| 4 ᠳ᠋ᠣᠬᠡᠷ ᠰᠠᠷ᠎ᠠ ᠶᠢᠨ 28 ᠤ ᠡᠳᠦᠷ᠂ ᠬᠤᠰᠢᠭᠤ ᠠᠷᠠᠳ ᠤᠨ ᠵᠠᠰᠠᠭ ᠤᠨ ᠣᠷᠳᠣᠨ ᠤ 2022 ᠣᠨ ᠤ | ᠠᠩᠬᠠᠳᠤᠭᠠᠷ ᠪᠥᠬᠦᠳᠡ ᠬᠤᠷᠠᠯ ᠵᠢᠴᠢ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠪᠠ᠃ ᠬᠤᠰᠢᠭᠤ | ᠨᠠᠮ ᠤᠨ ᠬᠤᠷᠢᠶᠠᠨ ᠤ ᠳᠡᠳ᠋ ᠱᠦᠵᠢ᠂ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠡᠤ ᠶᠦᠨ ᠬᠤᠷᠠᠯ ᠳᠤ | ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠢᠶᠠ ᠬᠠᠶ ᠵᠢᠶᠦ᠋ᠨ ᠵᠠᠰᠠᠭ ᠤᠨ | ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ | ᠲᠤᠬᠠᠶ ᠪᠣᠳᠠᠲᠠᠶ ᠰᠠᠨᠠᠯ ᠳᠤᠷᠠᠳᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ | ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠡᠨᠳᠦᠪᠠᠶᠠᠷ ᠬᠤᠷᠠᠯ ᠢ ᠡᠷᠭᠢᠯᠡᠪᠡ᠃ | ᠡᠦ ᠶᠦᠨ ᠵᠢᠭᠠᠬᠤ ᠳᠠᠭᠠᠨ᠂ ᠡᠨᠡ ᠤᠳᠠᠭᠠᠨ ᠤ ᠬᠤᠷᠠᠯ ᠪᠣᠯ ᠰᠢᠨ᠎ᠡ ᠨᠢᠭᠡ ᠬᠤᠭᠤᠴᠠᠭᠠᠨ ᠤ ᠬᠤᠰᠢᠭᠤ | ᠠᠷᠠᠳ ᠤᠨ ᠵᠠᠰᠠᠭ ᠤᠨ ᠣᠷᠳᠣᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠠᠴᠠ ᠨᠠᠰᠢ᠂ ᠠᠩᠬᠠᠳᠤᠭᠠᠷ ᠪᠥᠬᠦᠳᠡ | ᠬᠤᠷᠠᠯ ᠵᠢᠴᠢ ᠴᠢᠬᠡᠴᠢ ᠵᠠᠰᠠᠭ ᠤᠨ ᠠᠵᠢᠯ ᠤᠨ ᠬᠤᠷᠠᠯ ᠢ ᠬᠤᠷᠠᠯᠳᠤᠭᠤᠯᠵᠤ᠂ ᠭᠤᠣᠯ ᠡᠭᠦᠷᠭᠡ ᠨᠢ ᠦᠵᠡᠯ ᠰᠠᠨᠠᠭ᠎ᠠ | ᠲᠠᠨᠢᠯᠲᠠ ᠪᠠᠨ ᠤᠯᠠᠮ ᠨᠢᠭᠡ ᠠᠯᠬᠤᠮ ᠨᠢᠭᠡᠳᠬᠡᠵᠤ᠂ ᠰᠤᠷᠲᠠᠯ ᠢᠶᠠᠨ ᠬᠤᠪᠢᠷᠠᠭᠤᠯᠬᠤ᠂ ᠦᠢᠯᠡᠳᠦᠯ ᠭᠠᠷᠭᠠᠬᠤ᠂ ᠬᠡᠪ | ᠲᠦᠷᠬᠦ ᠪᠠᠨ ᠪᠤᠰᠬᠠᠬᠤ᠂ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠪᠦᠬᠦ ᠶᠠᠪᠤᠴᠠ ᠳᠤ ᠦᠨᠡᠨ ᠬᠦ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ | ᠰᠢᠰᠲ᠋ᠧᠮ ᠤᠨ ᠳᠡᠭᠡᠷ᠎ᠡ ᠳᠤᠤᠷ᠎ᠠ ᠱᠠᠲᠤ ᠶᠢ ᠳᠠᠶᠢᠴᠢᠯᠠᠵᠤ ᠦᠵᠡᠯ ᠰᠠᠨᠠᠭ᠎ᠠ ᠪᠠ ᠣᠶᠤᠨ ᠴᠢᠳᠠᠯ ᠢᠶᠠᠨ | ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠳᠡᠭᠡᠷ᠎ᠡ ᠲᠥᠪᠯᠡᠷᠡᠭᠦᠯᠤᠨ᠂ ᠢᠲᠡᠭᠡᠯ ᠵᠣᠷᠢᠭ ᠢᠶᠠᠨ ᠪᠠᠲᠤᠳᠬᠠᠵᠤ᠂ | ᠨᠠᠩ ᠴᠤᠭ ᠪᠠᠳᠠᠷᠠᠩᠭᠤᠶ ᠲᠡᠮᠡᠴᠡᠯ ᠤᠨ ᠣᠪᠣᠷ ᠢᠶᠠᠷ᠂ ᠨᠠᠩ ᠳᠦᠭᠦᠷᠡᠩ ᠠᠵᠢᠯ ᠤᠨ ᠡᠷᠴᠢ ᠵᠣᠷᠢᠭ ᠢᠶᠠᠷ ᠡᠯ᠎ᠡ | ᠵᠦᠢᠯ ᠤᠨ ᠠᠵᠢᠯ ᠢᠶᠠᠨ ᠲᠠᠰᠤᠷᠠᠯᠲᠠ ᠥᠬᠡᠶ ᠰᠢᠪᠳᠤᠯᠤᠨ᠂ ᠰᠢᠨ᠎ᠡ ᠳᠡᠭᠲᠡᠷ ᠲᠤ ᠭᠠᠷᠭᠠᠬᠤ ᠬᠡᠷᠡᠭᠳᠠᠢ ᠬᠡᠪᠡ᠃ | ᠬᠤᠷᠠᠯ ᠳᠡᠭᠡᠷ᠎ᠡ᠂ ᠦ᠋ ᠶᠦᠨ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠵᠦᠢᠯ ᠤᠨ ᠠᠵᠢᠯ ᠢ ᠰᠠᠶᠢᠲᠤᠷ | ᠬᠢᠬᠦ ᠲᠣᠭᠤᠷᠢᠨ ᠳᠤ᠂ ᠲᠡᠷᠢᠭᠦᠨ ᠤ ᠠᠵᠢᠯ ᠤᠨ ᠡᠷᠴᠢ ᠵᠣᠷᠢᠭ᠂ ᠬᠠᠷᠠᠭᠠᠰᠤ ᠶᠢᠨ ᠪᠠᠶᠢᠷᠢᠰᠢᠯ᠂ ᠦᠢᠯᠡᠴᠢᠯᠡᠬᠡᠨ ᠤ | ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ᠂ ᠴᠢᠳᠠᠪᠤᠷᠢ᠂ ᠠᠵᠢᠯ ᠤᠨ ᠡᠷᠴᠢ ᠵᠣᠷᠢᠭ᠂ ᠠᠷᠠᠳ ᠤᠨ | ᠲᠥᠯᠥᠭᠡ ᠭᠡᠬᠦ ᠰᠡᠳᠬᠢᠯᠭᠡ᠂ ᠬᠠᠷᠢᠭᠤᠴᠠᠯᠭᠠᠲᠤ ᠤᠬᠠᠮᠰᠠᠷ ᠵᠡᠷᠭᠡ 8 ᠲᠠᠯ᠎ᠠ ᠶᠢᠨ ᠠᠰᠠᠭᠤᠳᠠᠯ ᠢ ᠳᠤᠷᠠᠳᠴᠤ᠂ | ᠬᠤᠷᠠᠯ ᠳᠤ ᠣᠷᠣᠯᠴᠠᠭᠰᠠᠨ ᠨᠥᠬᠦᠳ ᠲᠠᠢ ᠬᠠᠮᠲᠤ ᠪᠠᠷ ᠰᠤᠳᠤᠯᠤᠨ ᠶᠠᠷᠢᠯᠴᠠᠪᠠ᠃ | ᠦ᠋ ᠶᠦᠨ ᠴᠢᠬᠤᠯᠠᠴᠢᠯᠠᠬᠤ ᠳᠠᠭᠠᠨ᠂ ᠵᠠᠰᠠᠭ ᠤᠨ ᠣᠷᠳᠣᠨ ᠤ ᠰᠢᠰᠲ᠋ᠧᠮ ᠤᠨ ᠪᠦᠬᠦ ᠺᠠᠳ᠋ᠷᠴᠤᠳ ᠬᠡᠪ | ᠳᠠᠭᠤᠷᠢᠶᠠᠯ ᠦᠵᠡᠭᠦᠯᠵᠦ᠂ ᠲᠡᠷᠢᠭᠦᠨ ᠤ ᠬᠢ ᠲᠠᠢ ᠬᠠᠷᠢᠴᠠᠭᠤᠯᠵᠤ᠂ ᠬᠥᠮᠦᠨ ᠪᠦᠬᠦᠨ ᠲᠡᠷᠢᠭᠦᠨ ᠳᠤ ᠣᠷᠣᠬᠤ ᠪᠠᠷ | ᠴᠢᠷᠮᠠᠶᠢᠬᠤ᠂ ᠵᠠᠪᠠᠯ ᠲᠡᠷᠢᠭᠦᠨ ᠳᠤ ᠣᠷᠣᠬᠤ ᠪᠠᠷ ᠴᠢᠷᠮᠠᠶᠢᠬᠤ᠂ ᠬᠦᠴᠦᠷᠬᠡᠭ ᠲᠠᠢ ᠠᠳᠠᠯᠢᠳᠬᠠᠬᠤ᠂ ᠰᠠᠶᠢᠨ ᠲᠠᠢ | ᠠᠳᠠᠯᠢᠳᠬᠠᠬᠤ᠂ ᠲᠦᠷᠭᠡᠨ ᠲᠠᠢ ᠠᠳᠠᠯᠢᠳᠬᠠᠬᠤ ᠵᠤᠷᠢᠭᠳᠠᠢ ᠪᠠᠶᠢᠵᠤ᠂ ᠡᠷᠡᠯᠬᠡᠭᠯᠡᠨ ᠲᠡᠮᠡᠴᠡᠵᠦ ᠱᠠᠯᠠᠮᠠᠭᠠᠶᠢᠯᠠᠨ ᠨᠡᠬᠡᠬᠦ | ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠬᠡᠷᠡᠭᠲᠡᠢ᠃ ᠶᠡᠭᠡ | ᠬᠠᠨᠳᠤᠰᠢ ᠶᠢ ᠰᠠᠯᠤᠯ ᠥᠬᠡᠶ ᠳᠠᠭᠠᠵᠤ᠂ ᠪᠥᠬᠦ ᠲᠠᠯ᠎ᠠ ᠶᠢ ᠪᠣᠳᠣᠯᠬᠢᠯᠠᠨ᠂ ᠡᠵᠡᠨ ᠬᠤᠷᠤᠭ᠎ᠠ ᠬᠤᠰᠢᠭᠤ ᠠᠴᠠ ᠭᠠᠷᠴᠤ | ᠡᠵᠡᠨ ᠬᠤᠷᠤᠭ᠎ᠠ ᠬᠤᠰᠢᠭᠤ ᠶᠢ ᠬᠠᠷᠠᠵᠤ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠳᠤᠮᠳᠠ ᠬᠥᠭᠵᠢᠯᠲᠡ ᠶᠢ | ᠡᠷᠢᠯᠬᠢᠯᠡᠵᠦ᠂ ᠰᠡᠳᠬᠢᠴᠡ ᠪᠠᠨ ᠬᠤᠪᠢᠷᠠᠭᠤᠯᠬᠤ ᠳᠤᠮᠳᠠ ᠪᠦᠲᠦᠴᠡ ᠶᠢ ᠳᠣᠭᠢᠷᠠᠭᠤᠯᠤᠨ᠂ ᠪᠥᠬᠦ ᠠᠵᠤ ᠦᠢᠯᠡᠰ ᠤᠨ | ᠬᠡᠯᠬᠢᠶ᠎ᠡ ᠳᠡᠭᠡᠷ᠎ᠡ ᠠᠷᠭ᠎ᠠ ᠤᠬᠠᠭᠠᠨ ᠭᠠᠷᠭᠠᠵᠤ᠂ ᠨᠠᠩ ᠶᠡᠭᠡ ᠬᠠᠷᠠᠭᠠᠰᠤ ᠠᠴᠠ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠬᠡᠷᠡᠭᠲᠡᠶ᠃ ᠦᠢᠯᠡᠴᠢᠯᠡᠭᠡ ᠶᠢ ᠰᠢᠯᠢᠳᠡᠭᠵᠢᠭᠦᠯᠵᠦ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠠᠷᠠᠭᠤᠨ | ᠣᠷᠣᠨ ᠤ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠬᠤ ᠶᠢᠨ ᠲᠣᠭᠤᠷᠢᠨ ᠳᠤ᠂ | ᠬᠠᠮᠤᠭ ᠤᠨ ᠰᠢᠯᠢᠳᠡᠭ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠡᠭᠦᠷᠭᠡ ᠶᠢ | ᠨᠠᠶᠢᠳᠠᠪᠤᠷᠢᠵᠢᠭᠤᠯᠵᠤ᠂ ᠦᠨᠡᠯᠡᠬᠦ ᠪᠠᠷᠢᠮᠵᠢᠶ᠎ᠠ ᠶᠢ ᠣᠨᠣᠪᠴᠢᠲᠠᠢ ᠡᠷᠢᠵᠦ᠂ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠳᠤ | ᠦᠨᠡᠨ ᠪᠣᠳᠠᠲᠠᠢ ᠦᠷ᠎ᠡ ᠪᠦᠲᠦᠮᠵᠢ ᠪᠣᠯᠤᠨ ᠬᠤᠪᠢᠷᠠᠯᠲᠠ ᠶᠢ ᠦᠵᠡᠭᠦᠯᠬᠦ ᠬᠡᠷᠡᠭᠲᠡᠢ᠃ ᠵᠣᠷᠢᠭᠲᠠᠶ ᠪᠠᠷ ᠬᠠᠷᠢᠭᠤᠴᠠᠵᠤ | ᠂ ᠵᠣᠷᠢᠭᠲᠠᠶ ᠪᠠᠷ ᠡᠭᠦᠷᠭᠡᠯᠡᠵᠦ᠂ ᠡᠷᠡᠭᠡᠯᠵᠡᠯ ᠦᠭᠡᠢ ᠪᠠᠷ ᠬᠠᠷᠢᠭᠤᠴᠠᠯᠭ᠎ᠠ ᠡᠭᠦᠷᠭᠡᠯᠡᠵᠦ᠂ ᠲᠤᠰᠢᠶᠠᠯ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠠᠭᠠᠨ | ᠴᠢᠳᠠᠮᠠᠭᠠᠶ ᠪᠠᠶᠢᠵᠤ᠂ ᠪᠦᠯᠬᠦᠮᠳᠡᠨ ᠬᠠᠮᠵᠢᠯᠴᠠᠬᠤ ᠪᠠᠨ ᠴᠢᠩᠭᠠᠳᠬᠠᠵᠤ᠂ ᠬᠢᠬᠦ ᠶᠣᠰᠣᠲᠠᠶ ᠠᠵᠢᠯ ᠢᠶᠠᠨ ᠰᠠᠶᠢᠲᠤᠷ | ᠬᠢᠬᠦ ᠬᠡᠷᠡᠭᠲᠡᠶ᠃ ᠰᠠᠶᠢᠲᠤᠷ ᠰᠤᠷᠤᠯᠴᠠᠨ ᠰᠠᠶᠢᠲᠤᠷ ᠰᠡᠳᠬᠢᠵᠦ᠂ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠬᠦ ᠴᠢᠳᠠᠪᠤᠷᠢ᠂ ᠲᠦᠷᠦ ᠶᠢᠨ ᠪᠤᠳᠤᠯᠭ᠎ᠠ ᠶᠢ ᠡᠵᠡᠮᠳᠡᠬᠦ ᠴᠢᠳᠠᠪᠤᠷᠢ ᠪᠣᠯᠤᠨ | ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠴᠢᠳᠠᠪᠤᠷᠢ ᠶᠢᠨ ᠪᠠᠶᠢᠭᠤᠯᠤᠯᠲᠠ ᠶᠢ ᠪᠦᠬᠦ | ᠲᠠᠯ᠎ᠠ ᠪᠠᠷ ᠴᠢᠩᠭᠠᠳᠬᠠᠵᠤ᠂ ᠴᠠᠭᠠᠷᠠᠭᠰᠠᠨ ᠴᠢᠳᠠᠪᠤᠷᠢ ᠶᠢ ᠦᠷᠭᠦᠯᠵᠢᠯᠡᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠴᠦᠰ ᠲᠤᠨᠢ ᠲᠤᠯᠲᠠᠯ᠎ᠠ ᠠᠳᠬᠤᠵᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠵᠤ᠂ ᠬᠢᠬᠦ ᠪᠠ ᠲᠦᠷᠭᠡᠨ | ᠬᠢᠬᠦ ᠶᠢ ᠲᠡᠷᠢᠭᠦᠨ ᠳᠤ ᠲᠠᠯᠪᠢᠵᠤ᠂ ᠪᠤᠰᠢᠭᠤ ᠱᠠᠯᠠᠮᠠᠭᠠᠢ ᠬᠢᠵᠦ᠂ ᠪᠣᠳᠠᠲᠠᠢ ᠨᠠᠷᠢᠯᠢᠭ ᠬᠢᠵᠦ᠂ ᠰᠢᠨᠵᠢᠯᠡᠬᠦ ᠤᠬᠠᠭᠠᠨᠴᠢ | ᠵᠦᠢ ᠵᠣᠬᠢᠰᠲᠠᠢ ᠬᠢᠵᠦ᠂ ᠡᠯ᠎ᠡ ᠵᠦᠢᠯ ᠤᠨ ᠠᠵᠢᠯ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ | ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠵᠣᠷᠢᠯᠲᠠ ᠪᠠᠨ ᠪᠠᠲᠤ ᠴᠡᠭᠡᠵᠢᠯᠡᠵᠦ᠂ | ᠠᠷᠠᠳ ᠲᠦᠮᠡᠨ ᠳᠤ ᠦᠢᠯᠡᠴᠢᠯᠡᠵᠦ᠂ ᠠᠷᠠᠳ ᠤᠨ ᠲᠥᠯᠥᠭᠡ ᠭᠡᠬᠦ ᠬᠠᠶᠢᠷ᠎ᠠ ᠰᠡᠳᠬᠢᠯᠭᠡ ᠶᠢ ᠪᠠᠲᠤ ᠪᠤᠢ ᠪᠣᠯᠭᠠᠵᠤ᠂ | ᠤᠯᠠᠨ ᠲᠦᠮᠡᠨ ᠤ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ | ᠰᠠᠶᠢᠲᠤᠷ ᠬᠢᠵᠦ᠂ ᠠᠷᠠᠳ ᠲᠦᠮᠡᠨ ᠤ ᠠᠵᠤ ᠲᠦᠷᠦᠭᠦ᠂ ᠠᠮᠤᠷ ᠲᠦᠪᠰᠢᠨ ᠠᠶᠤᠯ ᠲᠦᠭᠰᠢᠭᠦᠷᠢ ᠬᠠᠯᠠᠭᠤᠨ | ᠳᠤᠯᠠᠭᠠᠨ ᠢ ᠢᠮᠠᠭᠲᠠ ᠰᠡᠳᠬᠢᠯ ᠳᠡᠭᠡᠨ ᠪᠤᠳᠤᠵᠤ᠂ ᠠᠷᠠᠳ ᠤᠨ ᠠᠮᠢᠳᠤᠷᠠᠯ ᠤᠨ ᠦᠢᠯᠡᠰ ᠤᠨ ᠨᠡᠩ ᠴᠢᠨᠠᠷ ᠰᠠᠶᠢᠲᠠᠢ | ᠂ ᠨᠡᠩ ᠥᠨᠳᠥᠷ ᠲᠦᠪᠰᠢᠨ ᠲᠡᠶᠢᠰᠢ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ ᠡᠷᠬᠡᠪᠰᠢ ᠨᠠᠮ ᠢᠶᠠᠨ ᠴᠢᠩᠭ᠎ᠠ | ᠵᠠᠰᠠᠵᠤ᠂ ᠵᠠᠰᠠᠭ ᠢᠶᠠᠨ ᠴᠢᠩᠭ᠎ᠠ ᠵᠠᠰᠠᠵᠤ᠂ ︽ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾ ᠶᠢ ᠨᠠᠷᠢᠨ | ᠬᠢᠨᠠᠮᠠᠭᠠᠢ ᠭᠦᠢᠴᠡᠳᠬᠡᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ᠂ ᠰᠠᠬᠢᠯᠭ᠎ᠠ ᠪᠠᠲᠤ ᠶᠣᠰᠣ ᠳᠦᠷᠢᠮ ᠤᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠡᠷᠡᠰ ᠭᠤᠶᠢᠪᠢᠰᠢ ᠦᠬᠡᠢ ᠪᠦᠬᠦ ᠲᠠᠯ᠎ᠠ ᠪᠠᠷ ᠴᠢᠩᠭᠠᠳᠬᠠᠵᠤ᠂ | ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠪᠠᠲᠤᠯᠠᠭ᠎ᠠ | ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠦ᠋ ᠶᠦᠨ ᠣᠳᠣᠬᠠᠨ ᠤ ᠭᠤᠤᠯᠳᠠᠯᠭᠠᠳᠤ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ᠂ ᠠᠵᠤ ᠠᠬᠤᠶ ᠶᠢᠨ ᠡᠷᠭᠢᠯᠲᠡ ᠶᠢᠨ | ᠲᠣᠬᠢᠷᠠᠭᠤᠯᠤᠯᠲᠠ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠲᠥᠪ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠵᠠᠬᠢᠳᠠᠯ | ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ᠂ ᠠᠶᠤᠯᠬᠦᠢ ᠦᠢᠯᠡᠳᠪᠦᠷᠢᠯᠡᠯ ᠵᠡᠷᠭᠡ ᠡᠯ᠎ᠡ ᠵᠦᠢᠯ ᠤᠨ ᠠᠵᠢᠯ ᠢ | ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ | ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠪᠠ᠃ | ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠤᠳᠤᠷᠢᠳᠤᠯᠭ᠎ᠠ ᠵᠢᠴᠢ ᠡᠯ᠎ᠡ | ᠬᠦᠷᠢᠶᠡᠯᠡᠩ ᠲᠣᠭᠤᠷᠢᠭ᠂ ᠡᠯ᠎ᠡ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠬᠤᠷᠠᠯ ᠳᠤ ᠤᠷᠤᠯᠴᠠᠪᠠ᠃ | | | | |