| ᠡᠵᠡᠨ ᠵᠠᠰᠠᠭ ᠲᠠᠷᠬᠠᠭᠠᠭᠰᠠᠨ〔2022〕14 ᠳ᠋ᠣᠭᠡᠷ ᠲᠣᠭᠠᠲᠤ | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠰᠢᠭᠤᠳ ᠬᠠᠷᠢᠶ᠎ᠠ ᠨᠢᠭᠡᠴᠢ᠂ ᠡᠯ᠎ᠡ ᠬᠦᠷᠢᠶᠡᠯᠡᠩ ᠲᠣᠭᠤᠷᠢᠭ ︵ᠰᠠᠭᠤᠷᠢᠨ ᠭᠠᠵᠠᠷ︶ ᠤᠨ | ᠬᠠᠮᠢᠶᠠᠷᠤᠯᠲᠠ ᠶᠢᠨ ᠵᠥᠪᠯᠡᠯ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠄ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠠᠤᠯᠢ ᠶᠣᠰᠣᠭᠠᠷ ᠬᠠᠤᠯᠢ | ᠬᠡᠷᠡᠭᠵᠢᠭᠦᠯᠬᠦ ᠶᠢ ᠵᠢᠷᠤᠮᠵᠢᠭᠤᠯᠬᠤ᠂ ᠪᠠᠲᠤᠯᠠᠬᠤ ᠪᠠ ᠬᠢᠨᠠᠯᠲᠠ ᠲᠠᠯᠪᠢᠬᠤ ᠶᠢᠨ ᠲᠥᠯᠥᠭᠡ᠂ ᠠᠷᠠᠳ ᠢᠷᠭᠡᠨ᠂ | ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ | ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠳᠦᠷᠢᠮ︾ ᠤᠨ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠬᠤᠰᠢᠭᠤᠨ ᠲᠣᠰ ᠱᠠᠲᠤᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠵᠢᠴᠢ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ ᠶᠢᠨ ᠪᠣᠳᠠᠲᠠᠢ ᠲᠠᠢ ᠤᠶᠠᠯᠳᠤᠭᠤᠯᠤᠨ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠵᠤ ᠨᠤᠲᠠᠯᠠᠭᠤᠯᠤᠭᠠᠳ᠂ ᠳᠣᠣᠷᠠᠬᠢ 5 | ᠵᠠᠰᠠᠭ ᠵᠠᠬᠢᠷᠭᠠᠨ ᠤ ᠪᠠᠶᠢᠭᠤᠯᠭ᠎ᠠ᠂ ᠬᠠᠤᠯᠢ ᠬᠡᠷᠡᠭᠵᠢᠭᠦᠯᠬᠦ ᠵᠣᠬᠢᠶᠠᠨ ᠪᠠᠶᠢᠭᠤᠯᠤᠯᠲᠠ ᠨᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠲᠠᠢ᠂ ᠡᠳᠦᠭᠡ ᠨᠡᠶᠢᠲᠡᠯᠡᠨ᠎ᠡ᠃ | ᠨᠢᠭᠡ᠂ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ︵5︶ | 1᠂ ᠡᠵᠡᠨ ᠬᠤᠷᠤᠭ᠎ᠠ ᠬᠤᠰᠢᠭᠤᠨ ᠤ ᠤᠯᠤᠰ ᠤᠨ ᠨᠢᠭᠤᠴᠠ ᠶᠢ ᠬᠠᠮᠠᠭᠠᠯᠠᠬᠤ ᠲᠣᠪᠴᠢᠶ᠎ᠠ | 2᠂ ᠡᠵᠡᠨ ᠬᠤᠷᠤᠭ᠎ᠠ ᠬᠤᠰᠢᠭᠤᠨ ᠤ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠤᠨ ᠲᠣᠪᠴᠢᠶ᠎ᠠ | 3᠂ ᠡᠵᠡᠨ ᠬᠤᠷᠤᠭ᠎ᠠ ᠬᠤᠰᠢᠭᠤᠨ ᠤ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ | 4᠂ ᠡᠵᠡᠨ ᠬᠤᠷᠤᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ | 5᠂ ᠡᠵᠡᠨ ᠬᠤᠷᠤᠭ᠎ᠠ ᠬᠤᠰᠢᠭᠤᠨ ᠤ ᠪᠦᠯᠢᠶᠡᠨ ᠠᠭᠤᠷᠬᠠᠢ ᠶᠢᠨ ᠣᠷᠣᠨ ᠤ ᠭᠠᠯ ᠤᠨᠲᠠᠷᠠᠭᠠᠬᠤ ᠠᠪᠤᠷᠠᠨ | ᠲᠤᠰᠠᠯᠠᠬᠤ ᠶᠡᠭᠡ ᠠᠩᠭᠢ | ᠬᠤᠶᠠᠷ᠂ ᠬᠤᠯᠪᠣᠭᠳᠠᠯ ᠪᠦᠬᠦᠢ ᠱᠠᠭᠠᠷᠳᠠᠯᠭ᠎ᠠ | ︵ᠨᠢᠭᠡ︶ ᠬᠤᠰᠢᠭᠤᠨ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠨᠢ | ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠤᠨ ᠬᠡᠪᠴᠢᠶᠡᠨ ᠳᠤ ᠬᠠᠤᠯᠢ ᠬᠡᠷᠡᠭᠵᠢᠭᠦᠯᠬᠦ ᠡᠭᠦᠷᠭᠡ | ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠦᠨᠡᠨ ᠬᠦ ᠴᠢᠩᠭ᠎ᠠ᠂ ᠵᠢᠷᠤᠮᠵᠢᠭᠤᠨ᠂ ᠲᠥᠪ ᠭᠤᠥᠯᠴᠢ᠂ | ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠡᠶᠡᠯᠡᠭᠦᠯᠵᠦ᠂ ᠣᠯᠠᠨ ᠨᠡᠶᠢᠲᠡ ᠶᠢᠨ ᠠᠰᠢᠭ ᠲᠤᠰᠠ ᠪᠠ ᠠᠷᠠᠳ ᠢᠷᠭᠡᠨ | ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ | ᠶᠣᠰᠣᠭᠠᠷ ᠬᠠᠮᠠᠭᠠᠯᠠᠨ᠎ᠠ᠃ | ︵ᠬᠤᠶᠠᠷ︶ ᠨᠠᠶᠢᠳᠠᠵᠤ ᠬᠠᠤᠯᠢ ᠬᠡᠷᠡᠭᠵᠢᠬᠦᠯᠪᠡᠯ᠂ ᠬᠠᠤᠯᠢ ᠶᠣᠰᠣᠭᠠᠷ ᠪᠢᠴᠢᠭ ᠤᠨ ᠬᠡᠯᠪᠡᠷᠢ ᠶᠢᠨ | ᠨᠠᠶᠢᠳᠠᠯᠭ᠎ᠠ ᠶᠢᠨ ᠬᠡᠯᠡᠯᠴᠡᠭᠡᠷ ᠲᠣᠭᠲᠠᠭᠠᠵᠤ᠂ ᠲᠤᠰ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠲᠤ ᠳᠠᠩᠰᠠᠯᠠᠭᠤᠯᠬᠤ ᠶᠢᠨ ᠬᠠᠮᠲᠤ ᠨᠠᠶᠢᠳᠠᠯᠭ᠎ᠠ ᠬᠦᠯᠢᠶᠡᠭᠰᠡᠨ ᠪᠡᠶᠡᠴᠢ ᠴᠣᠭᠴᠠ ᠪᠠ ᠨᠠᠶᠢᠳᠠᠭᠰᠠᠨ ᠵᠠᠰᠠᠭ | ᠵᠠᠬᠢᠷᠭᠠᠨ ᠤ ᠡᠷᠬᠡ ᠲᠤᠰᠢᠶᠠᠯ ᠤᠨ ᠠᠭᠤᠯᠭ᠎ᠠ ᠶᠢ ᠨᠡᠶᠢᠭᠡᠮ ᠳᠤ ᠵᠠᠷᠯᠠᠨ ᠨᠡᠶᠢᠳᠡᠯᠡᠨ᠎ᠡ᠃ ᠬᠤᠰᠢᠭᠤᠨ ᠱᠠᠲᠤᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠨᠢ ᠲᠡᠭᠦᠨ ᠤ ᠬᠠᠷᠢᠶᠠᠯᠠᠭᠳᠠᠬᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠲᠠᠢ ᠰᠢᠭᠤᠳ ᠬᠠᠷᠢᠶ᠎ᠠ ᠪᠠᠶᠢᠭᠤᠯᠤᠮᠵᠢ᠂ ᠲᠣᠮᠢᠯᠠᠭᠰᠠᠨ | ᠪᠠᠶᠢᠭᠤᠯᠤᠮᠵᠢ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ | ᠵᠡᠷᠭᠡ ᠶᠢ ᠥᠪᠡᠰᠦᠪᠡᠨ ᠨᠡᠶᠢᠭᠡᠮ ᠳᠤ ᠨᠡᠶᠢᠲᠡᠯᠡᠨ᠎ᠡ᠃ | ︵ᠭᠤᠷᠪᠠ︶ ᠬᠤᠶᠢᠰᠢᠳᠠ᠂ ᠬᠤᠰᠢᠭᠤᠨ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ | ᠴᠣᠭᠴᠠ ᠳᠤ ᠪᠠᠶᠢᠭᠤᠯᠬᠤ᠂ ᠰᠠᠯᠭᠠᠬᠤ᠂ ᠨᠡᠶᠢᠯᠡᠭᠦᠯᠬᠦ ᠵᠢᠴᠢ ᠭᠤᠣᠯ ᠴᠣᠭᠴᠠ ᠶᠢᠨ ᠬᠢᠷᠢ ᠬᠡᠮ ᠢ ᠬᠦᠴᠦᠨ ᠦᠭᠡᠢ | ᠪᠣᠯᠭᠠᠬᠤ ᠵᠡᠷᠭᠡ ᠪᠠᠶᠢᠳᠠᠯ ᠭᠠᠷᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠪᠠᠶᠢᠳᠠᠯ ᠳᠤ | ᠦᠨᠳᠦᠰᠦᠯᠡᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠨᠡᠶᠢᠲᠡᠯᠡᠬᠦ ᠪᠠ ᠬᠠᠮᠢᠶ᠎ᠠ ᠪᠦᠬᠦᠢ | ᠪᠢᠴᠢᠭ ᠮᠠᠲ᠋ᠧᠷᠢᠶᠠᠯ ᠢ ᠬᠦᠴᠦᠨ ᠲᠠᠢ ᠪᠣᠯᠤᠭᠰᠠᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ ᠬᠤᠰᠢᠭᠤᠨ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠨᠤᠲᠠᠯᠠᠭᠤᠯᠤᠭᠰᠠᠨ ᠤ ᠳᠠᠷᠠᠭ᠎ᠠ ᠨᠡᠶᠢᠭᠡᠮ ᠳᠤ ᠨᠡᠶᠢᠲᠡᠯᠡᠨ᠎ᠡ | ᠃ | | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2022 ᠣᠨ ᠤ 3 ᠳ᠋ᠣᠭᠠᠷ ᠰᠠᠷ᠎ᠠ ᠶᠢᠨ 22 ᠤᠨ ᠡᠳᠦᠷ | | | | | | | | | | |