ᠡᠵᠡᠨ ᠵᠠᠰᠠᠭ ᠠᠯᠪᠠᠨ ᠲᠠᠷᠬᠠᠭᠠᠭᠰᠠᠨ〔2022〕20 ᠳ᠋ᠤᠭᠠᠷ ᠲᠣᠭᠠᠲᠤ | | | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠬᠦᠷᠢᠶᠡᠯᠡᠩ ᠲᠣᠭᠤᠷᠢᠭ ︵ᠰᠠᠭᠤᠷᠢᠨ ᠭᠠᠵᠠᠷ︶ ᠤᠨ ᠬᠠᠮᠢᠶᠠᠷᠤᠯᠲᠠ ᠶᠢᠨ ᠵᠥᠪᠯᠡᠯ᠂ ᠡᠯ᠎ᠡ | ᠰᠢᠭᠤᠳ ᠬᠠᠷᠢᠶ᠎ᠠ ᠨᠢᠭᠡᠴᠢ᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠡᠵᠡᠨ ᠬᠤᠷᠤᠭ᠎ᠠ | ᠬᠤᠰᠢᠭᠤᠨ ᠤ 2022 ᠣᠨ ᠤ ᠭᠡᠨᠡᠳᠲᠡ ᠶᠢᠨ ᠴᠢᠨᠠᠷᠲᠠᠶ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ | ᠲᠥᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠪᠠ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃ | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2022 ᠣᠨ ᠤ 5 ᠳ᠋ᠤᠭᠠᠷ ᠰᠠᠷ᠎ᠠ ᠶᠢᠨ 12 ᠤᠨ ᠡᠳᠦᠷ | | | | | ᠡᠵᠡᠨ ᠬᠤᠷᠤᠭ᠎ᠠ ᠬᠤᠰᠢᠭᠤᠨ ᠤ 2022 ᠣᠨ ᠤ ᠭᠡᠨᠡᠳᠲᠡ ᠶᠢᠨ | ᠴᠢᠨᠠᠷᠲᠠᠶ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠲᠥᠰᠦᠯ | | ᠮᠠᠨ ᠤ ᠬᠤᠰᠢᠭᠤᠨ ᠤ 2022 ᠣᠨ ᠤ ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ | ᠰᠠᠶᠢᠲᠤᠷ ᠬᠢᠵᠦ᠂ ᠭᠠᠵᠠᠷ ᠰᠢᠨᠵᠢᠯᠡᠭᠡᠨ ᠤ ᠭᠠᠮᠰᠢᠭ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠬᠤ ᠶᠢᠨ ᠲᠥᠯᠥᠭᠡ᠂ ︽ᠭᠠᠵᠠᠷ ᠰᠢᠨᠵᠢᠯᠡᠬᠡᠨ ᠤ ᠭᠠᠮᠰᠢᠭ ᠢ ᠰᠡᠷᠬᠡᠶᠢᠯᠡᠨ ᠵᠠᠰᠠᠬᠤ ᠲᠦᠷᠢᠮ︾ ︵ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ 394 ᠳ᠋ᠣᠭᠡᠷ ᠲᠣᠭᠠᠲᠤ | ᠵᠠᠷᠯᠢᠭ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ ᠭᠠᠵᠠᠷ ᠰᠢᠨᠵᠢᠯᠡᠭᠡᠨ ᠤ | ᠭᠠᠮᠰᠢᠭ ᠢ ᠰᠡᠷᠭᠡᠶᠢᠯᠡᠨ ᠵᠠᠰᠠᠬᠤ ᠲᠥᠰᠦᠯ︾ ᠢ ᠦᠨᠳᠦᠰᠦᠯᠡᠨ᠂ ᠮᠠᠨ ᠤ ᠬᠤᠰᠢᠭᠤᠨ ᠤ ᠭᠠᠵᠠᠷ ᠰᠢᠨᠵᠢᠯᠡᠭᠡᠨ ᠤ ᠭᠠᠶ | ᠭᠠᠮᠰᠢᠭ ᠤᠨ ᠣᠳᠣᠬᠢ ᠪᠠᠶᠢᠳᠠᠯ ᠲᠠᠢ ᠤᠶᠠᠯᠳᠤᠭᠤᠯᠵᠤ᠂ ᠣᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃ | ᠨᠢᠭᠡ᠂ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠵᠠᠷᠴᠢᠮ ᠪᠠ ᠬᠠᠷᠠᠯᠲᠠ | ᠭᠠᠵᠠᠷ ᠰᠢᠨᠵᠢᠯᠡᠭᠡᠨ ᠤ ᠭᠠᠮᠰᠢᠭ ᠲᠤ ᠪᠠᠶᠢᠭᠠᠯᠢ ᠶᠢᠨ ᠡᠯᠧᠮᠧᠨ᠋ᠲ ᠪᠤᠶᠤ ᠬᠥᠮᠦᠨ ᠤ ᠠᠵᠢᠯᠯᠠᠭ᠎ᠠ ᠠᠴᠠ | ᠪᠣᠯᠤᠭᠰᠠᠨ ᠠᠭᠤᠯᠠ ᠨᠤᠷᠠᠯᠲᠠ᠂ ᠶᠡᠭᠦᠷᠡᠯᠲᠡ᠂ ᠰᠢᠪᠠᠷ ᠴᠢᠯᠠᠭᠤᠨ ᠤ ᠤᠷᠤᠰᠬᠠᠯ᠂ ᠭᠠᠵᠠᠷ ᠤᠨ ᠭᠠᠳᠠᠷᠭᠤ | ᠴᠥᠮᠥᠷᠡᠬᠦ᠂ ᠭᠠᠵᠠᠷ ᠤᠨ ᠠᠩ ᠴᠠᠪᠠ᠂ ᠭᠠᠵᠠᠷ ᠤᠨ ᠭᠠᠳᠠᠷᠭᠤ ᠴᠥᠮᠥᠷᠡᠬᠦ ᠵᠡᠷᠭᠡ ᠪᠠᠭᠲᠠᠨ᠎ᠠ᠃ ᠭᠠᠵᠠᠷ ᠰᠢᠨᠵᠢᠯᠡᠬᠡᠨ | ᠤ ᠭᠠᠮᠰᠢᠭ ᠢ ᠰᠡᠷᠭᠡᠶᠢᠯᠡᠨ ᠵᠠᠰᠠᠬᠤ ᠳᠤ ᠭᠤᠣᠯᠳᠠᠭᠤ ᠤᠷᠢᠳᠴᠢᠯᠠᠨ ᠰᠡᠷᠭᠡᠶᠢᠯᠡᠬᠦ ᠪᠠᠷ ᠭᠤᠤᠯᠯᠠᠵᠤ᠂ ᠵᠠᠶᠢᠯᠠᠬᠤ ᠪᠠ | ᠵᠠᠰᠠᠬᠤ ᠶᠢ ᠤᠶᠠᠯᠳᠤᠭᠤᠯᠬᠤ ᠵᠠᠷᠴᠢᠮ᠂ ᠬᠠᠷᠠᠯᠲᠠ ᠪᠣᠯ ᠬᠥᠮᠦᠨ ᠦᠬᠦᠵᠦ ᠰᠢᠷᠬᠠᠲᠤᠬᠤ ᠠᠴᠠ ᠵᠠᠶᠢᠯᠠᠰᠬᠢᠵᠦ᠂ | ᠠᠵᠤ ᠠᠬᠤᠢ ᠶᠢᠨ ᠬᠤᠬᠢᠷᠠᠯ ᠢ ᠪᠠᠭᠠᠰᠬᠠᠵᠤ᠂ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢᠨ | ᠠᠮᠵᠢᠯᠲᠠ ᠣᠯᠬᠤ ᠨᠣᠷᠮ᠎ᠠ ᠶᠢ ᠳᠡᠭᠡᠭᠰᠢᠯᠡᠭᠦᠯᠵᠦ᠂ ᠭᠠᠵᠠᠷ ᠰᠢᠨᠵᠢᠯᠡᠬᠡᠨ ᠤ ᠣᠷᠴᠢᠨ ᠲᠣᠭᠤᠷᠢᠨ ᠪᠠ ᠠᠵᠤ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠶᠠᠪᠤᠳᠠᠯ ᠪᠣᠯᠤᠨ᠎ᠠ᠃ | ᠬᠤᠶᠠᠷ᠂ ᠭᠠᠵᠠᠷ ᠰᠢᠨᠵᠢᠯᠡᠬᠡᠨ ᠤ ᠭᠠᠮᠰᠢᠭ ᠤᠨ ᠲᠥᠷᠥᠯ ᠬᠡᠯᠪᠡᠷᠢ ᠵᠢᠴᠢ ᠰᠡᠷᠭᠡᠶᠢᠯᠡᠨ ᠵᠠᠰᠠᠬᠤ ᠭᠤᠣᠯᠳᠠᠯᠭ᠎ᠠ | ᠶᠠᠭ ᠪᠦᠲᠦᠭᠡᠨ ᠪᠠᠶᠢᠭᠤᠯᠵᠤ ᠪᠠᠶᠢᠭ᠎ᠠ ᠵᠠᠰᠠᠮᠠᠯ ᠵᠠᠮ᠂ ᠲᠡᠮᠦᠷ ᠵᠠᠮ ᠤᠨ ᠬᠠᠵᠠᠭᠤ ᠶᠢᠨ ᠪᠡᠯ ᠵᠢᠴᠢ ᠵᠠᠳᠠᠭᠠᠶ | ᠨᠡᠭᠡᠭᠡᠨ ᠮᠠᠯᠲᠠᠬᠤ ᠠᠭᠤᠷᠬᠠᠶ ᠳᠤ ᠵᠣᠷᠢᠭᠤᠳᠠ ᠠᠵᠢᠯᠯᠠᠭ᠎ᠠ ᠠᠴᠠ ᠪᠣᠯᠵᠤ ᠨᠤᠷᠠᠬᠤ᠂ ᠪᠡᠯ ᠶᠡᠭᠦᠷᠡᠬᠦ ᠶᠠᠪᠤᠳᠠᠯ ᠢ | ᠤᠨᠴᠠᠭᠠᠶᠢᠯᠠᠨ ᠠᠩᠬᠠᠷᠤᠨ ᠰᠡᠷᠭᠡᠶᠢᠯᠡᠵᠦ᠂ ᠠᠵᠤ ᠠᠬᠤᠶ ᠶᠢᠨ ᠢᠨᠵᠧᠨᠧᠷᠢᠩ ᠤᠨ ᠠᠵᠢᠯᠯᠠᠭ᠎ᠠ ᠨᠢᠭᠲᠠᠷᠬᠠᠰᠠᠨ | ᠣᠷᠣᠨ᠂ ᠠᠭᠤᠷᠬᠠᠶ ᠶᠢᠨ ᠦᠢᠯᠡᠰ ᠤᠨ ᠠᠵᠢᠯᠯᠠᠭ᠎ᠠ ᠶᠢᠨ ᠭᠠᠵᠠᠷ᠂ ᠬᠤᠳᠳᠤᠭ ᠤᠨ ᠠᠵᠢᠯ ᠬᠢᠵᠦ ᠨᠡᠭᠡᠭᠡᠨ | ᠮᠠᠯᠲᠠᠬᠤ ᠠᠭᠤᠷᠬᠠᠶ ᠶᠢᠨ ᠣᠷᠣᠨ ᠳᠤ ᠴᠥᠮ ᠭᠠᠵᠠᠷ ᠳᠡᠭᠡᠷᠡᠬᠢ ᠬᠡᠯᠪᠡᠷᠢ ᠨᠢ ᠠᠮᠠᠷᠬᠠᠨ ᠬᠤᠪᠢᠷᠠᠬᠤ ᠶᠢ | ᠤᠨᠴᠠᠭᠠᠶᠢᠯᠠᠨ ᠠᠩᠬᠠᠷᠴᠤ᠂ ᠭᠠᠵᠠᠷ ᠳᠡᠭᠡᠷᠡᠬᠢ ᠴᠥᠮᠥᠷᠡᠬᠦ ᠭᠠᠵᠠᠷ ᠰᠢᠨᠵᠢᠯᠡᠬᠡᠨ ᠤ ᠭᠠᠮᠰᠢᠭ ᠢ ᠤᠨᠴᠠᠭᠠᠶᠢᠯᠠᠨ | ᠠᠩᠬᠠᠷᠤᠨ ᠰᠡᠷᠭᠡᠶᠢᠯᠡᠨ᠎ᠡ᠃ | ᠭᠤᠷᠪᠠ᠂ ᠭᠠᠵᠠᠷ ᠰᠢᠨᠵᠢᠯᠡᠬᠡᠨ ᠤ ᠭᠠᠮᠰᠢᠭ ᠢ ᠤᠷᠢᠳᠴᠢᠯᠡᠨ ᠲᠥᠰᠦᠭᠡᠯᠡᠬᠦ | ︵ᠨᠢᠭᠡ︶ ᠲᠤᠨᠳᠠᠰᠤᠨ ᠤ ᠬᠠᠨᠳᠤᠰᠢ ᠶᠢ ᠤᠷᠢᠳᠴᠢᠯᠡᠨ ᠲᠥᠰᠦᠭᠡᠯᠡᠬᠦ᠃ | 1᠂ ᠡᠪᠦᠯ ᠤᠨ ᠤᠯᠠᠷᠢᠯ ︵1 ᠊᠊᠊᠊ 2 ᠰᠠᠷ᠎ᠠ︶ ᠤᠨ ᠬᠤᠷ᠎ᠠ ᠲᠤᠨᠳᠠᠰᠤᠨ ᠤ ᠬᠡᠮᠵᠢᠶ᠎ᠡ ᠶᠢᠨ ᠬᠠᠨᠳᠤᠰᠢ᠄ | ᠪᠥᠬᠦ ᠬᠤᠰᠢᠭᠤᠨ ᠤ ᠬᠤᠷ᠎ᠠ ᠲᠤᠨᠳᠠᠰᠤᠨ ᠤ ᠬᠡᠮᠵᠢᠶ᠎ᠡ ᠪᠠᠷᠤᠭ 4.1 ᠊᠊᠊᠊ 4.9 ᠮᠢᠯᠢᠮᠧᠲᠷ ᠪᠠᠶᠢᠵᠤ᠂ ᠡᠩ ᠤᠨ | ᠵᠢᠯ ᠤᠨ ᠬᠢ ᠠᠴᠠ ᠵᠢᠭᠠᠬᠠᠨ ᠠᠷᠪᠢᠨ᠃ | 2᠂ ᠬᠠᠪᠤᠷ ᠤᠨ ᠤᠯᠠᠷᠢᠯ ︵3 ᠊᠊᠊᠊ 5 ᠰᠠᠷ᠎ᠠ︶ ᠤᠨ ᠬᠤᠷ᠎ᠠ ᠲᠤᠨᠳᠠᠰᠤᠨ ᠤ ᠬᠡᠮᠵᠢᠶ᠎ᠡ ᠶᠢᠨ ᠬᠠᠨᠳᠤᠰᠢ᠄ | ᠪᠦᠬᠦ ᠬᠤᠰᠢᠭᠤᠨ ᠤ ᠬᠤᠷ᠎ᠠ ᠲᠤᠨᠳᠠᠰᠤᠨ ᠤ ᠬᠡᠮᠵᠢᠶ᠎ᠡ ᠪᠠᠷᠤᠭ 43.5 ᠊᠊᠊᠊ 54.4 ᠮᠢᠯᠢᠮᠧᠲᠷ ᠪᠠᠶᠢᠵᠤ᠂ ᠡᠩ ᠤᠨ | ᠵᠢᠯ ᠤᠨ ᠬᠢ ᠠᠴᠠ ᠪᠠᠭ᠎ᠠ ᠰᠢᠭ᠋ ᠪᠠᠶᠢᠳᠠᠭ᠃ | 3᠂ ᠵᠣᠨ ᠤ ᠤᠯᠠᠷᠢᠯ ︵6 ᠊᠊᠊᠊ 8 ᠰᠠᠷ᠎ᠠ︶ ᠤᠨ ᠬᠤᠷ᠎ᠠ ᠲᠤᠨᠳᠠᠰᠤᠨ ᠤ ᠬᠡᠮᠵᠢᠶ᠎ᠡ ᠶᠢᠨ ᠬᠠᠨᠳᠤᠰᠢ᠄ ᠪᠥᠬᠦ | ᠬᠤᠰᠢᠭᠤᠨ ᠤ ᠬᠤᠷ᠎ᠠ ᠲᠤᠨᠳᠠᠰᠤᠨ ᠤ ᠬᠡᠮᠵᠢᠶ᠎ᠡ ᠪᠠᠷᠤᠭ 221.6 ~ 265.9 ᠮᠢᠯᠢᠮᠧᠲᠷ ᠪᠠᠶᠢᠵᠤ᠂ ᠡᠩ ᠤᠨ | ᠵᠢᠯ ᠤᠨ ᠬᠢ ᠠᠴᠠ ᠵᠢᠭᠠᠬᠠᠨ ᠠᠷᠪᠢᠨ ᠪᠠᠶᠢᠨ᠎ᠠ᠃ | ︵ᠬᠤᠶᠠᠷ︶ ᠭᠠᠵᠠᠷ ᠰᠢᠨᠵᠢᠯᠡᠬᠡᠨ ᠤ ᠭᠠᠮᠰᠢᠭ ᠢ ᠲᠥᠰᠦᠭᠡᠯᠡᠬᠦ᠃ | 1᠂ ᠮᠠᠨ ᠤ ᠬᠤᠰᠢᠭᠤᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠨᠥᠬᠦᠴᠡᠯ ᠪᠠ ᠭᠠᠵᠠᠷ | ᠰᠢᠨᠵᠢᠯᠡᠭᠡᠨ ᠤ ᠪᠦᠷᠢᠯᠳᠦᠯ ᠤᠨ ᠪᠣᠳᠠᠲᠤ ᠪᠠᠶᠢᠳᠠᠯ ᠢ ᠦᠨᠳᠦᠰᠦᠯᠡᠨ᠂ ᠴᠠᠭ ᠠᠭᠤᠷ ᠤᠨ ᠰᠠᠯᠠᠭ᠎ᠠ ᠮᠥᠴᠢᠷ ᠤᠨ | ᠬᠤᠷ᠎ᠠ ᠲᠤᠨᠳᠠᠰᠤ ᠪᠠᠭᠤᠬᠤ ᠬᠠᠨᠳᠤᠰᠢ ᠲᠠᠢ ᠤᠶᠠᠯᠳᠤᠭᠤᠯᠤᠨ ᠤᠷᠢᠳᠴᠢᠯᠠᠨ ᠲᠦᠰᠦᠬᠡᠯᠡᠨᠡ᠃ 2022 ᠣᠨ ᠤ | ᠬᠡᠰᠡᠭ ᠭᠠᠵᠠᠷ ᠣᠷᠣᠨ ᠤ ᠦᠶᠡᠷ ᠤᠨ ᠬᠤᠭᠤᠴᠠᠭᠠᠨ ᠳᠤ ᠬᠤᠷ᠎ᠠ ᠲᠤᠨᠳᠠᠰᠤ ᠲᠥᠪᠯᠡᠷᠡᠭᠰᠡᠨ ᠬᠤᠭᠤᠴᠠᠭ᠎ᠠ ᠪᠠ | ᠰᠢᠷᠦᠭᠦᠨ ᠪᠣᠷᠣᠭᠠᠨ ᠣᠷᠣᠨ᠎ᠠ᠂ ᠡᠯ᠎ᠡ ᠪᠠᠯᠭᠠᠰᠤ ᠵᠢᠴᠢ ᠡᠯ᠎ᠡ ᠭᠠᠴᠠᠭ᠎ᠠ ᠲᠣᠰᠬᠤᠨ ᠲᠤᠬᠠᠶ ᠶᠢᠨ ᠭᠠᠵᠠᠷ ᠤᠨ ᠴᠠᠭ | ᠠᠭᠤᠷ ᠤᠨ ᠤᠷᠢᠳᠴᠢᠯᠠᠭᠰᠠᠨ ᠮᠡᠳᠡᠭᠡ ᠶᠢ ᠨᠢᠭᠲᠠ ᠠᠩᠬᠠᠷᠴᠤ᠂ ᠭᠠᠵᠠᠷ ᠰᠢᠨᠵᠢᠯᠡᠬᠡᠨ ᠤ ᠭᠠᠮᠰᠢᠭ ᠢ ᠬᠢᠨᠠᠨ ᠬᠡᠮᠵᠢᠬᠦ | ᠪᠠ ᠰᠡᠷᠭᠡᠶᠢᠯᠡᠬᠦ ᠪᠠᠨ ᠴᠢᠩᠭᠠᠳᠬᠠᠨ᠎ᠡ᠃ | 2᠂ ᠭᠠᠵᠠᠷ ᠰᠢᠨᠵᠢᠯᠡᠬᠡᠨ ᠤ ᠭᠠᠮᠰᠢᠭ ᠤᠨ ᠭᠤᠣᠯ ᠡᠭᠦᠰᠬᠦ ᠬᠡᠰᠡᠭ᠂ ᠵᠢᠯ ᠤᠨ ᠲᠤᠨᠳᠠᠰᠤᠨ ᠤ ᠬᠡᠮᠵᠢᠶ᠎ᠡ | ᠬᠠᠮᠤᠭ ᠠᠷᠪᠢᠨ ᠳᠠᠭᠠᠨ 5 ᠳ᠋ᠣᠭᠠᠷ ᠰᠠᠷ᠎ᠠ ᠊᠊᠊᠊ 9 ᠳ᠋ᠣᠭᠡᠷ ᠰᠠᠷ᠎ᠠ ᠳᠤ ᠲᠥᠪᠯᠡᠷᠡᠵᠦ ᠪᠠᠶᠢᠨ᠎ᠠ᠃ ᠬᠤᠷ᠎ᠠ | ᠲᠤᠨᠳᠠᠰᠤᠨ ᠤ ᠬᠡᠮᠵᠢᠶ᠎ᠡ ᠵᠣᠬᠢᠬᠤ ᠬᠡᠮᠵᠢᠶᠡᠨ ᠳᠤ ᠬᠥᠷᠬᠦ ᠦᠶ᠎ᠡ ᠳᠤ ᠠᠮᠠᠷᠬᠠᠨ ᠥᠭᠢᠷᠡᠰᠢᠯ ᠤᠨ ᠦᠯᠡᠳᠡᠭᠳᠡᠯ ᠪᠡᠯ ᠤᠨ | ᠲᠤᠨᠤᠮᠠᠯ ᠰᠢᠷᠣᠶ᠂ ᠠᠭᠤᠷᠬᠠᠶ ᠶᠢᠨ ᠣᠷᠣᠨ ᠤ ᠰᠢᠪᠠᠷ ᠴᠢᠯᠠᠭᠤᠨ ᠤ ᠤᠷᠤᠰᠬᠠᠯ᠂ ᠶᠡᠭᠦᠷᠡᠯ᠂ ᠭᠠᠵᠠᠷ ᠤᠨ ᠭᠠᠳᠠᠷᠭᠤ | ᠴᠥᠮᠥᠷᠡᠬᠦ ᠵᠡᠷᠭᠡ ᠭᠠᠵᠠᠷ ᠰᠢᠨᠵᠢᠯᠡᠬᠡᠨ ᠭᠠᠮᠰᠢᠭ ᠢ ᠪᠣᠶ ᠪᠣᠯᠭᠠᠨ᠎ᠠ᠃ ᠨᠢᠭᠡᠨᠲᠡ ᠣᠯᠵᠤ ᠮᠡᠳᠡᠭᠰᠡᠨ ᠭᠠᠵᠠᠷ | ᠰᠢᠨᠵᠢᠯᠡᠬᠡᠨ ᠤ ᠭᠠᠮᠰᠢᠭ ᠤᠨ ᠳᠠᠯᠳᠠ ᠭᠡᠮ ᠤᠨ ᠴᠢᠭ ᠤᠨ ᠦᠷᠭᠦᠯᠵᠢᠯᠡᠨ ᠪᠣᠷᠣᠭᠠᠨ ᠤᠷᠤᠬᠤ ᠦᠶ᠎ᠡ ᠳᠤ ᠬᠢᠨᠠᠨ | ᠬᠡᠮᠵᠢᠬᠦ ᠪᠠᠨ ᠴᠢᠩᠭᠠᠳᠬᠠᠵᠤ᠂ ᠬᠡᠷᠪᠡ ᠬᠡᠪ ᠤᠨ ᠪᠤᠰᠤ ᠪᠠᠶᠢᠳᠠᠯ ᠭᠠᠷᠪᠠᠯ ᠳᠠᠷᠦ᠋ᠢᠬᠠᠨ ᠬᠦᠮᠦᠰ ᠢ ᠵᠣᠬᠢᠶᠠᠨ | ᠪᠠᠶᠢᠭᠤᠯᠤᠨ ᠵᠠᠶᠢᠯᠠᠭᠤᠯᠤᠨ᠎ᠠ᠃ | 3᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠠ ᠠᠵᠤ ᠦᠢᠯᠡᠳᠪᠦᠷᠢ᠂ ᠵᠠᠮ ᠬᠠᠷᠢᠯᠴᠠᠭ᠎ᠠ᠂ | ᠤᠰᠤᠨ ᠠᠰᠢᠭᠯᠠᠯᠲᠠ᠂ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠵᠡᠷᠭᠡ ᠵᠣᠷᠢᠭᠤᠳᠠ ᠪᠠᠷᠢᠯᠭ᠎ᠠ ᠶᠢᠨ ᠠᠵᠢᠯᠯᠠᠭ᠎ᠠ | ᠪᠣᠯ ᠭᠠᠵᠠᠷ ᠰᠢᠨᠵᠢᠯᠡᠭᠡᠨ ᠤ ᠭᠠᠢ ᠭᠠᠮᠰᠢᠭ ᠢ ᠡᠭᠦᠰᠭᠡᠬᠦ ᠴᠢᠬᠤᠯᠠ ᠡᠯᠧᠮᠧᠨ᠋ᠲ ᠮᠥᠨ᠃ ᠬᠤᠲᠠ ᠪᠠᠯᠭᠠᠰᠤᠨ ᠤ | ᠲᠥᠯᠥᠪᠵᠢᠭᠦᠯᠭᠡ ᠶᠢᠨ ᠲᠣᠭᠤᠷᠢᠭ ᠤᠨ ᠨᠠᠯᠠᠤ ᠬᠡᠷᠴᠢᠮᠡᠯ ᠬᠡᠰᠡᠭ᠂ ᠠᠭᠤᠷᠬᠠᠶ᠂ ᠴᠢᠯᠠᠭᠤ ᠭᠠᠷᠭᠠᠬᠤ ᠲᠠᠯᠠᠪᠠᠶ᠂ | ᠰᠢᠨ᠎ᠡ ᠪᠠᠷ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠵᠠᠰᠠᠮᠠᠯ ᠵᠠᠮ ᠤᠨ ᠬᠠᠵᠠᠭᠤ ᠬᠥᠲᠥᠯ᠂ ᠤᠰᠤᠨ ᠴᠥᠭᠦᠷᠥᠮ | ︵ᠴᠠᠬᠢᠯᠭᠠᠨ ᠥᠷᠲᠡᠭᠡ︶ ᠤᠨ ᠬᠠᠰᠢᠯᠭ᠎ᠠ ᠶᠢᠨ ᠮᠥᠷᠥ᠂ ᠦᠶᠡᠷ ᠪᠢᠯᠬᠠᠬᠤ ᠵᠠᠮ ᠵᠢᠴᠢ ᠤᠰᠤ ᠲᠠᠲᠠᠬᠤ ︵ | ᠤᠰᠤᠯᠠᠬᠤ︶ ᠰᠤᠪᠠᠭ ᠵᠡᠷᠭᠡ ᠨᠢ ᠨᠤᠷᠠᠵᠤ ᠶᠡᠭᠦᠷᠡᠬᠦ ᠪᠠᠶᠢᠳᠠᠯ ᠭᠠᠷᠴᠤ ᠮᠡᠳᠡᠬᠦ ᠭᠤᠣᠯ ᠬᠡᠰᠡᠭ ᠪᠣᠯᠬᠤᠷ ᠬᠢᠨᠠᠨ | ᠬᠡᠮᠵᠢᠵᠦ ᠰᠡᠷᠡᠮᠵᠢᠯᠡᠬᠦ ᠪᠠᠨ ᠴᠢᠩᠭᠠᠳᠬᠠᠵᠤ᠂ ᠢᠯᠠᠩᠭᠤᠶ᠎ᠠ ᠠᠭᠤᠯᠠᠷᠬᠠᠭ ᠣᠷᠣᠨ ᠤ ᠠᠭᠤᠯᠠ ᠶᠢ ᠬᠠᠪᠢᠳᠠᠵᠤ ᠪᠠᠯ | ᠬᠡᠷᠴᠢᠵᠦ ᠪᠠᠷᠢᠭᠰᠠᠨᠨ ᠭᠡᠷ ᠤᠨ ᠭᠠᠵᠠᠷ ᠤᠨ ᠶᠡᠭᠦᠷᠡᠬᠦ ᠠᠶᠤᠯ ᠢ ᠠᠩᠬᠠᠷᠤᠨ ᠰᠡᠷᠭᠡᠶᠢᠯᠡᠵᠦ᠂ ᠠᠭᠤᠯᠠ ᠶᠢ ᠬᠠᠪᠢᠳᠠᠵᠤ | ᠥᠨᠳᠥᠷ ᠨᠠᠯᠠᠤ ᠬᠡᠷᠴᠢᠵᠦ ᠭᠡᠷ ᠪᠠᠷᠢᠬᠤ ᠶᠠᠪᠤᠳᠠᠯ ᠢ ᠰᠢᠨ᠎ᠡ ᠪᠠᠷ ᠨᠡᠮᠡᠭᠳᠡᠭᠦᠯᠵᠦ ᠪᠣᠯᠬᠤ ᠦᠭᠡᠶ᠂ ᠰᠢᠨ᠎ᠡ ᠳᠠᠯᠳᠠ ᠭᠡᠮ | ᠭᠠᠷᠬᠤ ᠶᠢ ᠰᠡᠷᠭᠡᠶᠢᠯᠡᠨ᠎ᠡ᠃ | ᠡᠯ᠎ᠡ ᠪᠠᠯᠭᠠᠰᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ | ᠪᠡᠯᠡᠳᠬᠡᠯ ᠠᠵᠢᠯ ᠢ ᠰᠠᠶᠢᠲᠤᠷ ᠬᠢᠵᠦ᠂ ᠴᠠᠭ ᠲᠤᠬᠠᠶ ᠳᠤᠨᠢ ᠭᠤᠣᠯᠳᠠᠯᠭ᠎ᠠ ᠲᠠᠢ ᠰᠡᠷᠭᠡᠶᠢᠯᠡᠬᠦ ᠠᠵᠢᠯ ᠤᠨ ᠪᠠᠶᠢᠳᠠᠯ ᠳᠤ | ᠣᠷᠣᠵᠤ᠂ ᠦᠶᠡᠷ ᠤᠨ ᠬᠤᠭᠤᠴᠠᠭᠠᠨ ᠤ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠡᠯ᠎ᠡ ᠵᠦᠢᠯ ᠤᠨ | ᠳᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ | ᠥᠩᠭᠡᠷᠡᠭᠦᠯᠬᠦ ᠶᠢ ᠦᠨᠡᠨᠬᠦ ᠪᠠᠲᠤᠯᠠᠵᠤ᠂ ᠭᠠᠵᠠᠷ ᠰᠢᠨᠵᠢᠯᠡᠬᠡᠨ ᠤ ᠭᠠᠮᠰᠢᠭ ᠠᠴᠠ ᠪᠣᠯᠬᠤ ᠬᠤᠬᠢᠷᠠᠯ ᠢ ᠬᠠᠮᠤᠭ ᠤᠨ | ᠶᠡᠭᠡ ᠬᠡᠮᠵᠢᠶ᠎ᠡ ᠪᠠᠷ ᠪᠠᠭᠠᠰᠬᠠᠨ᠎ᠠ᠃ | ᠳᠥᠷᠪᠡ᠂ ᠭᠠᠵᠠᠷ ᠰᠢᠨᠵᠢᠯᠡᠬᠡᠨ ᠤ ᠭᠠᠮᠰᠢᠭ ᠢ ᠭᠤᠣᠯᠳᠠᠯᠭ᠎ᠠ ᠲᠠᠢ ᠰᠡᠷᠭᠡᠶᠢᠯᠡᠬᠦ ᠴᠠᠭ ᠬᠤᠭᠤᠴᠠᠭ᠎ᠠ | ᠮᠠᠨ ᠤ ᠬᠤᠰᠢᠭᠤᠨ ᠤ ᠭᠠᠵᠠᠷ ᠰᠢᠨᠵᠢᠯᠡᠭᠡᠨ ᠤ ᠭᠠᠮᠰᠢᠭ ᠢ ᠭᠤᠣᠯᠳᠠᠯᠭ᠎ᠠ ᠲᠠᠢ ᠰᠡᠷᠬᠡᠶᠢᠯᠡᠬᠦ ᠬᠤᠭᠤᠴᠠᠭ᠎ᠠ ᠪᠤᠯ | ᠦᠶᠡᠷ ᠤᠨ ᠬᠤᠭᠤᠴᠠᠭ᠎ᠠ ᠪᠤᠯᠤᠨ᠎ᠠ᠂ ᠲᠠᠷᠤᠢ 5 ᠳ᠋ᠣᠭᠠᠷ ᠰᠠᠷ᠎ᠠ ᠶᠢᠨ 1 ᠤ ᠡᠳᠦᠷ ᠠᠴᠠ 9 ᠳ᠋ᠣᠭᠡᠷ ᠰᠠᠷ᠎ᠠ ᠶᠢᠨ | 30 ᠤ ᠡᠳᠦᠷ ᠪᠣᠯᠲᠠᠯ᠎ᠠ᠃ ᠡᠯ᠎ᠡ ᠪᠠᠯᠭᠠᠰᠤ ᠵᠢᠴᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠡᠷᠬᠡᠪᠰᠢ ᠭᠠᠵᠠᠷ | ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠶᠢ ᠣᠨ ᠤ ᠭᠤᠤᠯᠳᠠᠯᠭ᠎ᠠ ᠲᠠᠢ ᠠᠵᠢᠯ ᠪᠣᠯᠭᠠᠵᠤ᠂ ᠤᠷᠢᠳᠴᠢᠯᠠᠨ | ᠲᠥᠰᠦᠪᠯᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠦᠶᠡᠷ ᠤᠨ ᠬᠤᠭᠤᠴᠠᠭᠠᠨ ᠤ ᠭᠠᠵᠠᠷ ᠰᠢᠨᠵᠢᠯᠡᠬᠡᠨ ᠤ | ᠭᠠᠮᠰᠢᠭ ᠢ ᠰᠡᠷᠭᠡᠶᠢᠯᠡᠨ ᠵᠠᠰᠠᠬᠤ ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠣᠷᠣᠨ | ᠬᠡᠪᠴᠢᠶ᠎ᠡ ᠪᠣᠯᠤᠨ ᠭᠤᠤᠯᠳᠠᠯᠭ᠎ᠠ ᠲᠠᠢ ᠴᠠᠭ ᠬᠤᠭᠤᠴᠠᠭᠠᠨ ᠤ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠬᠦ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠠᠵᠠᠷ ᠰᠢᠨᠵᠢᠯᠡᠬᠡᠨ ᠤ ᠭᠠᠮᠰᠢᠭ ᠠᠴᠠ ᠪᠣᠯᠤᠭᠰᠠᠨ ᠬᠥᠮᠦᠨ | ᠬᠠᠷ᠎ᠠ ᠶᠢᠨ ᠦᠬᠦᠯ ᠰᠢᠷᠬᠠᠲᠤᠯ ᠪᠣᠯᠤᠨ ᠠᠵᠤ ᠠᠬᠤᠶ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠨ᠎ᠠ᠃ | ᠲᠠᠪᠤ᠂ ᠴᠢᠬᠤᠯᠠ ᠰᠡᠷᠭᠡᠶᠢᠯᠡᠨ ᠵᠠᠰᠠᠬᠤ ᠣᠷᠣᠨ ᠬᠡᠪᠴᠢᠶ᠎ᠡ | ︵ᠨᠢᠭᠡ︶ ᠭᠠᠵᠠᠷ ᠰᠢᠨᠵᠢᠯᠡᠬᠡᠨ ᠤ ᠭᠠᠮᠰᠢᠭ ᠢ ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ ᠬᠡᠰᠡᠭ | 1᠂ ᠤᠯᠠᠭᠠᠨᠮᠥ᠋ᠷᠡᠨ ᠪᠠᠯᠭᠠᠰᠤ ᠶᠢᠨ ᠬᠢᠯᠢ ᠳᠣᠲᠣᠷᠠᠬᠢ ᠪᠣᠶ ᠪᠥᠬᠦᠶ ᠠᠭᠤᠷᠬᠠᠶ ᠮᠠᠯᠲᠠᠬᠤ ᠣᠷᠣᠨ ᠳᠤ᠂ | ᠨᠡᠭᠦᠷᠡᠰᠦ ᠮᠠᠯᠲᠠᠬᠤ ᠪᠠ ᠮᠠᠯᠲᠠᠵᠤ ᠬᠥᠨᠳᠡᠶᠢᠷᠡᠭᠦᠯᠦᠭᠰᠡᠨ ᠣᠷᠣᠨ ᠳᠤ ᠤᠰᠤ ᠲᠤᠨᠤᠭᠰᠠᠨ ᠠᠴᠠ ᠡᠷᠬᠢᠨ | ᠲᠣᠭᠤᠷᠢᠨ ᠤ ᠭᠠᠵᠠᠷ ᠤᠨ ᠭᠠᠳᠠᠷᠭᠤ ᠴᠥᠮᠥᠷᠡᠬᠦ ᠪᠠ ᠰᠠᠭᠤᠭᠳᠠᠬᠤ ᠪᠣᠯᠤᠮᠵᠢ ᠲᠠᠢ ᠪᠠᠶᠢᠵᠤ᠂ ᠤᠯᠠᠭᠠᠨᠮᠥ᠋ᠷᠡᠨ | ᠭᠤᠤᠯ ᠤᠨ ᠰᠠᠪᠠ ᠭᠠᠵᠠᠷ᠂ ᠪᠤᠬ᠎ᠠ ᠶᠢᠨ ᠭᠤᠤᠯ ᠤᠨ ᠰᠠᠪᠠ ᠭᠠᠵᠠᠷ ᠲᠤ ᠰᠢᠷᠦᠭᠦᠨ ᠪᠣᠷᠣᠭᠠᠨ ᠣᠷᠣᠪᠠᠯ ᠪᠡᠯ | ᠶᠡᠭᠦᠷᠡᠬᠦ᠂ ᠰᠢᠪᠠᠷ ᠴᠢᠯᠠᠭᠤᠨ ᠤ ᠤᠷᠤᠰᠬᠠᠯ ᠡᠭᠦᠰᠴᠦ᠂ ᠰᠠᠪᠠ ᠭᠠᠵᠠᠷ ᠤᠨ ᠳᠣᠲᠣᠷᠠᠬᠢ ᠨᠡᠭᠦᠷᠡᠰᠦᠨ ᠠᠭᠤᠷᠬᠠᠶ | ᠵᠢᠴᠢ ᠬᠡᠰᠡᠭ ᠬᠠᠶᠢᠷ ᠴᠢᠯᠠᠭᠤᠨ ᠮᠠᠲ᠋ᠧᠷᠢᠶᠠᠯ ᠤᠨ ᠦᠶ᠋ᠯᠡᠳᠪᠦᠷᠢ ᠶᠢᠨ ᠠᠮᠤᠷ ᠲᠦᠪᠰᠢᠨ ᠢ ᠰᠦᠷᠳᠡᠭᠦᠯᠵᠦ ᠮᠡᠳᠡᠨ᠎ᠡ᠃ | | 2᠂ ᠨᠠᠷᠢᠨ ᠲᠣᠬᠤᠶ ᠪᠠᠯᠭᠠᠰᠤ ᠶᠢᠨ ᠬᠢᠯᠢ ᠳᠣᠲᠣᠷᠠᠬᠢ ᠵᠢᠷᠦᠬᠡ ᠶᠢᠨ ᠭᠤᠤᠯ᠂ ᠨᠠᠷᠢᠨ ᠭᠤᠤ ᠳᠤ ᠰᠢᠷᠦᠭᠦᠨ | ᠪᠣᠷᠣᠭᠠᠨ ᠣᠷᠣᠪᠠᠯ ᠪᠡᠯ ᠶᠡᠭᠦᠷᠡᠵᠦ᠂ ᠰᠢᠪᠠᠷ ᠴᠢᠯᠠᠭᠤᠨ ᠤᠷᠤᠰᠬᠠᠯ ᠭᠠᠷᠴᠤ᠂ ᠣᠶᠢᠷ᠎ᠠ ᠬᠠᠪᠢ ᠶᠢᠨ ᠨᠡᠭᠦᠷᠡᠰᠦᠨ | ᠠᠭᠤᠷᠬᠠᠶ ᠶᠢᠨ ᠠᠮᠤᠷ ᠲᠦᠪᠰᠢᠨ ᠳᠤ ᠬᠥᠨᠥᠭᠡᠯ ᠤᠴᠠᠷᠠᠭᠤᠯᠵᠤ ᠮᠡᠳᠡᠨ᠎ᠡ᠃ | 3᠂ ᠮᠠᠨ ᠤ ᠬᠤᠰᠢᠭᠤᠨ ᠤ ᠵᠠᠳᠠᠭᠠᠶ ᠨᠡᠭᠦᠷᠡᠰᠦᠨ ᠠᠭᠤᠷᠬᠠᠶ ᠨᠡᠯᠢᠶᠡᠳ ᠣᠯᠠᠨ᠂ ᠬᠦᠷᠢᠶ᠎ᠡ ᠬᠡᠪᠴᠢᠶ᠎ᠡ | ᠥᠷᠭᠡᠨ ᠪᠠᠶᠢᠵᠤ᠂ ᠨᠡᠭᠦᠷᠡᠰᠦᠨ ᠠᠭᠤᠷᠬᠠᠶ ᠶᠢᠨ ᠰᠢᠷᠣᠶ ᠢᠯᠭᠠᠬᠤ ᠲᠠᠯᠠᠪᠠᠶ ᠶᠢᠨ ᠨᠡᠭᠦᠷᠡᠰᠦᠨ ᠴᠢᠯᠠᠭᠤᠨ ᠠᠭᠤᠯᠠ | ᠲᠣᠭᠲᠠᠭᠤᠨ ᠢᠶᠠᠨ ᠠᠯᠳᠠᠵᠤ ᠰᠢᠷᠣᠶ ᠴᠢᠯᠠᠭᠤ ᠶᠡᠭᠦᠷᠡᠬᠦ ᠪᠠ ᠴᠥᠮᠥᠷᠡᠬᠦ ᠠᠶᠤᠯ ᠣᠷᠣᠰᠢᠵᠤ ᠪᠠᠶᠢᠬᠤ ᠪᠣᠯᠬᠤᠷ | ᠴᠢᠬᠤᠯᠠ ᠶᠡᠭᠡ ᠢᠨᠵᠧᠨᠧᠷᠢᠩ ᠤᠨ ᠠᠳᠡᠯ ᠭᠠᠷᠴᠤ ᠮᠡᠳᠡᠨ᠎ᠡ᠃ | ︵ᠬᠤᠶᠠᠷ︶ ᠭᠠᠵᠠᠷ ᠰᠢᠨᠵᠢᠯᠡᠭᠡᠨ ᠤ ᠭᠠᠶ ᠭᠠᠮᠰᠢᠭ ᠢ ᠭᠤᠤᠯᠳᠠᠯᠭ᠎ᠠ ᠲᠠᠢ ᠰᠡᠷᠭᠡᠶᠢᠯᠡᠨ ᠵᠠᠰᠠᠬᠤ | ᠠᠭᠤᠷᠬᠠᠶ ᠶᠢᠨ ᠤᠷᠤᠨ | 1᠂ ᠠᠭᠤᠷᠬᠠᠢ ᠶᠢᠨ ᠭᠠᠵᠠᠷ ᠤᠨ ᠭᠠᠳᠠᠷᠭᠤ ᠴᠦᠮᠦᠷᠡᠯᠳᠡ ᠨᠢ ︵ᠳᠠᠭᠠᠯᠳᠤᠨ ᠡᠭᠦᠰᠦᠭᠰᠡᠨ ᠭᠠᠵᠠᠷ ᠤᠨ ᠠᠩ | ᠴᠠᠪᠠ︶ ᠬᠤᠳᠳᠤᠭ ᠮᠠᠯᠲᠠᠵᠤ ᠬᠥᠨᠳᠡᠶᠢᠷᠡᠭᠦᠯᠦᠭᠰᠡᠨ ᠣᠷᠣᠨ ᠳᠤ ᠲᠠᠷᠬᠠᠵᠤ᠂ ᠥᠷᠭᠡᠨ ᠤ ᠬᠡᠮᠵᠢᠶ᠎ᠡ ᠨᠢ ᠶᠡᠷᠦ ᠳᠡᠭᠡᠨ | 0 . 01 ᠊᠊᠊᠊1 . 5 ᠮᠧᠲᠷ᠂ ᠭᠦᠨ ᠤ ᠬᠡᠮᠵᠢᠶ᠎ᠡ ᠨᠢ 0 . 1 ᠊᠊᠊᠊1 . 5 ᠮᠧᠲᠷ ᠪᠠᠶᠢᠵᠤ᠂ ᠲᠡᠭᠰᠢ ᠭᠠᠵᠠᠷ | ᠣᠷᠣᠨ ᠤ ᠠᠩ ᠴᠠᠪᠠ ᠨᠢ ᠨᠡᠯᠢᠶᠡᠳ ᠢᠪᠴᠤᠤ᠂ ᠣᠯᠠᠩᠬᠢ ᠨᠢ 0 . 01 ᠊᠊᠊᠊ 0 . 1 ᠮᠧᠲᠷ ᠪᠠᠶᠢᠳᠠᠭ᠃ | 2᠂ ᠮᠠᠨ ᠤ ᠬᠤᠰᠢᠭᠤᠨ ᠤ ᠠᠭᠤᠷᠬᠠᠢ ᠶᠢᠨ ᠨᠤᠷᠠᠵᠤ ᠶᠡᠭᠦᠷᠡᠬᠦ ᠳᠠᠯᠳᠠ ᠭᠡᠮ ᠤᠨ ᠴᠡᠭ ᠨᠡᠶᠢᠲᠡ 1 ︵ᠪᠠᠭ᠎ᠠ | ᠬᠡᠯᠪᠡᠷᠢ ᠶᠢᠨ ᠨᠤᠷᠠᠯᠲᠠ︶ ᠪᠠᠶᠢᠵᠤ᠂ ᠨᠡᠭᠦᠷᠡᠰᠦᠨ ᠠᠭᠤᠷᠬᠠᠢ ᠶᠢᠨ ᠵᠠᠳᠠᠭᠠᠢ ᠮᠠᠯᠲᠠᠬᠤ ᠲᠠᠯᠠᠪᠠᠢ ᠶᠢᠨ ᠬᠠᠵᠠᠭᠤ | ᠬᠥᠲᠥᠯ ᠳᠡᠭᠡᠷ᠎ᠡ ᠪᠠᠶᠢᠷᠢᠯᠠᠵᠤ ᠪᠤᠢ᠃ ᠳᠠᠯᠳᠠ ᠭᠡᠮ ᠤᠨ ᠴᠢᠭ ᠨᠢ ᠥᠪᠥᠷ ᠮᠣᠩᠭᠤᠯ ᠤᠨ ᠲᠦᠩ ᠹᠦ᠋ ᠨᠡᠭᠦᠷᠡᠰᠦᠨ ᠤ | ᠬᠢᠵᠠᠭᠠᠷᠲᠤ ᠺᠣᠮᠫᠠᠨᠢ ᠶᠢᠨ ᠨᠡᠭᠦᠷᠡᠰᠦᠨ ᠠᠭᠤᠷᠬᠠᠶ ᠶᠢᠨ ᠵᠠᠳᠠᠭᠠᠶ ᠮᠠᠯᠲᠠᠬᠤ ᠲᠠᠯᠠᠪᠠᠶ ᠶᠢᠨ ᠵᠡᠭᠦᠨ ᠡᠮᠦᠨ᠎ᠡ | ᠥᠨᠴᠥᠭ ᠤᠨ ᠵᠠᠮ ᠤᠨ ᠵᠡᠭᠦᠨ ᠲᠠᠯ᠎ᠠ ᠳᠤ ᠪᠠᠶᠢᠵᠤ᠂ ᠠᠭᠤᠷᠬᠠᠶ ᠮᠠᠯᠲᠠᠵᠤ ᠭᠠᠷᠭᠠᠭᠰᠠᠨ ᠰᠢᠷᠣᠶ ᠪᠠᠷ ᠨᠤᠷᠠᠵᠤ | ᠶᠡᠭᠦᠷᠡᠬᠦ ᠳᠠᠯᠳᠠ ᠭᠡᠮ ᠭᠠᠷᠴᠤ᠂ ᠡᠬᠡ ᠴᠢᠯᠠᠭᠤᠯᠢᠭ ᠨᠢ ᠰᠢᠪᠠᠷ ᠴᠢᠯᠠᠭᠤᠯᠢᠭ᠂ ᠨᠠᠯᠠᠤ ᠶᠢᠨ ᠥᠨᠳᠥᠷ ᠨᠢ ᠪᠠᠷᠤᠭ 8 | ᠊᠊᠊᠊ 16 ᠮᠧᠲᠷ᠂ ᠨᠠᠯᠠᠤᠴᠠ ᠨᠢ ᠪᠠᠷᠤᠭ 80 ᠭᠷᠠᠳᠦ᠋ᠰ᠂ ᠨᠠᠯᠠᠤ ᠶᠢᠨ ᠴᠢᠭᠯᠡᠯ ᠨᠢ 36 ᠭᠷᠠᠳᠦ᠋ᠰ᠂ ᠣᠷᠣᠶ ᠶᠢᠨ | ᠬᠡᠰᠡᠭ ᠨᠢ 10 ᠊᠊᠊᠊ 20 ᠰᠠᠨᠲ᠋ᠢᠮᠧᠲᠷ ᠤᠨ ᠲᠠᠷᠢᠶᠠᠯᠠᠬᠤ ᠬᠥᠷᠥᠰᠥ ᠪᠠᠶᠢᠵᠤ᠂ ᠳᠤᠮᠳᠠᠬᠢ ᠳᠠᠪᠬᠤᠷᠭ᠎ᠠ ᠨᠢ ᠬᠡᠮᠬᠡᠷᠬᠡᠶ | ᠴᠢᠯᠠᠭᠤ ᠪᠠᠶᠢᠵᠤ᠂ ᠵᠤᠵᠠᠭᠠᠨ ᠨᠢ ᠪᠠᠷᠤᠭ 2 ᠮᠧᠲᠷ᠂ ᠳᠣᠣᠷ᠎ᠠ ᠬᠡᠰᠡᠭ ᠨᠢ ᠭᠦᠢᠬᠡᠨ ᠤᠯᠠᠭᠠᠨ ᠥᠩᠭᠡᠲᠡᠶ ᠬᠠᠶᠢᠷ | ᠴᠢᠯᠠᠭᠤᠯᠢᠭ ᠪᠠᠶᠢᠵᠤ᠂ ᠬᠡᠮᠬᠡᠷᠬᠡᠶ ᠬᠡᠯᠪᠡᠷᠢ ᠲᠠᠢ ᠪᠠᠶᠢᠳᠠᠭ᠃ ᠲᠣᠰ ᠳᠠᠯᠳᠠ ᠬᠡᠮ ᠨᠢ ᠭᠤᠤᠯᠳᠠᠭᠤ ᠠᠭᠤᠷᠬᠠᠶ ᠶᠢᠨ | ᠨᠠᠰᠢ ᠴᠠᠰᠢ ᠶᠠᠪᠤᠬᠤ ᠲᠡᠷᠭᠡ ᠪᠠ ᠶᠠᠪᠠᠭᠠᠨ ᠬᠥᠮᠦᠨ ᠢ ᠰᠦᠷᠳᠡᠭᠦᠯᠵᠦ᠂ ᠰᠢᠷᠦᠭᠦᠨ ᠪᠣᠷᠣᠭᠠᠨ ᠵᠡᠷᠭᠡ ᠭᠠᠵᠠᠷ | ᠰᠢᠨᠵᠢᠯᠡᠭᠡᠨ ᠤ ᠭᠠᠮᠰᠢᠭ ᠭᠠᠷᠴᠤ ᠮᠡᠳᠡᠨ᠎ᠡ᠃ | ᠵᠢᠷᠭᠤᠭ᠎ᠠ᠂ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠦᠵᠡᠯ ᠰᠠᠨᠠᠭᠠᠨ ᠤ ᠲᠠᠨᠢᠯᠲᠠ ᠪᠠᠨ ᠲᠡᠭᠡᠭᠰᠢᠯᠡᠬᠦᠯᠦᠨ᠎ᠡ᠃ ᠡᠯ᠎ᠡ ᠪᠠᠯᠭᠠᠰᠤ᠂ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ ᠶᠡᠷᠦᠩᠬᠡᠶ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠲᠤᠬᠠᠶ ᠠᠯᠢ ᠣᠯᠠᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ | ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠲᠡᠷᠢᠭᠦᠨ | ᠪᠠᠶᠢᠷᠢᠨ ᠳᠤ ᠲᠠᠯᠪᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ | ᠲᠡᠮᠡᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ | ᠵᠠᠰᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠠᠵᠠᠷ ᠰᠢᠨᠵᠢᠯᠡᠬᠡᠨ ᠤ ᠭᠠᠮᠰᠢᠭ ᠠᠴᠠ ᠪᠣᠯᠤᠭᠰᠠᠨ | ᠬᠥᠮᠦᠨ ᠬᠠᠷ᠎ᠠ ᠶᠢᠨ ᠦᠬᠦᠯ ᠰᠢᠷᠬᠠᠲᠤᠯ ᠪᠠ ᠡᠳ᠋ ᠬᠦᠷᠦᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠨ᠎ᠠ᠃ | ︵ᠬᠤᠶᠠᠷ︶ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ᠃ ︽ᠱᠠᠲᠤ ᠬᠤᠪᠢᠶᠠᠨ | ᠬᠠᠷᠢᠭᠤᠴᠠᠵᠤ᠂ ᠬᠠᠷᠢᠶ᠎ᠠ ᠣᠷᠣᠨ ᠳᠤᠨᠢ ᠬᠠᠮᠢᠶᠠᠷᠤᠭᠤᠯᠬᠤ︾ ᠶᠢ ᠪᠠᠷᠢᠮᠲᠠᠯᠠᠨ᠂ ︽ᠨᠠᠮ ᠤᠨ ᠬᠤᠷᠢᠶ᠎ᠠ | ᠤᠳᠤᠷᠢᠳᠴᠤ᠂ ᠵᠠᠰᠠᠭ ᠤᠨ ᠣᠷᠳᠣᠨ ᠭᠤᠣᠯᠯᠠᠨ ᠤᠳᠤᠷᠢᠳᠴᠤ᠂ ᠰᠠᠯᠠᠭ᠎ᠠ ᠮᠥᠴᠢᠷ ᠬᠠᠮᠵᠢᠯᠴᠠᠵᠤ᠂ ᠨᠡᠶᠢᠭᠡᠮ ᠤᠨ | ᠬᠢᠨ ᠤᠷᠤᠯᠴᠠᠵᠤ᠂ ᠬᠠᠤᠯᠢ ᠳᠦᠷᠢᠮ ᠤᠨ ᠪᠠᠲᠤᠯᠠᠭ᠎ᠠ︾ ᠪᠦᠬᠦᠢ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ | ᠵᠠᠰᠠᠬᠤ ᠠᠵᠢᠯ ᠤᠨ ᠰᠢᠨ᠎ᠡ ᠪᠠᠶᠢᠳᠠᠯ ᠢ ᠪᠠᠶᠢᠭᠤᠯᠤᠨ ᠪᠦᠷᠢᠨᠰᠢᠭᠦᠯᠵᠦ᠂ ᠱᠠᠲᠤ ᠬᠤᠪᠢᠶᠠᠨ ᠬᠠᠷᠢᠭᠤᠴᠠᠬᠤ ᠵᠠᠰᠠᠭ ᠤᠨ | ᠣᠷᠳᠣᠨ ᠤ ᠬᠠᠷᠢᠭᠤᠴᠠᠯᠭ᠎ᠠ ᠶᠢᠨ ᠲᠤᠭᠳᠠᠯᠴᠠᠭ᠎ᠠ ᠶᠢ ᠴᠢᠩᠭᠠᠷᠠᠭᠤᠯᠤᠨ᠂ ᠵᠠᠰᠠᠭ ᠤᠨ ᠣᠷᠳᠣᠨ ᠭᠤᠣᠯᠯᠠᠨ | ᠤᠳᠤᠷᠢᠳᠴᠤ᠂ ᠠᠵᠢᠯ ᠲᠥᠷᠥᠯ ᠬᠠᠮᠲᠤᠪᠠᠷ ᠵᠠᠰᠠᠵᠤ᠂ ᠪᠦᠬᠦ ᠠᠷᠠᠳ ᠢᠶᠠᠷ ᠢᠶᠠᠨ ᠤᠷᠤᠯᠴᠠᠬᠤ ᠰᠡᠷᠭᠡᠶᠢᠯᠡᠨ ᠵᠠᠰᠠᠬᠤ | ᠬᠠᠮᠢᠶᠠᠷᠤᠯᠲᠠ ᠶᠢᠨ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ︽ᠬᠡᠨ ᠪᠦᠲᠦᠭᠡᠨ ᠪᠠᠶᠢᠭᠤᠯᠪᠠᠯ | ᠬᠡᠨ ᠬᠠᠷᠢᠭᠤᠴᠠᠬᠤ᠂ ᠬᠡᠨ ᠡᠭᠦᠰᠭᠡᠭᠰᠡᠨ ᠪᠣᠯ ᠬᠡᠨ ᠵᠠᠰᠠᠬᠤ︾ ᠵᠠᠷᠴᠢᠮ ᠢ ᠴᠢᠩᠭ᠎ᠠ ᠵᠢᠷᠤᠮᠯᠠᠨ᠂ ᠭᠠᠮᠰᠢᠭ ᠢ | ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ︵ᠭᠤᠷᠪᠠ︶ ᠭᠤᠤᠯᠳᠠᠯᠭ᠎ᠠ ᠲᠠᠢ ᠰᠡᠷᠭᠡᠶᠢᠯᠡᠬᠦ ᠣᠷᠣᠨ ᠤ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠬᠦ | ᠠᠵᠢᠯ ᠢ ᠴᠢᠩᠭᠠᠳᠬᠠᠨ᠎ᠠ᠃ ᠭᠠᠵᠠᠷ ᠰᠢᠨᠵᠢᠯᠡᠬᠡᠨ ᠤ ᠭᠠᠮᠰᠢᠭ ᠢ ᠭᠤᠣᠯᠳᠠᠯᠭ᠎ᠠ ᠲᠠᠢ ᠰᠡᠷᠭᠡᠶᠢᠯᠡᠬᠦ ᠣᠷᠣᠨ ᠪᠦᠰᠡ | ᠵᠢᠴᠢ ᠨᠡᠭᠦᠷᠡᠰᠦᠨ ᠠᠭᠤᠷᠬᠠᠶ ᠶᠢᠨ ᠮᠠᠯᠲᠠᠬᠤ ᠣᠷᠣᠨ᠂ ᠰᠢᠷᠣᠶ ᠢᠯᠭᠠᠬᠤ ᠲᠠᠯᠠᠪᠠᠶ᠂ ᠨᠡᠭᠦᠷᠡᠰᠦᠨ ᠴᠢᠯᠠᠭᠤᠨ ᠤ | ᠲᠠᠯᠠᠪᠠᠶ ᠵᠡᠷᠭᠡ ᠳᠤ ᠭᠠᠵᠠᠷ ᠤᠨ ᠭᠠᠳᠠᠷᠭᠤ ᠴᠥᠮᠥᠷᠡᠬᠦ᠂ ᠨᠤᠷᠠᠬᠤ᠂ ᠪᠡᠯ ᠶᠡᠭᠦᠷᠡᠬᠦ᠂ ᠰᠢᠪᠠᠷ ᠴᠢᠯᠠᠭᠤᠨ ᠤᠷᠤᠰᠬᠠᠯ | ᠵᠡᠷᠭᠡ ᠭᠠᠵᠠᠷ ᠰᠢᠨᠵᠢᠯᠡᠬᠡᠨ ᠤ ᠭᠠᠮᠰᠢᠭ ᠢ ᠬᠢᠨᠠᠨ ᠬᠡᠮᠵᠢᠬᠦ ᠪᠠ ᠰᠡᠷᠭᠡᠶᠢᠯᠡᠬᠦ ᠪᠠᠨ ᠴᠢᠩᠭᠠᠳᠬᠠᠵᠤ᠂ ᠭᠠᠵᠠᠷ | ᠰᠢᠨᠵᠢᠯᠡᠬᠡᠨ ᠤ ᠭᠠᠮᠰᠢᠭ ᠤᠨ ᠳᠠᠯᠳᠠ ᠭᠡᠮ ᠤᠨ ᠴᠢᠭ ᠢ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠥᠷᠨᠢᠭᠦᠯᠵᠦ | ᠂ ᠭᠠᠵᠠᠷ ᠰᠢᠨᠵᠢᠯᠡᠬᠡᠨ ᠤ ᠭᠠᠮᠰᠢᠭ ᠤᠨ ᠦᠨᠳᠦᠰᠦᠨ ᠪᠠᠶᠢᠳᠠᠯ ᠪᠣᠯᠤᠨ ᠬᠥᠭᠵᠢᠯᠲᠡ ᠶᠢᠨ ᠪᠠᠶᠢᠳᠠᠯ ᠢ ᠪᠦᠬᠦ | ᠲᠠᠯ᠎ᠠ ᠪᠠᠷ ᠡᠵᠡᠮᠰᠢᠨ᠎ᠡ᠃ ᠬᠥᠨᠥᠭᠡᠯᠲᠦ ᠴᠢᠨᠠᠷ ᠵᠢᠴᠢ ᠠᠶᠤᠯᠲᠤ ᠴᠢᠨᠠᠷ ᠢᠶᠠᠷ ᠨᠡᠯᠢᠶᠡᠳ ᠶᠡᠭᠡ ᠴᠢᠬᠤᠯᠠ ᠭᠠᠵᠠᠷ | ᠰᠢᠨᠵᠢᠯᠡᠬᠡᠨ ᠤ ᠭᠠᠮᠰᠢᠭ ᠤᠨ ᠳᠠᠯᠳᠠ ᠭᠡᠮ ᠤᠨ ᠴᠢᠭ ᠢ ᠦᠶᠡᠷᠯᠡᠬᠦ ᠬᠤᠭᠤᠴᠠᠭ᠎ᠠ ᠠᠴᠠ ᠡᠮᠦᠨ᠎ᠡ ᠪᠠᠶᠢᠭ᠎ᠠ | ᠪᠠᠯᠭᠠᠰᠤ ᠠᠴᠠ ᠨᠢ ᠴᠢᠬᠤᠯᠠ ᠪᠦᠬᠦᠢ ᠰᠡᠷᠭᠡᠶᠢᠯᠡᠨ ᠵᠠᠰᠠᠬᠤ ᠪᠠᠷᠢᠯᠭ᠎ᠠ ᠶᠢ ᠪᠠᠶᠢᠷᠢᠯᠠᠭᠤᠯᠤᠨ ᠥᠷᠨᠢᠭᠦᠯᠵᠤ᠂ | ᠵᠢᠱᠢᠶᠡᠯᠡᠪᠡᠯ ᠤᠰᠤ ᠲᠠᠲᠠᠷᠠᠭᠤᠯᠬᠤ ᠪᠠᠷᠢᠯᠭ᠎ᠠ᠂ ᠨᠠᠯᠠᠤ ᠶᠢ ᠪᠠᠭᠠᠰᠬᠠᠬᠤ᠂ ᠪᠠᠬᠢᠯᠡᠬᠦ ᠪᠠᠷᠢᠯᠭ᠎ᠠ ᠵᠡᠷᠭᠡ ᠶᠢ ᠥᠷᠨᠢᠭᠦᠯᠵᠦ | ᠂ ᠭᠠᠵᠠᠷ ᠰᠢᠨᠵᠢᠯᠡᠬᠡᠨ ᠤ ᠭᠠᠮᠰᠢᠭ ᠡᠭᠦᠰᠬᠦ ᠪᠣᠯᠤᠮᠵᠢᠲᠤ ᠴᠢᠨᠠᠷ ᠪᠣᠯᠤᠨ ᠬᠥᠨᠥᠭᠡᠯᠲᠦ ᠴᠢᠨᠠᠷ ᠢ ᠪᠠᠭᠤᠷᠠᠭᠤᠯᠬᠤ ᠶᠢᠨ | ᠬᠠᠮᠲᠤ ᠠᠶᠤᠯ ᠦᠭᠡᠶ ᠶᠢᠨ ᠵᠠᠶᠢᠯᠠᠯᠲᠠ ᠶᠢᠨ ᠭᠠᠵᠠᠷ᠂ ᠵᠠᠶᠢᠯᠠᠬᠤ ᠵᠠᠮ ᠱᠤᠭᠤᠮ ᠵᠢᠴᠢ ᠪᠤᠰᠤᠳ ᠰᠡᠷᠭᠡᠶᠢᠯᠡᠬᠦ ᠠᠷᠭ᠎ᠠ | ᠬᠡᠮᠵᠢᠶ᠎ᠡ ᠶᠢ ᠤᠷᠢᠳᠴᠢᠯᠠᠨ ᠰᠠᠶᠢᠲᠤᠷ ᠰᠣᠩᠭᠤᠨ᠎ᠠ᠃ ᠲᠡᠮᠦᠷ ᠵᠠᠮ᠂ ᠵᠠᠰᠠᠮᠠᠯ ᠵᠠᠮ ᠳᠠᠭᠠᠤ᠂ ᠵᠢᠭᠤᠯᠴᠢᠯᠠᠯ ᠤᠨ | ᠣᠷᠣᠨ ︵ᠴᠢᠭ︶ ᠤ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠵᠤ᠂ ᠲᠡᠮᠦᠷ ᠵᠠᠮ᠂ ᠵᠠᠰᠠᠮᠠᠯ ᠵᠠᠮ ᠳᠠᠭᠠᠤ᠂ ᠵᠢᠭᠤᠯᠴᠢᠯᠠᠯ ᠤᠨ ᠣᠷᠣᠨ ︵ᠴᠢᠭ︶ ᠤ ᠭᠠᠵᠠᠷ | ᠰᠢᠨᠵᠢᠯᠡᠬᠡᠨ ᠤ ᠭᠠᠮᠰᠢᠭ ᠤᠨ ᠳᠠᠯᠳᠠ ᠭᠡᠮ ᠤᠨ ᠴᠢᠭ ᠢ ᠵᠢᠯ ᠪᠦᠷᠢ ᠶᠢᠨ ᠦᠶᠡᠷ ᠤᠨ ᠬᠤᠭᠤᠴᠠᠭᠠᠨ ᠳᠤ | ᠪᠠᠶᠢᠴᠠᠭᠠᠵᠤ᠂ ᠲᠦᠭᠰᠢᠭᠦᠷᠢᠲᠦ ᠪᠠᠶᠢᠳᠠᠯ ᠢ ᠣᠯᠵᠤ ᠮᠡᠳᠡᠪᠡᠯ᠂ ᠴᠠᠭ ᠲᠤᠬᠠᠶ ᠳᠤᠨᠢ ᠰᠡᠷᠭᠡᠶᠢᠯᠡᠬᠦ ᠠᠷᠭ᠎ᠠ ᠬᠡᠮᠵᠢᠶ᠎ᠡ | ᠠᠪᠴᠤ ᠬᠢᠨᠠᠨ ᠬᠡᠮᠵᠢᠬᠦ ᠪᠠ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠠᠵᠢᠯ ᠢ ᠰᠠᠶᠢᠲᠤᠷ ᠬᠢᠵᠦ᠂ ᠳᠠᠯᠳᠠ | ᠭᠡᠮ ᠲᠠᠢ ᠵᠠᠮ ᠤᠨ ᠬᠡᠰᠡᠭ ᠲᠤ ᠰᠡᠷᠡᠮᠵᠢᠯᠡᠭᠦᠯᠬᠦ ᠫᠠᠶᠢᠰᠠ ᠭᠠᠷᠭᠠᠵᠤ᠂ ᠨᠠᠰᠢ ᠴᠠᠰᠢ ᠶᠠᠪᠤᠬᠤ ᠲᠡᠷᠭᠡ ᠪᠣᠯᠤᠨ ᠶᠠᠪᠠᠭᠠᠨ | ᠬᠥᠮᠦᠨ ᠳᠤ ᠰᠠᠨᠠᠭᠤᠯᠤᠮᠵᠢ ᠦᠭᠬᠦᠨ᠎ᠡ᠃ | ︵ᠳᠥᠷᠪᠡ︶ ᠦᠶᠡᠷ ᠤᠨ ᠬᠤᠭᠤᠴᠠᠭᠠᠨ ᠤ ᠭᠠᠵᠠᠷ ᠰᠢᠨᠵᠢᠯᠡᠬᠡᠨ ᠤ ᠭᠠᠮᠰᠢᠭ ᠢ ᠪᠠᠶᠢᠴᠠᠭᠠᠬᠤ᠂ ᠲᠣᠭᠤᠷᠢᠨ | ᠪᠠᠶᠢᠴᠠᠭᠠᠬᠤ ᠠᠵᠢᠯ ᠢ ᠢᠳᠡᠪᠬᠢᠲᠡᠶ ᠥᠷᠨᠢᠭᠦᠯᠤᠨ᠎ᠠ᠃ ᠡᠯ᠎ᠡ ᠪᠠᠯᠭᠠᠰᠤ ᠬᠠᠷᠢᠶᠠᠳᠤ ᠤᠷᠤᠨ ᠤ ᠬᠠᠮᠢᠶᠠᠷᠤᠯᠳᠠ ᠶᠢᠨ | ᠵᠠᠷᠴᠢᠮ ᠢᠶᠠᠷ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ᠬᠦᠮᠦᠨ ᠵᠢᠴᠢ ᠮᠡᠷᠭᠡᠵᠢᠯ ᠤᠨ ᠬᠦᠴᠦᠨ ᠢ | ᠢᠳᠡᠪᠬᠢᠲᠡᠶ ᠪᠠᠷ ᠵᠣᠬᠢᠶᠠᠨ ᠪᠠᠶᠢᠭᠤᠯᠤᠨ ᠲᠤᠰ ᠬᠠᠷᠢᠶ᠎ᠠ ᠣᠷᠣᠨ ᠤ ᠪᠠᠨ ᠭᠠᠵᠠᠷ ᠰᠢᠨᠵᠢᠯᠡᠬᠡᠨ ᠤ ᠭᠠᠮᠰᠢᠭ ᠤᠨ | ᠳᠠᠯᠳᠠ ᠭᠡᠮ ᠤᠨ ᠴᠢᠭ ᠢ ᠪᠠᠶᠢᠴᠠᠭᠠᠬᠤ ᠠᠵᠢᠯ ᠢ ᠥᠷᠨᠢᠭᠦᠯᠤᠨ᠎ᠠ᠃ ᠭᠠᠵᠠᠷ ᠰᠢᠨᠵᠢᠯᠡᠬᠡᠨ ᠤ ᠭᠠᠮᠰᠢᠭ ᠤᠨ ᠲᠠᠯᠳᠠ | ᠭᠡᠮ ᠤᠨ ᠴᠢᠭ ᠤᠨ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ ᠭᠠᠵᠠᠷ ᠰᠢᠨᠵᠢᠯᠡᠬᠡᠨ ᠤ ᠭᠠᠮᠰᠢᠭ ᠤᠨ | ᠰᠡᠷᠡᠮᠵᠢ ᠶᠢᠨ ᠲᠡᠮᠳᠡᠭ ᠭᠠᠷᠭᠠᠵᠤ᠂ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ︽ᠲᠣᠳᠣᠷᠬᠠᠢ ᠺᠠᠷᠲ︾ | ᠢ ᠰᠦᠷᠳᠡᠭᠦᠯᠦᠯ ᠲᠤ ᠤᠴᠠᠷᠠᠭᠰᠠᠨ ᠬᠥᠮᠦᠰ ᠤᠨ ᠭᠠᠷ ᠲᠤ ᠲᠠᠷᠬᠠᠭᠠᠵᠤ᠂ ᠠᠷᠠᠳ ᠤᠯᠠᠨ ᠤ ᠭᠠᠵᠠᠷ ᠰᠢᠨᠵᠢᠯᠡᠬᠡᠨ | ᠤ ᠭᠠᠮᠰᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ ᠬᠢᠷᠢ ᠬᠡᠮᠵᠢᠶ᠎ᠡ᠂ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠦᠵᠡᠯ ᠤᠬᠠᠮᠰᠠᠷ ᠵᠢᠴᠢ ᠭᠠᠮᠰᠢᠭ ᠤᠨ ᠡᠮᠦᠨ᠎ᠡ ᠪᠠᠴᠢᠮ ᠪᠠᠶᠢᠳᠠᠯ ᠢ ᠠᠷᠭᠠᠴᠠᠬᠤ ᠪᠠ ᠥᠪᠡᠷ ᠢ ᠪᠠᠨ | ᠠᠪᠤᠷᠠᠵᠤ ᠬᠠᠷᠢᠯᠴᠠᠨ ᠬᠠᠪᠰᠤᠷᠤᠯᠴᠠᠬᠤ ᠴᠢᠳᠠᠪᠤᠷᠢ ᠶᠢ ᠲᠠᠰᠤᠷᠠᠯᠳᠠ ᠥᠭᠡᠢ ᠳᠡᠭᠡᠭᠰᠢᠯᠡᠭᠦᠯᠦᠨ᠎ᠡ᠃ | ︵ᠲᠠᠪᠤ︶ ᠭᠠᠵᠠᠷ ᠰᠢᠨᠵᠢᠯᠡᠬᠡᠨ ᠤ ᠭᠠᠮᠰᠢᠭ ᠢ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ | ᠲᠣᠣᠷ ᠰᠦᠯᠵᠢᠶᠡᠨ ᠤ ᠲᠤᠭᠳᠠᠯᠴᠠᠭ᠎ᠠ ᠶᠢ ᠪᠠᠶᠢᠭᠤᠯᠤᠨ ᠪᠦᠷᠢᠨᠰᠢᠭᠦᠯᠤᠨ᠎ᠠ᠃ ᠡᠯ᠎ᠡ ᠪᠠᠯᠭᠠᠰᠤ ᠭᠠᠵᠠᠷ ᠰᠢᠨᠵᠢᠯᠡᠬᠡᠨ ᠤ | ᠭᠠᠮᠰᠢᠭ ᠢ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠠᠵᠢᠯ ᠢ ᠨᠠᠷᠢᠨ ᠬᠢᠨᠠᠮᠠᠭᠠᠶ ᠵᠣᠬᠢᠶᠠᠨ | ᠪᠠᠶᠢᠭᠤᠯᠵᠤ᠂ ᠭᠠᠵᠠᠷ ᠰᠢᠨᠵᠢᠯᠡᠬᠡᠨ ᠤ ᠭᠠᠮᠰᠢᠭ ᠢ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ | ᠲᠣᠣᠷ ᠰᠦᠯᠵᠢᠶᠡᠨ ᠤ ᠲᠤᠭᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠭᠠᠮᠰᠢᠭ ᠤᠨ ᠳᠠᠯᠳᠠ ᠭᠡᠮ ᠤᠨ ᠴᠢᠭ | ᠨᠢᠭᠡᠪᠦᠷᠢ ᠳᠤ ᠪᠣᠳᠠᠲᠠᠶ ᠬᠢᠨᠠᠨ ᠬᠡᠮᠵᠢᠬᠦ ᠬᠠᠷᠢᠭᠤᠴᠠᠯᠭ᠎ᠠ ᠡᠭᠦᠷᠭᠡᠯᠡᠭᠴᠢ ᠵᠢᠴᠢ ᠬᠠᠷᠢᠭᠤᠴᠠᠯᠭᠠᠲᠠᠨ ᠢ | ᠲᠣᠳᠣᠷᠬᠠᠶᠢᠯᠠᠬᠤ ᠶᠢᠨ ᠬᠠᠮᠲᠤ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠴᠢᠮᠡᠭᠡ ᠨᠡᠪᠲᠡᠷᠡᠯᠭᠡ ᠶᠢᠨ | ᠲᠡᠮᠳᠡᠭᠯᠡᠯ ᠢ ᠪᠠᠶᠢᠭᠤᠯᠤᠨ᠎ᠠ᠃ ᠭᠠᠵᠠᠷ ᠰᠢᠨᠵᠢᠯᠡᠬᠡᠨ ᠤ ᠭᠠᠮᠰᠢᠭ ᠤᠨ ᠳᠠᠯᠳᠠ ᠭᠡᠮ ᠤᠨ ᠴᠢᠭ ᠤᠨ ᠭᠠᠮᠰᠢᠭ ᠢ | ᠰᠡᠷᠭᠡᠶᠢᠯᠡᠬᠦ ᠬᠠᠷᠢᠭᠤᠴᠠᠯᠭ᠎ᠠ ᠪᠣᠯᠤᠨ ᠬᠢᠨᠠᠨ ᠬᠡᠮᠵᠢᠬᠦ ᠬᠠᠷᠢᠭᠤᠴᠠᠯᠭ᠎ᠠ ᠶᠢ ᠪᠣᠳᠠᠲᠠᠶ ᠨᠢᠭᠡᠴᠡ ᠪᠣᠯᠤᠨ ᠠᠵᠢᠯᠲᠠᠨ ᠳᠤ | ᠬᠦᠷᠲᠡᠯ᠎ᠡ ᠨᠠᠶᠢᠳᠠᠪᠤᠷᠢᠵᠢᠭᠤᠯᠵᠤ᠂ ᠭᠠᠵᠠᠷ ᠰᠢᠨᠵᠢᠯᠡᠬᠡᠨ ᠤ ᠭᠠᠮᠰᠢᠭ ᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ | ᠰᠠᠶᠢᠲᠤᠷ ᠬᠢᠨ᠎ᠡ᠃ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠣᠷᠣᠨ ᠨᠤᠲᠤᠭ ᠤᠨ | ᠠᠮᠵᠢᠯᠲᠠ ᠪᠦᠲᠦᠮᠵᠢ ᠶᠢ ᠬᠢᠨᠠᠨ ᠰᠢᠯᠭᠠᠷᠠᠭᠤᠯᠤᠯᠳᠠ ᠶᠢᠨ ᠲᠤᠭᠳᠠᠯᠴᠠᠭ᠎ᠠ ᠳᠤ ᠣᠷᠣᠭᠤᠯᠵᠤ᠂ ᠡᠳ᠋ ᠤᠨ ᠵᠠᠰᠠᠭ ᠤᠨ | ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ | ︵ᠵᠢᠷᠭᠤᠭ᠎ᠠ︶ ᠭᠠᠵᠠᠷ ᠰᠢᠨᠵᠢᠯᠡᠬᠡᠨ ᠤ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ | ᠴᠢᠩᠭᠠᠳᠬᠠᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠎ᠡ᠃ ᠪᠠᠶᠢᠭᠠᠯᠢ ᠶᠢᠨ ᠡᠬᠢ | ᠪᠠᠶᠠᠯᠢᠭ ᠤᠨ ᠰᠠᠯᠠᠭ᠎ᠠ ᠮᠥᠴᠢᠷ ᠴᠠᠭ ᠠᠭᠤᠷ ᠤᠨ ᠰᠠᠯᠠᠭ᠎ᠠ ᠮᠥᠴᠢᠷ ᠲᠠᠢ ᠬᠠᠮᠲᠤᠷᠠᠨ᠂ ᠭᠠᠵᠠᠷ ᠰᠢᠨᠵᠢᠯᠡᠬᠡᠨ ᠤ | ᠭᠠᠮᠰᠢᠭ ᠤᠨ ᠴᠠᠭ ᠠᠭᠤᠷ ᠤᠨ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠠᠵᠢᠯ ᠢ ᠢᠳᠡᠪᠬᠢᠲᠡᠶ ᠥᠷᠨᠢᠭᠦᠯᠵᠦ᠂ | ᠭᠠᠵᠠᠷ ᠰᠢᠨᠵᠢᠯᠡᠬᠡᠨ ᠤ ᠭᠠᠮᠰᠢᠭ ᠤᠨ ᠮᠡᠳᠡᠭᠡ ᠵᠠᠩᠭᠢ ᠶᠢᠨ ᠬᠠᠷᠢᠭᠤ ᠲᠤᠰᠬᠠᠯ ᠢ ᠴᠢᠩᠭᠠᠳᠬᠠᠨ᠂ ᠭᠠᠵᠠᠷ | ᠰᠢᠨᠵᠢᠯᠡᠬᠡᠨ ᠤ ᠭᠠᠮᠰᠢᠭ ᠤᠨ ᠴᠠᠭ ᠠᠭᠤᠷ ᠤᠨ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠴᠠᠭ ᠬᠤᠭᠤᠴᠠᠭᠠᠲᠤ | ᠴᠢᠨᠠᠷ ᠪᠣᠯᠤᠨ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠤᠯᠤᠰ ᠤᠨ ᠭᠡᠨᠡᠳᠲᠡ ᠶᠢᠨ ᠬᠡᠷᠡᠭ ᠢ ᠰᠡᠷᠡᠮᠵᠢᠯᠡᠭᠦᠯᠬᠦ | ᠮᠡᠳᠡᠭᠡ ᠵᠠᠩᠭᠢ ᠨᠡᠶᠢᠲᠡᠯᠡᠬᠦ ᠲᠤᠭᠳᠠᠯᠴᠠᠭ᠎ᠠ ᠵᠢᠴᠢ ᠲᠧᠯᠸᠢᠰ᠂ ᠷᠠᠳᠢᠣ ᠨᠡᠪᠲᠡᠷᠡᠭᠦᠯᠭᠡ᠂ ᠳ᠋ᠢᠶᠠᠩᠬᠤᠸᠠ᠂ ᠹᠺᠰ᠂ ᠭᠠᠷ | ᠤᠲᠠᠰᠤᠨ ᠤ ᠣᠬᠤᠷ ᠮᠡᠳᠡᠭᠡ ᠵᠡᠷᠭᠡ ᠤᠯᠠᠮᠵᠢᠯᠠᠬᠤ ᠠᠷᠭ᠎ᠠ ᠮᠠᠶ᠋ᠢᠭ ᠢ ᠭᠦᠢᠴᠡᠳ ᠠᠰᠢᠭᠯᠠᠨ᠂ ᠴᠠᠭ ᠲᠤᠬᠠᠶ ᠳᠤᠨᠢ | ᠭᠠᠵᠠᠷ ᠰᠢᠨᠵᠢᠯᠡᠬᠡᠨ ᠤ ᠭᠠᠮᠰᠢᠭ ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠭᠠᠮᠰᠢᠭ ᠢ | ᠰᠡᠷᠭᠡᠶᠢᠯᠡᠬᠦ ᠬᠠᠷᠢᠭᠤᠴᠠᠯᠭ᠎ᠠ ᠡᠭᠦᠷᠭᠡᠯᠡᠭᠴᠢ᠂ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ ᠬᠢᠨᠠᠨ | ᠰᠢᠯᠭᠠᠭᠴᠢ ᠪᠣᠯᠤᠨ ᠰᠦᠷᠳᠡᠭᠦᠯᠦᠯ ᠳᠤ ᠤᠴᠠᠷᠠᠭᠰᠠᠨ ᠣᠯᠠᠨ ᠲᠦᠮᠡᠨ ᠳᠤ ᠬᠦᠷᠬᠡᠨ᠎ᠡ᠃ | ︵ᠳᠣᠯᠤᠭ᠎ᠠ︶ ᠤᠬᠠᠭᠤᠯᠭ᠎ᠠ ᠪᠣᠯᠪᠠᠰᠤᠷᠠᠭᠤᠯᠤᠯ ᠤᠨ ᠡᠷᠴᠢᠮ ᠢᠶᠠᠨ ᠨᠡᠮᠡᠭᠳᠡᠭᠦᠯᠤᠨ᠎ᠠ᠃ ᠨᠡᠶᠢᠭᠡᠮ ᠤᠨ ᠡᠯ᠎ᠡ | ᠲᠠᠯ᠎ᠠ ᠶᠢᠨ ᠬᠦᠴᠦᠨ ᠢ ᠥᠷᠭᠡᠨ ᠢᠶᠠᠷ ᠳᠠᠶᠢᠴᠢᠯᠠᠨ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ | ᠠᠵᠢᠯ ᠳᠤ ᠢᠳᠡᠪᠬᠢᠲᠡᠶ ᠤᠷᠤᠯᠴᠠᠵᠤ᠂ ᠭᠠᠵᠠᠷ ᠰᠢᠨᠵᠢᠯᠡᠬᠡᠨ ᠤ ᠭᠠᠮᠰᠢᠭ ᠤᠨ ᠭᠠᠮᠰᠢᠭ ᠢ ᠰᠡᠷᠭᠡᠶᠢᠯᠡᠬᠦ ᠮᠡᠳᠡᠯᠭᠡ ᠶᠢᠨ | ᠪᠣᠯᠪᠠᠰᠤᠷᠠᠭᠤᠯᠤᠯ ᠪᠠ ᠰᠣᠷᠢᠯᠲᠠ ᠶᠢ ᠴᠢᠩᠭᠠᠳᠬᠠᠵᠤ᠂ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠨ᠂ ᠭᠠᠵᠠᠷ ᠰᠢᠨᠵᠢᠯᠡᠭᠡᠨ ᠤ ᠭᠠᠮᠰᠢᠭ ᠠᠮᠠᠷᠬᠠᠨ ᠡᠭᠦᠰᠬᠦ | ᠣᠷᠣᠨ ᠤ ᠠᠷᠠᠳ ᠣᠯᠠᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ | ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠤ᠂ ᠪᠦᠬᠦ ᠨᠡᠶᠢᠭᠡᠮ ᠳᠤ ᠣᠯᠠᠨ ᠬᠡᠯᠪᠡᠷᠢ ᠶᠢᠨ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ | ᠥᠷᠨᠢᠭᠦᠯᠤᠨ᠂ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯᠲᠠᠨ ᠳᠤ ᠴᠢᠭᠯᠡᠭᠦᠯᠦᠨ᠂ | ᠮᠡᠷᠭᠡᠵᠢᠯ ᠤᠨ ᠲᠤᠬᠠᠶᠢᠯᠠᠭᠰᠠᠨ ᠠᠵᠢᠯ ᠤᠨ ᠠᠵᠢᠯᠲᠠᠨ᠂ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ | ᠬᠥᠮᠦᠰ ᠵᠡᠷᠭᠡ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ ᠪᠣᠯᠪᠠᠰᠤᠷᠠᠭᠤᠯᠤᠯ ᠬᠢᠵᠦ᠂ | ᠰᠦᠷᠳᠡᠭᠦᠯᠦᠯ ᠳᠤ ᠤᠴᠠᠷᠠᠭᠰᠠᠨ ᠣᠯᠠᠨ ᠲᠦᠮᠡᠨ ᠳᠤ ᠴᠢᠭᠯᠡᠭᠦᠯᠦᠨ ᠭᠠᠮᠰᠢᠭ ᠢ ᠰᠡᠷᠭᠡᠶᠢᠯᠡᠬᠦ ᠪᠠᠴᠢᠮ ᠪᠠᠶᠢᠳᠠᠯ ᠢ | ᠠᠷᠭᠠᠴᠠᠬᠤ ᠰᠣᠷᠢᠯᠲᠠ ᠬᠢᠵᠦ᠂ ᠦᠨᠳᠦᠰᠦᠨ ᠱᠠᠲᠤᠨ ᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ︵ᠨᠠᠢᠮᠠ︶ ᠭᠠᠵᠠᠷ ᠰᠢᠨᠵᠢᠯᠡᠬᠡᠨ ᠤ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠠᠵᠢᠯ ᠢ ᠯᠠᠪᠳᠠᠭᠤᠨ | ᠪᠠᠲᠤᠲᠠᠶ ᠲᠦᠯᠬᠢᠨ ᠠᠬᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠭᠠᠵᠠᠷ ᠰᠢᠨᠵᠢᠯᠡᠬᠡᠨ ᠤ | ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠭᠠᠵᠠᠷ ᠰᠢᠨᠵᠢᠯᠡᠬᠡᠨ ᠤ | ᠭᠠᠮᠰᠢᠭ ᠡᠭᠦᠰᠬᠦ ᠶᠢ ᠡᠬᠢ ᠡᠭᠦᠰᠦᠯ ᠠᠴᠠ ᠨᠢ ᠬᠢᠵᠠᠭᠠᠷᠯᠠᠵᠤ᠂ ᠭᠠᠵᠠᠷ ᠰᠢᠨᠵᠢᠯᠡᠬᠡᠨ ᠤ ᠭᠠᠮᠰᠢᠭ ᠠᠮᠠᠷᠬᠠᠨ ᠡᠭᠦᠰᠬᠦ | ᠣᠷᠣᠨ ᠳᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠬᠤᠲᠠ᠂ ᠲᠣᠰᠬᠤᠨ ᠪᠠᠯᠭᠠᠰᠤ ᠶᠢᠨ ᠲᠥᠯᠥᠪᠵᠢᠭᠦᠯᠭᠡ | ᠬᠢᠬᠦ ᠳᠤ ᠭᠠᠵᠠᠷ ᠰᠢᠨᠵᠢᠯᠡᠬᠡᠨ ᠤ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠠᠵᠢᠯ ᠢ ᠡᠷᠬᠡᠪᠰᠢ ᠬᠢᠨᠠᠮᠠᠭᠠᠶ | ᠰᠠᠶᠢᠲᠤᠷ ᠬᠢᠵᠦ᠂ ᠭᠠᠵᠠᠷ ᠰᠢᠨᠵᠢᠯᠡᠬᠡᠨ ᠤ ᠭᠠᠮᠰᠢᠭ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠪᠣᠯᠤᠨ | ᠰᠠᠨᠠᠭᠤᠯᠭ᠎ᠠ ᠶᠢ ᠲᠤᠷᠠᠳᠤᠨ᠎ᠠ᠃ | ︵ᠶᠢᠰᠦ︶ ᠦᠶᠡᠷ ᠤᠨ ᠬᠤᠭᠤᠴᠠᠭᠠᠨ ᠳᠤ ᠵᠢᠵᠢᠭᠦᠷᠯᠡᠬᠦ ᠳᠦᠷᠢᠮ ᠪᠣᠯᠤᠨ ᠭᠠᠮᠰᠢᠭ ᠤᠨ ᠪᠠᠶᠢᠳᠠᠯ ᠢ | ᠲᠦᠷᠭᠡᠨ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠭᠠᠮᠰᠢᠭ ᠠᠴᠠ ᠠᠪᠤᠷᠠᠨ ᠠᠶᠤᠯ ᠠᠴᠠ ᠠᠪᠤᠷᠠᠬᠤ | ᠠᠵᠢᠯ ᠢ ᠰᠠᠶᠢᠲᠤᠷ ᠬᠢᠨ᠎ᠡ᠃ ᠦᠶᠡᠷ ᠤᠨ ᠬᠤᠭᠤᠴᠠᠭᠠᠨ ᠳᠤ ᠲᠤᠰᠬᠠᠶ 24 ᠴᠠᠭ ᠤᠨ ᠵᠢᠵᠢᠭᠦᠷᠯᠡᠭᠴᠢ ᠲᠠᠢ ᠪᠠᠶᠢᠵᠤ | ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠡᠭᠦᠷᠭᠡᠯᠡᠭᠦᠯᠵᠦ᠂ ᠵᠢᠵᠢᠭᠦᠷ ᠢ ᠪᠣᠳᠠᠲᠠᠶᠢᠵᠢᠭᠤᠯᠵᠤ᠂ ᠮᠡᠳᠡᠭᠡ | ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠨ᠂ ᠲᠦᠭᠰᠢᠭᠦᠷᠢ ᠶᠢᠨ ᠪᠠᠶᠢᠳᠠᠯ ᠢ ᠢᠯᠡᠷᠡᠬᠦᠯᠪᠡᠯ ᠴᠠᠭ | ᠲᠤᠬᠠᠶ ᠳᠤᠨᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤ ᠪᠣᠳᠠᠲᠠᠶ ᠪᠠᠶᠢᠳᠠᠯ ᠢᠶᠠᠨ ᠮᠡᠳᠡᠭᠦᠯᠤᠨ᠎ᠠ᠃ | ᠭᠠᠵᠠᠷ ᠰᠢᠨᠵᠢᠯᠡᠭᠡᠨ ᠤ ᠭᠠᠮᠰᠢᠭ ᠡᠭᠦᠰᠬᠦ ᠦᠶᠡᠰ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ 4 | ᠴᠠᠭ ᠤᠨ ᠳᠣᠲᠣᠷ᠎ᠠ ᠪᠣᠳᠠᠲᠠᠢ ᠪᠠᠶᠢᠳᠠᠯ ᠢᠶᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠤᠲᠠ ᠶᠢᠨ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤ | ᠮᠡᠳᠡᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠴᠠᠭ ᠲᠤᠬᠠᠢ ᠳᠤᠨᠢ ᠵᠤᠬᠢᠬᠤ ᠭᠠᠵᠠᠷ ᠰᠢᠨᠵᠢᠯᠡᠭᠡᠨ ᠤ ᠭᠠᠮᠰᠢᠭ ᠤᠨ | ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠵᠦ᠂ ᠦᠳᠲᠡᠷ ᠲᠦᠷᠭᠡᠨ ᠢᠶᠠᠷ ᠬᠦᠴᠦᠨ ᠢᠶᠠᠨ ᠵᠣᠬᠢᠶᠠᠨ | ᠪᠠᠶᠢᠭᠤᠯᠤᠨ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠠᠶᠤᠯ ᠢ ᠠᠷᠢᠯᠭᠠᠨ᠂ ᠭᠠᠮᠰᠢᠭ ᠠᠴᠠ ᠠᠪᠤᠷᠠᠵᠤ | ᠭᠠᠮᠰᠢᠭ ᠢ ᠪᠠᠭᠠᠰᠬᠠᠬᠤ ᠠᠵᠢᠯ ᠢ ᠴᠠᠭ ᠲᠤᠬᠠᠢ ᠳᠤᠨᠢ ᠰᠠᠶᠢᠲᠤᠷ ᠬᠢᠨ᠎ᠡ᠃ ᠬᠦᠨᠳᠦ ᠶᠡᠭᠡ ᠭᠠᠮᠰᠢᠭ ᠤᠨ ᠠᠶᠤᠯ | ᠲᠦᠭᠰᠢᠭᠦᠷᠢ ᠳᠤ ᠤᠴᠠᠷᠠᠬᠤ ᠦᠶᠡᠰ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ 2 | ᠴᠠᠭ ᠤᠨ ᠳᠣᠲᠣᠷ᠎ᠠ ᠬᠤᠯᠪᠣᠭᠳᠠᠯ ᠪᠥᠬᠦᠶ ᠪᠠᠶᠢᠳᠠᠯ ᠢ ᠬᠤᠰᠢᠭᠤ ᠠᠷᠠᠳ ᠤᠨ ᠵᠠᠰᠠᠭ ᠤᠨ ᠣᠷᠳᠣᠨ ᠪᠠ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠮᠡᠳᠡᠬᠦᠯᠦᠨ᠎ᠡ᠃ | ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︽ᠪᠠᠶᠢᠭᠠᠯᠢ ᠶᠢᠨ ᠭᠠᠮᠰᠢᠭ ᠤᠨ | ᠪᠠᠶᠢᠳᠠᠯ ᠢ ᠪᠦᠷᠢᠳᠬᠡᠬᠦ ᠲᠦᠷᠢᠮ︾ ᠢ ᠦᠨᠳᠦᠰᠦᠯᠡᠨ ᠭᠠᠮᠰᠢᠭ ᠤᠨ ᠬᠤᠬᠢᠷᠠᠯ ᠢ ᠪᠦᠷᠢᠳᠬᠡᠨ ᠮᠡᠳᠡᠭᠦᠯᠬᠦ ᠠᠵᠢᠯ ᠢ | ᠥᠷᠨᠢᠭᠦᠯᠵᠦ᠂ ᠭᠠᠵᠠᠷ ᠰᠢᠨᠵᠢᠯᠡᠭᠡᠨ ᠤ ᠭᠠᠮᠰᠢᠭ ᠠᠮᠠᠷᠬᠠᠨ ᠡᠭᠦᠰᠬᠦ ᠭᠠᠵᠠᠷ ᠣᠷᠣᠨ ᠳᠤ ᠪᠠᠶᠢᠭ᠎ᠠ ᠠᠭᠤᠷᠬᠠᠶ ᠶᠢᠨ | ᠠᠵᠤ ᠠᠬᠤᠶᠢᠯᠠᠯ ᠵᠢᠴᠢ ᠪᠤᠰᠤᠳ ᠬᠤᠯᠪᠣᠭᠳᠠᠯ ᠪᠥᠬᠦᠶ ᠨᠢᠭᠡᠴᠢ ᠭᠠᠵᠠᠷ ᠰᠢᠨᠵᠢᠯᠡᠭᠡᠨ ᠤ ᠭᠠᠮᠰᠢᠭ ᠤᠨ ᠦᠶᠡᠷ ᠤᠨ | ᠬᠤᠭᠤᠴᠠᠭᠠᠨ ᠤ ᠵᠢᠵᠢᠭᠦᠷᠯᠡᠬᠦ ᠲᠦᠷᠢᠮ ᠪᠠ ᠴᠢᠮᠡᠭᠡ ᠨᠡᠪᠲᠡᠷᠡᠯᠭᠡ ᠶᠢᠨ ᠲᠡᠮᠳᠡᠭᠯᠡᠯ ᠢ ᠪᠠᠶᠢᠭᠤᠯᠤᠨ᠎ᠠ᠃ | | | | ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2022 ᠣᠨ ᠤ 5 ᠳ᠋ᠣᠭᠠᠷ ᠰᠠᠷ᠎ᠠ ᠶᠢᠨ 12 ᠤᠨ ᠡᠳᠦᠷ | | | | | | |