ᠥᠪᠡᠷᠲᠡᠭᠡᠨ ᠵᠠᠰᠠᠬᠤ ᠣᠷᠣᠨ ᠤ ᠲᠡᠷᠭᠡᠨ ᠵᠣᠭᠰᠣᠭᠠᠯ ᠤᠨ ᠲᠤᠰᠬᠠᠶ ᠴᠡᠭᠴᠡᠯᠡᠨ ᠵᠠᠰᠠᠬᠤ ᠠᠵᠢᠯ ᠤᠨ ᠦᠨᠡᠯᠡᠨ ᠵᠢᠱᠢᠬᠦ ᠳᠤᠭᠤᠶᠢᠯᠠᠩ ᠡᠵᠡᠨ ᠬᠤᠷᠤᠭ᠎ᠠ ᠬᠤᠰᠢᠭᠤᠨ ᠤ ᠣᠯᠠᠨ ᠨᠡᠶᠢᠲᠡ ᠶᠢᠨ ᠰᠦᠶᠳᠬᠡᠯ ᠬᠤᠷᠢᠶᠠᠬᠤ ᠲᠡᠷᠭᠡᠨ ᠵᠣᠭᠰᠣᠭᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/5/19
     ᠥᠪᠡᠷᠲᠡᠭᠡᠨ ᠵᠠᠰᠠᠬᠤ ᠣᠷᠣᠨ ᠤ ᠭᠤᠤᠯ ᠴᠣᠭᠴᠠ ᠶᠢᠨ ᠠᠯᠪᠠᠨ ᠬᠡᠷ ᠤᠨ ᠲᠡᠷᠭᠡᠨ ᠵᠣᠭᠰᠣᠭᠠᠯ ᠤᠨ ᠲᠤᠰᠬᠠᠶ ᠴᠡᠭᠴᠡᠯᠡᠨ ᠵᠠᠰᠠᠬᠤ ᠠᠵᠢᠯ ᠤᠨ ᠦᠨᠡᠯᠡᠨ ᠵᠢᠱᠢᠬᠦ ᠳᠤᠭᠤᠶᠢᠯᠠᠩ ᠡᠵᠡᠨ ᠬᠤᠷᠤᠭ᠎ᠠ ᠬᠤᠰᠢᠭᠤᠨ ᠤ ᠬᠤᠲᠠ ᠪᠠᠯᠭᠠᠰᠤᠨ ᠤ ᠣᠯᠠᠨ ᠨᠡᠶᠢᠲᠡ ᠶᠢᠨ ᠰᠦᠶᠳᠬᠡᠯ ᠬᠤᠷᠢᠶᠠᠬᠤ ᠲᠡᠷᠭᠡᠨ ᠵᠣᠭᠰᠣᠭᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠵᠧᠦ ᠯᠢ ᠮᠢᠩ᠂ ᠬᠤᠲᠠ ᠬᠤᠰᠢᠭᠤ ᠬᠤᠶᠠᠷ ᠱᠠᠲᠤᠨ ᠤ ᠭᠤᠤᠯ ᠴᠣᠭᠴᠠ ᠶᠢᠨ ᠠᠯᠪᠠᠨ ᠬᠡᠷ ᠤᠨ ᠬᠠᠮᠢᠶ᠎ᠠ ᠪᠥᠬᠦᠶ ᠤᠳᠤᠷᠢᠳᠬᠤ ᠨᠥᠬᠦᠳ ᠪᠠᠷ᠎ᠠ ᠪᠣᠯᠪᠠ  ᠃      ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠬᠦ ᠳᠤᠭᠤᠶᠢᠯᠠᠩ ᠤᠷᠢᠳ ᠬᠤᠵᠢᠳ ᠠᠯᠳᠠᠨᠰᠢᠷᠡᠭᠡ ᠪᠠᠯᠭᠠᠰᠤᠨ ᠤ ᠮᠠᠰᠢᠨ ᠲᠡᠷᠭᠡᠨ ᠤ ᠬᠤᠲᠠ ᠶᠢᠨ 3 ᠲᠡᠷᠭᠡᠨ ᠵᠣᠭᠰᠣᠭᠠᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠲᠤᠬᠠᠶ ᠶᠢᠨ ᠲᠠᠯᠠᠪᠠᠶ ᠳᠤ ᠬᠤᠲᠠ ᠪᠠᠯᠭᠠᠰᠤᠨ ᠤ ᠣᠯᠠᠨ ᠨᠡᠶᠢᠲᠡ ᠶᠢᠨ ᠰᠦᠶᠳᠬᠡᠯ ᠬᠤᠷᠢᠶᠠᠬᠤ ᠲᠡᠷᠭᠡᠨ ᠵᠣᠭᠰᠣᠭᠠᠯ ᠤᠨ ᠲᠥᠯᠥᠪᠵᠢᠭᠦᠯᠭᠡ᠂ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ ᠵᠡᠷᠭᠡ ᠭᠤᠭᠴᠣᠭᠠᠨ ᠤ ᠪᠠᠶᠢᠳᠠᠯ ᠢ ᠰᠣᠨᠣᠰᠤᠭᠰᠠᠨ ᠪᠥᠭᠡᠳ ᠴᠡᠭᠴᠡᠯᠡᠨ ᠵᠠᠰᠠᠭᠰᠠᠨ ᠤ ᠳᠠᠷᠠᠭᠠᠬᠢ ᠲᠡᠷᠭᠡᠨ ᠵᠣᠭᠰᠣᠭᠠᠯ ᠤᠨ ᠭᠡᠷᠡᠴᠢ ᠦᠨᠡᠮᠯᠡᠯ ᠪᠦᠷᠢᠨ ᠭᠦᠶᠴᠡᠳ᠂ ᠦᠨ᠎ᠡ ᠬᠠᠩᠰᠢ ᠶᠢ ᠢᠯᠡ ᠬᠠᠳᠠᠬᠤ᠂ ᠰᠦᠶᠳᠬᠡᠯ ᠬᠤᠷᠢᠶᠠᠬᠤ ᠶᠢ ᠢᠯᠡᠴᠢᠯᠡᠨ ᠮᠡᠳᠡᠭᠦᠯᠬᠦ ᠤᠲᠠᠰᠤ ᠶᠢ ᠵᠠᠷᠯᠠᠨ ᠨᠡᠶᠢᠲᠡᠯᠡᠭᠰᠡᠨ ᠵᠡᠷᠭᠡ ᠪᠠᠶᠢᠳᠠᠯ ᠢ ᠪᠠᠶᠢᠴᠠᠭᠠᠨ ᠰᠢᠯᠭᠠᠪᠠ  ᠃ ᠦᠨᠡᠯᠡᠨ ᠵᠢᠱᠢᠬᠦ ᠳᠤᠭᠤᠶᠢᠯᠠᠩ ᠤᠨ ᠬᠢᠨ ᠮᠠᠨ ᠎ ᠤ ᠬᠤᠰᠢᠭᠤᠨ ᠤ ᠬᠤᠲᠠ ᠪᠠᠯᠭᠠᠰᠤᠨ ᠤ ᠣᠯᠠᠨ ᠨᠡᠶᠢᠲᠡ ᠶᠢᠨ ᠰᠦᠶᠳᠬᠡᠯ ᠬᠤᠷᠢᠶᠠᠬᠤ ᠲᠡᠷᠭᠡᠨ ᠵᠣᠭᠰᠣᠭᠠᠯ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠭᠦᠶᠴᠡᠳ ᠨᠤᠲᠠᠯᠠᠭᠰᠠᠨ ᠪᠥᠭᠡᠳ ᠬᠤᠶᠢᠰᠢᠳᠠ ᠶᠢᠨ ᠠᠵᠢᠯ ᠤᠨ ᠳᠤᠮᠳᠠ ᠴᠡᠭᠴᠡᠯᠡᠨ ᠵᠠᠰᠠᠵᠤ ᠪᠠᠬᠢᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠶᠢ ᠱᠠᠭᠠᠷᠳᠠᠪᠠ᠃   ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠬᠤᠰᠢᠭᠤᠨ ᠤ ᠭᠤᠤᠯ ᠴᠣᠭᠴᠠ ᠶᠢᠨ ᠠᠯᠪᠠᠨ ᠬᠡᠷ ᠨᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠭᠤᠤᠯ ᠴᠣᠭᠴᠠ ᠶᠢᠨ ᠠᠯᠪᠠᠨ ᠬᠡᠷ ᠤᠨ ᠡᠯ᠎ᠡ ᠵᠦᠶᠯ ᠎ ᠤᠨ ᠠᠵᠢᠯ ᠤᠨ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ︾ ᠦᠶᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠮᠠᠨ ᠤ ᠬᠤᠰᠢᠭᠤᠨ ᠤ ᠬᠤᠲᠠ ᠪᠠᠯᠭᠠᠰᠤᠨ ᠤ ᠣᠯᠠᠨ ᠨᠡᠶᠢᠲᠡ ᠶᠢᠨ ᠰᠦᠶᠳᠬᠡᠯ ᠬᠤᠷᠢᠶᠠᠬᠤ ᠲᠡᠷᠭᠡᠨ ᠵᠣᠭᠰᠣᠭᠠᠯ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠎ ᠪᠠᠷ ᠨᠠᠶᠢᠳᠠᠪᠤᠷᠢᠵᠢᠭᠤᠯᠵᠤ᠂ ᠬᠤᠲᠠ ᠪᠠᠯᠭᠠᠰᠤᠨ ᠤ 5 ᠣᠯᠠᠨ ᠨᠡᠶᠢᠲᠡ ᠶᠢᠨ ᠰᠦᠶᠳᠬᠡᠯ ᠬᠤᠷᠢᠶᠠᠬᠤ ᠲᠡᠷᠭᠡᠨ ᠵᠣᠭᠰᠣᠭᠠᠯ ᠤᠨ ᠲᠤᠰᠬᠠᠶ ᠴᠡᠭᠴᠡᠯᠡᠨ ᠵᠠᠰᠠᠬᠤ ᠠᠵᠢᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠡᠭᠦᠨ ᠤ ᠬᠠᠮᠲᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠶᠢᠨ ᠲᠥᠯᠥᠭᠡ᠂ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠣᠯᠠᠨ ᠤᠳᠠᠭ᠎ᠠ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠬᠤᠲᠠ ᠶᠢᠨ ᠲᠣᠭᠤᠷᠢᠭ ᠤᠨ ᠲᠥᠯᠥᠪᠵᠢᠭᠦᠯᠭᠡ ᠶᠢ ᠭᠦᠶᠴᠡᠳ ᠪᠣᠳᠣᠯᠬᠢᠯᠠᠭᠰᠠᠨ ᠤᠷᠢᠲᠠᠯ ᠳᠣᠤᠷ᠎ᠠ᠂ ᠲᠣᠮᠣ ᠬᠡᠯᠪᠡᠷᠢ ᠶᠢᠨ ᠪᠠᠷᠢᠯᠭ᠎ᠠ ᠶᠢᠨ ᠮᠠᠰᠢᠨ ᠲᠡᠷᠭᠡ ᠲᠦᠷ ᠴᠠᠭ ᠤᠨ ᠵᠢᠯᠣᠭᠤᠳᠬᠤ ᠴᠡᠭ 3᠎ ᠶᠢ ᠲᠣᠬᠢᠷᠠᠭᠤᠯᠵᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠦᠴᠢᠷ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠪᠡ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号