ᠬᠤᠸᠠ ᠷᠦᠢ ᠹᠧᠩ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/4/29
     4 ᠳ᠋ᠣᠭᠡᠷ ᠰᠠᠷ᠎ᠠ ᠶᠢᠨ 28᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂  ᠲᠠᠷᠠᠭ᠎ᠠ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      
     ᠬᠤᠸᠠ ᠷᠦᠢ ᠹᠧᠩ ᠵᠢᠭᠠᠬᠤ ᠳᠠᠭᠠᠨ᠂ ᠣᠳᠣᠬᠠᠨ ᠳᠤ᠂ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠳᠤ ᠤᠯᠠᠨ ᠴᠡᠭ ᠤᠯᠠᠨ ᠡᠭᠦᠰᠦᠯ ᠲᠠᠢ᠂ ᠲᠠᠷᠬᠠᠨ ᠳᠡᠯᠭᠡᠷᠡᠬᠦ ᠪᠠ ᠪᠠᠶᠢᠨ ᠲᠠᠬᠢᠨ ᠡᠭᠦᠰᠬᠦ ᠪᠠᠶᠢᠳᠠᠯ ᠢᠯᠡᠷᠡᠭᠰᠡᠨ ᠪᠥᠭᠡᠳ ᠡᠯ᠎ᠡ ᠲᠦᠷᠦᠯ ᠤᠨ ᠲᠦᠷᠦᠯ ᠵᠦᠢᠯ ᠪᠦᠬᠦ ᠲᠠᠯ᠎ᠠ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ᠂ ︽ᠲᠠᠪᠤᠨ ᠰᠠᠷ᠎ᠠ ᠶᠢᠨ ᠨᠢᠬᠡᠨ︾᠎ ᠤ ᠠᠮᠠᠷᠠᠯᠲᠠ ᠶᠢᠨ ᠬᠤᠭᠤᠴᠠᠭᠠᠨ ᠤ ᠬᠥᠮᠦᠰ ᠤᠨ ᠰᠢᠯᠵᠢᠯᠲᠡ ᠨᠡᠮᠡᠭᠳᠡᠭᠰᠡᠨ ᠵᠡᠷᠭᠡ ᠤᠯᠠᠨ ᠳᠠᠪᠬᠤᠷ ᠠᠶᠤᠯ ᠲᠦᠭᠰᠢᠭᠦᠷᠢ ᠳᠠᠪᠬᠤᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠠᠭ ᠢᠮᠠᠭᠲᠠ ᠰᠠᠶᠢᠲᠤᠷ ᠠᠳᠬᠤᠬᠤ ᠬᠡᠷᠡᠭᠲᠡᠢ᠃ ᠡᠯ᠎ᠡ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ ᠪᠠᠶᠢᠳᠠᠯ ᠢ ᠭᠦᠢᠴᠡᠳ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠳᠡᠭᠡᠷ᠎ᠡ ᠨᠢᠭᠡᠳᠬᠡᠵᠦ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠤᠳᠤᠯᠭ᠎ᠠ ᠪᠣᠯᠤᠨ ︽ᠬᠥᠳᠡᠯᠦᠩᠭᠦᠢ ᠪᠠᠷ ᠦᠭᠡᠶᠢᠰᠬᠡᠬᠦ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠤᠷᠳᠤ ᠬᠤᠭᠤᠴᠠᠭᠠᠨ ᠤ ᠳᠠᠶᠢᠯᠠᠯᠳᠤᠭᠠᠨ ᠬᠢᠬᠦ ᠦᠵᠡᠯ ᠰᠠᠨᠠᠭᠠᠨ ᠤ ᠪᠡᠯᠡᠳᠬᠡᠯ ᠪᠣᠯᠤᠨ ᠠᠵᠢᠯ ᠤᠨ ᠪᠡᠯᠡᠳᠬᠡᠯ ᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠢᠮᠠᠭᠲᠠ ᠰᠠᠶᠢᠲᠤᠷ ᠠᠳᠬᠤᠬᠤ ᠬᠡᠷᠡᠭᠲᠡᠢ ᠬᠡᠪᠡ᠃      ᠬᠤᠸᠠ ᠷᠦᠢ ᠹᠧᠩ ᠱᠠᠭᠠᠷᠳᠠᠬᠤ ᠳᠠᠭᠠᠨ᠂ ᠴᠢᠩᠭ᠎ᠠ ᠪᠣᠳᠠᠲᠠᠢ ᠰᠢᠨᠵᠢᠯᠡᠬᠦ ᠤᠬᠠᠭᠠᠨᠴᠢ ᠪᠠᠷ ᠣᠨᠣᠴᠠᠲᠠᠢ ᠰᠡᠷᠭᠡᠶᠢᠯᠡᠨ ᠡᠵᠡᠮᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢ ᠡᠷᠡᠰ ᠰᠠᠬᠢᠬᠤ ᠬᠡᠷᠡᠭᠲᠡᠢ᠃ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠪᠠᠶᠢᠴᠠᠭᠠᠬᠤ ᠴᠡᠭ ᠵᠡᠷᠭᠡ ᠣᠷᠣᠵᠤ ᠢᠷᠡᠬᠦ ᠪᠣᠭᠤᠮᠲᠠ ᠶᠢ ᠰᠠᠶᠢᠲᠤᠷ ᠰᠠᠬᠢᠵᠤ᠂ ᠬᠦᠢᠳᠡᠨ ᠬᠡᠯᠬᠢᠶᠡᠲᠦ ᠪᠠᠷᠠᠭ᠎ᠠ᠂ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡ ᠶᠢ ᠵᠢᠭᠰᠠᠭᠠᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠭᠦᠷᠡᠰᠦ ᠲᠡᠭᠡᠭᠡᠪᠦᠷᠢᠯᠡᠬᠦ ᠲᠡᠷᠭᠡ ᠵᠢᠴᠢ ᠵᠢᠯᠣᠭᠤᠴᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ︽ᠬᠥᠮᠦᠨ᠂ ᠪᠣᠳᠠᠰ᠂ ᠣᠷᠴᠢᠨ ᠲᠣᠭᠤᠷᠢᠨ︾᠎ ᠢ ᠬᠠᠮᠲᠤ ᠪᠠᠷ ᠰᠡᠷᠭᠡᠶᠢᠯᠡᠬᠦ ᠶᠢ ᠦᠨᠡᠨ ᠬᠦ ᠪᠡᠶᠡᠯᠡᠭᠦᠯᠵᠦ᠂ ᠣᠷᠣᠵᠤ ᠢᠷᠡᠬᠦ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠶᠢ ᠴᠢᠩᠭᠠᠳᠬᠠᠵᠤ᠂ ︽ᠳᠥᠷᠪᠡᠨ ᠡᠷᠲᠡ︾᠎ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠵᠢᠭ ᠡᠪᠡᠳᠴᠢᠨ ᠤ ᠪᠠᠶᠢᠴᠠᠭᠠᠯᠲᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠲᠤᠰᠠᠭᠠᠷᠯᠠᠬᠤ ᠭᠠᠵᠠᠷ ᠤᠨ ᠬᠠᠮᠢᠶᠠᠷᠤᠯᠲᠠ ᠡᠵᠡᠮᠳᠡᠯ ᠢ ᠰᠠᠶᠢᠲᠤᠷ ᠠᠳᠬᠤᠵᠤ᠂ ᠬᠥᠮᠦᠨ ᠪᠠ ᠡᠳ᠋ ᠪᠣᠳᠠᠰ ᠤᠨ ᠨᠥᠭᠡᠴᠡ ᠶᠢ ᠴᠢᠩᠭᠠᠳᠬᠠᠨ᠂ ᠸᠠᠺᠼᠢᠨ ᠤ ᠲᠠᠷᠢᠯᠭ᠎ᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠬᠢᠵᠢᠭ ᠤᠨ ᠪᠠᠶᠢᠳᠠᠯ ᠢ ᠣᠯᠵᠤ ᠮᠡᠳᠡᠭᠰᠡᠨ ᠤ ᠳᠠᠷᠠᠭ᠎ᠠ ᠲᠡᠷᠡ ᠳᠠᠷᠤᠶ ᠳᠤᠨᠢ ᠬᠦᠴᠦᠲᠡᠶ ᠰᠡᠷᠭᠡᠶᠢᠯᠡᠨ ᠡᠵᠡᠮᠳᠡᠵᠦ᠂ ᠪᠦᠲᠦᠮᠵᠢᠲᠡᠶ ᠰᠢᠢᠳᠪᠦᠷᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠬᠢᠵᠢᠭ ᠤᠨ ᠪᠠᠶᠢᠳᠠᠯ ᠢ ᠢᠯᠡᠷᠡᠯ ᠤᠨ ᠦᠶ᠎ᠡ ᠳᠤᠨᠢ ᠠᠷᠢᠯᠭᠠᠬᠤ ᠬᠡᠷᠡᠭᠲᠡᠶ᠃ ᠡᠮᠴᠢᠯᠡᠭᠡᠨ ᠤ ᠪᠠᠶᠢᠭᠤᠯᠤᠮᠵᠢ᠂ ᠪᠠᠭᠤᠳᠠᠯ᠂ ᠬᠤᠳᠠᠯᠳᠤᠭ᠎ᠠ ᠬᠡᠲᠦ ᠳᠡᠯᠭᠡᠭᠦᠷ᠂ ᠰᠤᠷᠭᠠᠭᠤᠯᠢ ᠶᠢᠨ ᠬᠦᠷᠢᠶ᠎ᠡ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ᠂ ᠦᠵᠡᠮᠵᠢ ᠶᠢᠨ ᠣᠷᠣᠨ ᠵᠡᠷᠭᠡ ᠭᠤᠤᠯᠳᠠᠯᠭ᠎ᠠ ᠲᠠᠢ ᠬᠦᠷᠢᠶᠡᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠥᠮᠦᠨ ᠢ ᠡᠵᠡᠮᠳᠡᠵᠦ ᠳᠡᠶᠢᠯᠬᠦ᠂ ᠦᠢᠯᠡᠳᠪᠦᠷᠢᠯᠡᠯ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠬᠡᠪᠡ᠃      ᠬᠤᠸᠠ ᠷᠦᠢ ᠹᠧᠩ ᠴᠢᠬᠤᠯᠠᠴᠢᠯᠠᠬᠤ ᠳᠠᠭᠠᠨ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠵᠢᠯᠣᠭᠤᠳᠬᠤ ᠭᠠᠵᠠᠷ᠂ ᠡᠯ᠎ᠡ ᠰᠢᠶᠠᠨ ᠤ ᠱᠠᠲᠤᠨ ᠤ ᠤᠳᠤᠷᠢᠳᠤᠯᠭ᠎ᠠ᠂ ᠡᠯ᠎ᠡ ᠪᠠᠯᠭᠠᠰᠤ᠂ ᠬᠦᠷᠢᠶᠡᠯᠡᠩ ᠲᠣᠭᠤᠷᠢᠭ᠂ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠠᠮᠢᠶ᠎ᠠ ᠪᠥᠬᠦᠶ ᠠᠵᠤ ᠠᠬᠤᠶᠢᠯᠠᠯ ᠪᠣᠯᠤᠨ ᠡᠵᠡᠩᠨᠡᠯᠲᠡ ᠶᠢᠨ ᠭᠤᠤᠯ ᠴᠣᠭᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠲᠠᠶᠢᠪᠤᠰᠢᠷᠠᠬᠤ ᠦᠵᠡᠯ ᠰᠠᠨᠠᠭ᠎ᠠ᠂ ᠭᠤᠷᠢᠳᠠᠬᠤ ᠪᠣᠳᠣᠯ ᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠵᠡᠨ ᠬᠤᠷᠤᠭ᠎ᠠ ᠶᠢᠨ ᠰᠡᠷᠭᠡᠶᠢᠯᠡᠯᠲᠡ ᠶᠢᠨ ᠱᠤᠭᠤᠮ ᠢ ᠡᠷᠡᠰ ᠰᠠᠶᠢᠲᠤᠷ ᠰᠠᠬᠢᠬᠤ ᠬᠡᠷᠡᠭᠲᠡᠶ᠃ ᠱᠠᠯᠠᠪᠳᠠᠭᠤᠯᠤᠨ ᠵᠢᠯᠣᠭᠤᠳᠴᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠵᠤ᠂ 24 ᠴᠠᠭ ᠢᠶᠠᠷ ᠵᠢᠵᠢᠭᠦᠷᠯᠡᠨ ᠰᠠᠬᠢᠬᠤ ᠪᠠ ᠤᠳᠤᠷᠢᠳᠬᠤ ᠺᠠᠳ᠋ᠷ ᠠᠵᠢᠯ ᠤᠨ ᠪᠠᠶᠢᠷᠢ ᠳᠠᠭᠠᠨ  ᠵᠢᠵᠢᠬᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠴᠦᠨ ᠢ ᠪᠠᠭᠤᠷᠠᠭᠤᠯᠬᠤ ᠥᠬᠡᠶ᠂ ᠠᠷᠭ᠎ᠠ ᠬᠡᠮᠵᠢᠶ᠎ᠡ ᠶᠢ ᠪᠠᠭᠤᠷᠠᠭᠤᠯᠬᠤ ᠥᠬᠡᠶ᠂ ᠡᠷᠴᠢᠮ ᠢ ᠰᠤᠯᠠᠷᠠᠭᠤᠯᠬᠤ ᠥᠬᠡᠶ᠂ ᠨᠠᠷᠢᠯᠢᠭ ᠤᠨ ᠬᠡᠮᠵᠢᠶ᠎ᠡ ᠶᠢ ᠪᠠᠭᠤᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠬᠠᠭᠤᠯᠭ᠎ᠠ ᠵᠢᠯᠤᠭᠤᠳᠤᠯᠭ᠎ᠠ ᠪᠠᠨ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠢᠨ᠎ᠡ ᠱᠠᠭᠠᠷᠳᠠᠯᠭ᠎ᠠ ᠶᠢ ᠴᠠᠭ ᠲᠤᠬᠠᠢ ᠳᠤᠨᠢ ᠮᠡᠳᠡᠭᠳᠡᠵᠦ᠂ ᠴᠤᠤᠷᠬᠠᠯ ᠲᠠᠯᠪᠢᠨ ᠴᠤᠤᠷᠬᠠᠯ ᠲᠠᠷᠬᠠᠭᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠤᠶᠠᠷ ᠲᠠᠯ᠎ᠠ ᠪᠠᠷ ᠠᠳᠬᠤᠬᠤ᠂ ᠬᠤᠶᠠᠷ ᠢ ᠦᠯᠦ ᠰᠠᠭᠠᠲᠠᠭᠠᠬᠤ ᠶᠢ ᠪᠠᠷᠢᠮᠲᠠᠯᠠᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ᠂ ᠵᠠᠬᠢᠳᠠᠯ ᠰᠤᠷᠪᠤᠯᠵᠢᠯᠠᠯ ᠪᠠ ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠢᠯᠢᠳᠡᠭ ᠰᠠᠶᠢᠨ ᠠᠵᠤ ᠠᠬᠤᠢ᠂ ᠨᠡᠶᠢᠭᠡᠮ᠂ ᠤᠯᠤᠰ ᠲᠦᠷᠦ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号