ᠮᠠᠨ ᠤ ᠬᠤᠰᠢᠭᠤ 1445 . 2 ᠲᠦᠮᠡᠨ ᠲᠥᠭᠦᠷᠢᠭ ᠤᠨ ᠪᠡᠯᠡ ᠤᠷᠤᠭᠤᠯᠵᠤ᠂ ᠪᠦᠬᠦ ᠬᠤᠰᠢᠭᠤᠨ ᠤ 54 ᠰᠤᠷᠭᠠᠭᠤᠯᠢ ᠶᠢᠨ ᠤᠤᠭᠤᠬᠤ ᠤᠰᠤᠨ ᠤ ᠠᠮᠤᠷ ᠲᠦᠪᠰᠢᠨ ᠢ ᠪᠠᠳᠤᠯᠠᠪᠠ
ᠨᠡᠶᠢᠲᠡᠯᠡᠭᠰᠡᠨ ᠴᠠᠭ᠄
2022/4/28
     ᠰᠤᠷᠤᠭᠴᠢᠳ ᠨᠢᠭᠡ ᠡᠳᠦᠷ ᠰᠤᠷᠭᠠᠭᠤᠯᠢ ᠳᠤ ᠪᠠᠷᠤᠭ ᠳᠣᠯᠤᠭ᠎ᠠ ᠨᠠᠢᠮᠠᠨ ᠴᠠᠭ ᠰᠤᠷᠤᠯᠴᠠᠵᠤ᠂ ᠬᠦᠢᠴᠡᠳ ᠮᠥᠷᠲᠡᠭᠡᠨ ᠡᠷᠡᠭᠦᠯ ᠤᠤᠭᠤᠬᠤ ᠤᠰᠤᠨ ᠤ ᠬᠠᠩᠭᠠᠯᠭ᠎ᠠ ᠮᠠᠰᠢ ᠴᠢᠬᠤᠯᠠ ᠲᠠᠢ᠃ ᠰᠢᠭᠤᠳ ᠤᠤᠭᠤᠬᠤ ᠤᠰᠤᠨ ᠤ ᠲᠥᠬᠦᠭᠡᠷᠦᠮᠵᠢ ᠤᠭᠰᠠᠷᠠᠬᠤ ᠪᠠᠷ ᠳᠠᠮᠵᠢᠨ᠂ ᠲᠦᠭᠡᠭᠡᠯ ᠤᠰᠤ ᠶᠢ ᠴᠡᠪᠡᠷᠰᠢᠬᠦᠯᠦᠨ ᠠᠷᠢᠭᠤᠳᠬᠠᠵᠤ᠂ ᠤᠰᠤᠨ ᠤ ᠴᠢᠨᠠᠷ ᠢ ᠰᠢᠭᠤᠳ ᠤᠤᠭᠤᠵᠤ ᠪᠣᠯᠬᠤ ᠪᠠᠷᠢᠮᠵᠢᠶ᠎ᠠ ᠳᠤ ᠬᠦᠷᠬᠡᠵᠦ᠂ ᠤᠰᠤᠨ ᠤ ᠳᠤᠯᠠᠭᠠᠨ ᠨᠢ ᠬᠥᠮᠦᠨ ᠤ ᠪᠡᠶ᠎ᠡ ᠳᠤ ᠳᠣᠭᠢᠷᠠᠬᠤ ᠳᠤᠯᠠᠭᠠᠨ ᠤ ᠬᠡᠮᠵᠢᠶᠡᠨ ᠳᠤ ᠬᠦᠷᠴᠦ᠂ ᠥᠩᠭᠡᠷᠡᠭᠰᠡᠨ ᠤ ᠤᠤᠭᠤᠬᠤ ᠤᠰᠤ ᠲᠠᠢ ᠬᠠᠷᠢᠴᠠᠭᠤᠯᠪᠠᠯ᠂ ᠨᠠᠩ ᠳᠥᠭᠦᠮ ᠳᠥᠲᠡ ᠠᠮᠤᠷ ᠲᠦᠪᠰᠢᠨ ᠪᠤᠯᠪᠠ᠃
     ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠰᠤᠷᠤᠭᠴᠢᠳ ᠤᠨ ᠤᠤᠭᠤᠬᠤ ᠤᠰᠤᠨ ᠤ ᠲᠥᠷᠥᠯ ᠵᠦᠢᠯ ᠪᠣᠯ ᠮᠠᠨ ᠤ ᠬᠤᠰᠢᠭᠤᠨ ᠤ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠥᠷᠥᠯ ᠵᠦᠢᠯ ᠪᠠᠶᠢᠵᠤ᠂ ᠮᠠᠨ ᠤ ᠬᠤᠰᠢᠭᠤ ᠨᠡᠶᠢᠳᠡ 1445.2 ᠲᠦᠮᠡᠨ ᠲᠥᠭᠦᠷᠢᠭ ᠤᠨ ᠪᠡᠯᠡ ᠤᠷᠤᠭᠤᠯᠵᠤ᠂ ᠪᠥᠬᠦ ᠬᠤᠰᠢᠭᠤᠨ ᠤ 54 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠣᠶᠤᠨᠴᠢ ᠤᠤᠭᠤᠬᠤ ᠤᠰᠤᠨ ᠤ ᠲᠥᠬᠦᠭᠡᠷᠦᠮᠵᠢ ᠤᠭᠰᠠᠷᠠᠵᠤ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠤᠤᠭᠤᠬᠤ ᠤᠰᠤᠨ ᠤ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠪᠠᠲᠤᠯᠠᠭᠰᠠᠨ ᠪᠠᠶᠢᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号