| ᠰᠤᠷᠤᠭᠴᠢᠳ ᠨᠢᠭᠡ ᠡᠳᠦᠷ ᠰᠤᠷᠭᠠᠭᠤᠯᠢ ᠳᠤ ᠪᠠᠷᠤᠭ ᠳᠣᠯᠤᠭ᠎ᠠ ᠨᠠᠢᠮᠠᠨ ᠴᠠᠭ ᠰᠤᠷᠤᠯᠴᠠᠵᠤ᠂ ᠬᠦᠢᠴᠡᠳ | ᠮᠥᠷᠲᠡᠭᠡᠨ ᠡᠷᠡᠭᠦᠯ ᠤᠤᠭᠤᠬᠤ ᠤᠰᠤᠨ ᠤ ᠬᠠᠩᠭᠠᠯᠭ᠎ᠠ ᠮᠠᠰᠢ ᠴᠢᠬᠤᠯᠠ ᠲᠠᠢ᠃ ᠰᠢᠭᠤᠳ ᠤᠤᠭᠤᠬᠤ ᠤᠰᠤᠨ ᠤ | ᠲᠥᠬᠦᠭᠡᠷᠦᠮᠵᠢ ᠤᠭᠰᠠᠷᠠᠬᠤ ᠪᠠᠷ ᠳᠠᠮᠵᠢᠨ᠂ ᠲᠦᠭᠡᠭᠡᠯ ᠤᠰᠤ ᠶᠢ ᠴᠡᠪᠡᠷᠰᠢᠬᠦᠯᠦᠨ ᠠᠷᠢᠭᠤᠳᠬᠠᠵᠤ᠂ ᠤᠰᠤᠨ ᠤ | ᠴᠢᠨᠠᠷ ᠢ ᠰᠢᠭᠤᠳ ᠤᠤᠭᠤᠵᠤ ᠪᠣᠯᠬᠤ ᠪᠠᠷᠢᠮᠵᠢᠶ᠎ᠠ ᠳᠤ ᠬᠦᠷᠬᠡᠵᠦ᠂ ᠤᠰᠤᠨ ᠤ ᠳᠤᠯᠠᠭᠠᠨ ᠨᠢ ᠬᠥᠮᠦᠨ ᠤ ᠪᠡᠶ᠎ᠡ ᠳᠤ | ᠳᠣᠭᠢᠷᠠᠬᠤ ᠳᠤᠯᠠᠭᠠᠨ ᠤ ᠬᠡᠮᠵᠢᠶᠡᠨ ᠳᠤ ᠬᠦᠷᠴᠦ᠂ ᠥᠩᠭᠡᠷᠡᠭᠰᠡᠨ ᠤ ᠤᠤᠭᠤᠬᠤ ᠤᠰᠤ ᠲᠠᠢ ᠬᠠᠷᠢᠴᠠᠭᠤᠯᠪᠠᠯ᠂ ᠨᠠᠩ | ᠳᠥᠭᠦᠮ ᠳᠥᠲᠡ ᠠᠮᠤᠷ ᠲᠦᠪᠰᠢᠨ ᠪᠤᠯᠪᠠ᠃ | | | | ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠰᠤᠷᠤᠭᠴᠢᠳ ᠤᠨ | ᠤᠤᠭᠤᠬᠤ ᠤᠰᠤᠨ ᠤ ᠲᠥᠷᠥᠯ ᠵᠦᠢᠯ ᠪᠣᠯ ᠮᠠᠨ ᠤ ᠬᠤᠰᠢᠭᠤᠨ ᠤ 2021 ᠣᠨ ᠤ ᠠᠷᠠᠳ ᠤᠨ ᠠᠮᠢᠳᠤᠷᠠᠯ ᠤᠨ | ᠪᠣᠳᠠᠲᠤ ᠬᠡᠷᠡᠭ ᠤᠨ ᠲᠥᠷᠥᠯ ᠵᠦᠢᠯ ᠪᠠᠶᠢᠵᠤ᠂ ᠮᠠᠨ ᠤ ᠬᠤᠰᠢᠭᠤ ᠨᠡᠶᠢᠳᠡ 1445.2 ᠲᠦᠮᠡᠨ ᠲᠥᠭᠦᠷᠢᠭ ᠤᠨ | ᠪᠡᠯᠡ ᠤᠷᠤᠭᠤᠯᠵᠤ᠂ ᠪᠥᠬᠦ ᠬᠤᠰᠢᠭᠤᠨ ᠤ 54 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ | ᠣᠶᠤᠨᠴᠢ ᠤᠤᠭᠤᠬᠤ ᠤᠰᠤᠨ ᠤ ᠲᠥᠬᠦᠭᠡᠷᠦᠮᠵᠢ ᠤᠭᠰᠠᠷᠠᠵᠤ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ | ᠤᠤᠭᠤᠬᠤ ᠤᠰᠤᠨ ᠤ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠭᠰᠠᠨ ᠪᠠᠶᠢᠨ᠎ᠠ᠃ | | | | |