠳᠡᠮᠵᠢᠯᠭᠡ ᠶᠢ ᠨᠡᠮᠡᠭᠳᠡᠭᠦᠯᠬᠦ ᠵᠡᠷᠭᠡ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠪᠠ᠃
     ᠬᠤᠸᠠ ᠷᠦᠢ ᠹᠧᠩ ᠯᠢ ᡁᠢ ᠵᠢᠶᠦ᠋ᠨ ᠨᠡᠷ ᠤᠨ ᠬᠦᠷᠦᠯᠴᠡᠨ ᠢᠷᠡᠭᠰᠡᠨ ᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠶᠢᠨ ᠣᠷᠳᠣ ᠬᠤᠭᠤᠴᠠᠭᠠᠨ ᠤ ᠲᠤᠷᠰᠢ ᠡᠵᠡᠨ ᠬᠤᠷᠤᠭ᠎ᠠ ᠬᠤᠰᠢᠭᠤ ᠶᠢ ᠬᠠᠯᠠᠮᠵᠢᠯᠠᠨ ᠳᠡᠮᠵᠢᠵᠦ ᠪᠠᠶᠢᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠤᠢᠢᠷ᠎ᠠ ᠶᠢᠨ ᠵᠢᠯ ᠳᠤ᠂ ᠡᠵᠡᠨ ᠬᠤᠷᠤᠭ᠎ᠠ ᠬᠤᠰᠢᠭᠤ ︽ᠬᠤᠣᠰ ᠨᠡᠭᠦᠷᠡᠰᠦᠲᠥ᠋ᠷᠥᠭᠴᠢ︾᠎ ᠶᠢᠨ ᠬᠠᠷᠠᠯᠲᠠ ᠶᠢ ᠴᠢᠩᠭ᠎ᠠ ᠡᠵᠡᠮᠳᠡᠵᠦ᠂ ᠬᠥᠭᠵᠢᠯᠲᠡ ᠶᠢᠨ ᠠᠵᠠ ᠲᠣᠬᠢᠶᠠᠯ ᠢ ᠠᠳᠬᠤᠵᠤ᠂ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠰᠢᠪᠲᠤᠯᠤᠯᠲᠠ ᠶᠢᠨ ᠴᠡᠭ ᠢ ᠣᠨᠣᠪᠴᠢᠲᠠᠢ ᠣᠯᠵᠤ᠂ ︽ᠰᠠᠯᠬᠢ᠂ ᠬᠡᠷᠡᠯ ᠴᠠᠬᠢᠯᠭᠠᠨ᠂ ᠤᠰᠤᠳᠦ᠋ᠷᠦᠭᠴᠢ᠂ ᠴᠡᠨᠡᠭ ᠬᠠᠳᠠᠭᠠᠯᠠᠬᠤ  ᠮᠠᠰᠢᠨ ᠲᠡᠷᠬᠡ︾ ᠰᠢᠨ᠎ᠡ ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠠᠵᠤ ᠠᠬᠤᠢ ᠶᠢᠨ ᠬᠥᠭᠵᠢᠯᠲᠡ ᠲᠦᠷᠭᠡᠳᠴᠦ᠂ ᠭᠠᠵᠠᠷ ᠣᠷᠣᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠪᠦᠬᠦ ᠣᠷᠣᠨ ᠤ ᠡᠮᠦᠨ᠎ᠡ ᠡᠩᠨᠡᠭᠡᠨ ᠳᠤ ᠪᠠᠲᠤᠲᠠᠢ ᠣᠷᠣᠪᠠ᠃ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠨᠢ ᠲᠣᠮᠣ ᠪᠠᠯᠠ ᠮᠥᠩᠭᠦ ᠶᠢᠨ ᠳᠤᠮᠳᠠ ᠣᠷᠳᠣ ᠬᠤᠭᠤᠴᠠᠭᠠᠨ ᠤ ᠳᠤᠤᠷ᠎ᠠ ᠬᠦᠦ ᠶᠢᠨ ᠨᠣᠷᠮ᠎ᠠ ᠲᠠᠢ ᠪᠠᠯᠠ ᠲᠣᠬᠢᠷᠠᠭᠤᠯᠭ᠎ᠠ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠮᠥᠩᠭᠦᠨ  ᠬᠦᠢᠯᠬᠡᠬᠡᠨ ᠤ ᠪᠦᠳᠦᠬᠡᠭᠳᠡᠬᠦᠨ ᠤ ᠰᠢᠨ᠎ᠡ ᠶᠢ ᠡᠭᠦᠳᠴᠦ᠂ ᠴᠢᠨᠠᠷ ᠰᠠᠶᠢᠲᠠᠶ ᠮᠥᠩᠭᠦᠨ ᠬᠦᠢᠯᠬᠡᠬᠡᠨ ᠤ ᠦᠢᠯᠡᠴᠢᠯᠡᠭᠡ ᠬᠠᠩᠭᠠᠵᠤ᠂ ᠠᠵᠤ ᠦᠢᠯᠡᠰ ᠤᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ᠂ ᠰᠠᠭᠤᠷᠢ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠵᠡᠷᠭᠡ ᠠᠵᠢᠯ ᠳᠤ ᠨᠠᠩ ᠬᠦᠴᠦᠲᠡᠶ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠵᠦ᠂ ᠡᠵᠡᠨ ᠬᠤᠷᠤᠭ᠎ᠠ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠮᠵᠢᠯᠠᠵᠤ ᠂ ᠡᠵᠡᠨ ᠬᠤᠷᠤᠭ᠎ᠠ ᠬᠤᠰᠢᠭᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠷᠡᠭᠦᠯ ᠲᠣᠭᠲᠠᠭᠤᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠡᠬᠦᠳᠦᠨ᠎ᠡ ᠬᠡᠪᠡ᠃      ᠯᠢ ᡁᠢ ᠵᠢᠶᠦ᠋ᠨ ᠢᠯᠡᠷᠬᠡᠶᠢᠯᠡᠬᠦ ᠳᠡᠭᠡᠨ᠂ ᠡᠵᠡᠨ ᠬᠤᠷᠤᠭ᠎ᠠ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠰᠠᠶᠢᠨ᠂ ᠬᠥᠭᠵᠢᠯᠲᠡ ᠶᠢᠨ ᠳᠠᠯᠳᠠ ᠬᠦᠴᠦᠨ ᠶᠡᠭᠡ᠂ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠢᠲᠡᠭᠡᠯ ᠳᠦᠭᠦᠷᠡᠩ ᠪᠠᠶᠢᠨ᠎ᠠ᠃  ᠲᠠᠷᠠᠭ᠎ᠠ ᠠᠯᠬᠤᠮ ᠳᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ ᠪᠠ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠶᠢᠨ ᠲᠣᠭᠤᠷᠢᠨ ᠳᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ᠂ ᠰᠠᠭᠤᠷᠢ ᠲᠥᠬᠦᠭᠡᠷᠦᠮᠵᠢ ᠶᠢᠨ ᠲᠤᠳᠠᠭᠳᠠᠯ ᠢᠶᠠᠨ ᠨᠥᠬᠦᠪᠥᠷᠢᠯᠡᠬᠦ᠂ ᠠᠮᠢ ᠠᠬᠤᠶ ᠶᠢᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠪᠥᠬᠦ ᠲᠠᠯ᠎ᠠ ᠶᠢᠨ ᠮᠥᠩᠭᠦᠨ ᠭᠦᠢᠯᠭᠡᠭᠡᠨ ᠤ ᠳᠡᠮᠵᠢᠯᠭᠡ ᠪᠠ ᠦᠢᠯᠡᠴᠢᠯᠡᠭᠡ ᠬᠠᠩᠭᠠᠵᠤ᠂ ᠣᠷᠣᠨ ᠨᠤᠲᠤᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号