ᠬᠤᠰᠢᠭᠤ ᠠᠷᠠᠳ ᠤᠨ ᠵᠠᠰᠠᠭ ᠤᠨ ᠣᠷᠳᠣᠨ ᠤ 2022 ᠣᠨ ᠤ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/4/29
       4 ᠳ᠋ᠣᠭᠡᠷ ᠰᠠᠷ᠎ᠠ ᠶᠢᠨ 28᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠡᠤ ᠶᠦᠨ ᠬᠤᠰᠢᠭᠤ ᠠᠷᠠᠳ ᠤᠨ ᠵᠠᠰᠠᠭ ᠤᠨ ᠣᠷᠳᠣᠨ ᠤ 2022 ᠣᠨ ᠤ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ︽ᠪᠥᠬᠦ ᠬᠤᠰᠢᠭᠤᠨ ᠤ ᠬᠤᠲᠠ ᠪᠠᠯᠭᠠᠰᠤᠨ ᠤ ᠲᠥᠪᠯᠡᠷᠡᠭᠦᠯᠦᠨ ᠤᠰᠤ ᠬᠠᠩᠭᠠᠬᠤ ᠪᠠ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠤᠨ ᠰᠢᠢᠳᠪᠦᠷᠢᠯᠡᠬᠦ ᠵᠢᠴᠢ ᠠᠰᠢᠭᠯᠠᠬᠤ ᠶᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠤᠨ ᠲᠥᠰᠦᠯ︾᠎ ᠳᠤ ᠲᠠᠶᠢᠯᠤᠮᠵᠢ ᠬᠢᠪᠠ᠃ ᠪᠥᠬᠦ ᠬᠤᠲᠠ ᠶᠢᠨ ᠬᠤᠲᠠ ᠪᠠᠯᠭᠠᠰᠤᠨ ᠤ ᠲᠥᠪᠯᠡᠷᠡᠭᠦᠯᠦᠨ ᠤᠰᠤ ᠬᠠᠩᠭᠠᠬᠤ ᠪᠠ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠤᠨ ᠰᠢᠢᠳᠪᠦᠷᠢᠯᠡᠬᠦ ᠵᠢᠴᠢ ᠠᠰᠢᠭᠯᠠᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠳᠡᠭᠡᠭᠰᠢᠯᠡᠭᠦᠯᠬᠦ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠷᠢᠨ ᠪᠠᠶᠢᠷᠢᠯᠠᠭᠤᠯᠵᠤ᠂ ᠳᠠᠷᠤᠶ ᠲᠦᠷᠭᠡᠨ ᠬᠥᠳᠡᠯᠦᠯᠴᠡᠵᠦ᠂ ᠠᠰᠠᠭᠤᠳᠠᠯ ᠢ ᠵᠢᠭᠰᠠᠭᠠᠨ ᠪᠠᠶᠢᠴᠠᠭᠠᠬᠤ ᠶᠢ ᠭᠦᠨᠵᠡᠭᠡᠶ ᠥᠷᠨᠢᠭᠦᠯᠵᠦ᠂ ᠠᠰᠠᠭᠤᠳᠠᠯ ᠤᠨ ᠨᠠᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ᠂ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠶᠢ ᠪᠠᠶᠢᠭᠤᠯᠤᠨ ᠪᠦᠷᠢᠨᠰᠢᠬᠦᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠰᠠᠭᠤᠳᠠᠯ ᠢ ᠪᠠᠶᠢᠴᠠᠭᠠᠨ ᠳᠣᠲᠣᠯᠠᠬᠤ ᠥᠬᠡᠶ ᠪᠣᠯ ᠲᠠᠯᠪᠢᠬᠤ ᠥᠬᠡᠶ᠂ ᠴᠡᠭᠴᠡᠯᠡᠨ ᠰᠠᠶᠢᠵᠢᠷᠠᠭᠤᠯᠬᠤ ᠥᠬᠡᠶ ᠪᠣᠯ ᠲᠠᠯᠪᠢᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ︽ᠡᠵᠡᠨ ᠬᠤᠷᠤᠭ᠎ᠠ ᠬᠤᠰᠢᠭᠤᠨ ᠤ ᠤᠰᠤᠨ ᠤ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠲᠣᠪᠤᠶᠢᠮ᠎ᠠ ᠠᠰᠠᠭᠤᠳᠠᠯ ᠳᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠥᠰᠦᠯ︾᠎ ᠳᠤ ᠲᠠᠶᠢᠯᠤᠮᠵᠢ ᠬᠢᠪᠠ᠃ ᠬᠠᠤᠯᠢ ᠴᠠᠭᠠᠵᠠ ᠲᠦᠷᠢᠮ ᠲᠣᠭᠲᠠᠭᠠᠯ ᠠᠴᠠ ᠵᠥᠷᠢᠴᠡᠵᠦ ᠤᠰᠤ ᠬᠡᠷᠡᠭᠯᠡᠬᠦ᠂ ᠭᠤᠤᠯ ᠮᠥᠷᠡᠨ ᠨᠠᠭᠤᠷ ᠴᠥᠭᠦᠷᠥᠮ ᠢ ᠵᠠᠰᠠᠬᠤ᠂ ᠤᠰᠤ ᠭᠠᠩ ᠤᠨ ᠭᠠᠮᠰᠢᠭ ᠢ ᠰᠡᠷᠭᠡᠶᠢᠯᠡᠬᠦ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠵᠡᠷᠭᠡ ᠭᠤᠤᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠪᠥᠬᠦ ᠲᠠᠯ᠎ᠠ ᠪᠠᠷ ᠦᠨᠳᠦᠰᠦᠨ ᠠᠴᠠ ᠨᠢ ᠰᠢᠢᠳᠪᠦᠷᠢᠯᠡᠵᠦ᠂ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠨᠡᠶᠢᠲᠡᠯᠢᠭ ᠬᠡᠷᠡᠭ ᠤᠨ ᠵᠢᠱᠢᠶ᠎ᠡ ᠠᠴᠠ ᠭᠦᠨᠵᠡᠭᠡᠶ ᠰᠤᠷᠭᠠᠮᠵᠢ ᠠᠪᠴᠤ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠨ ᠠᠬᠢᠭᠤᠯᠵᠤ᠂ ᠨᠢᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠨᠢᠭᠡ ᠲᠦᠷᠢᠮ ᠢ ᠲᠡᠭᠦᠯᠳᠡᠷᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ ᠎ ᠶᠢᠨ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠠᠭᠤᠷᠬᠠᠶ ᠮᠠᠯᠲᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ ᠲᠣᠪᠤᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ︽ᠰᠢᠮᠳᠠᠭᠤᠯᠤᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ︾᠎ ᠶᠢ ᠪᠡᠶᠡᠯᠡᠭᠦᠯᠵᠦ᠂ ᠬᠦᠴᠢᠷ ᠠᠰᠠᠭᠤᠳᠠᠯ ᠳᠤ ᠬᠦᠴᠦ ᠪᠠᠨ ᠬᠠᠮᠳᠤᠳᠬᠠᠨ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠬᠤᠰᠢᠭᠤᠨ ᠤ ᠭᠠᠵᠠᠷ ᠰᠢᠷᠣᠶ ᠶᠢᠨ ᠬᠠᠤᠯᠢ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠠᠬᠢᠴᠠ ᠪᠠᠨ ᠲᠦᠷᠭᠡᠳᠬᠡᠵᠦ᠂ ᠠᠵᠢᠯ ᠤᠨ ᠲᠤᠰᠬᠠᠶ ᠠᠩᠭᠢ ᠶᠢ ᠦᠳᠲᠡᠷ ᠲᠦᠷᠭᠡᠨ ᠪᠠᠶᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ︽ᠰᠢᠨ᠎ᠡ ᠴᠠᠭ ᠦᠶ᠎ᠡ ᠶᠢᠨ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠶ ᠡᠵᠡᠨ ᠬᠤᠷᠤᠭ᠎ᠠ ᠬᠤᠰᠢᠭᠤᠨ ᠤ ᠬᠡᠷᠡᠭᠵᠢᠭᠦᠯᠬᠦ ᠰᠠᠨᠠᠯ︾᠂ ︽ᠡᠵᠡᠨ ᠬᠤᠷᠤᠭ᠎ᠠ ᠬᠤᠰᠢᠭᠤᠨ ᠤ ᠮᠥᠩᠭᠦᠨ ᠭᠦᠢᠯᠭᠡᠭᠡᠨ ᠢᠶᠠᠷ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠭᠤᠷᠪᠠᠨ ᠵᠢᠯ ᠤᠨ ᠠᠵᠢᠯᠯᠠᠭᠠᠨ ᠤ ᠲᠥᠰᠦᠯ ︵2022-2024︶︾᠎ ᠢ ᠬᠢᠨᠠᠨ ᠪᠠᠲᠤᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号