ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ 2022 ᠣᠨ ᠤ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠬᠦ ᠵᠢᠴᠢ ︽ᠴᠠᠭᠳᠠᠭᠠᠨ ᠤ ᠲᠤᠭ ᠢ ᠮᠠᠨᠳᠤᠭᠤᠯᠵᠤ ᠴᠠᠭᠳᠠᠭᠠᠨ ᠤ ᠳᠠᠭᠤᠤ ᠶᠢ ᠳᠠᠭᠤᠯᠠᠬᠤ︾ ᠬᠠᠮᠲᠤ ᠪᠠᠷ ᠲᠠᠩᠭᠠᠷᠢᠭᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/5/19
     ᠬᠤᠶᠠᠳᠤᠭᠠᠷ ᠤᠳᠠᠭᠠᠨ ᠤ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ ᠢ ᠪᠡᠯᠭᠡᠯᠡᠵᠦ᠂ ᠲᠠᠩᠭᠠᠷᠢᠭ ᠢᠶᠠᠨ ᠤᠯᠠᠮ ᠨᠢᠭᠡ ᠠᠯᠬᠤᠮ ᠪᠠᠲᠤ ᠴᠡᠭᠡᠵᠢᠯᠡᠵᠦ᠂ ᠣᠭ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠵᠤ᠂ ᠡᠭᠦᠷᠭᠡ ᠬᠠᠷᠢᠭᠤᠴᠠᠯᠭ᠎ᠠ ᠡᠭᠦᠷᠭᠡᠯᠡᠨ᠂ ᠦᠨᠡᠨᠴᠢ ᠰᠢᠳᠤᠷᠭᠤ ᠪᠠᠶᠢᠬᠤ ᠶᠢᠨ ᠲᠥᠯᠥᠭᠡ᠂ 1 ᠰᠠᠷ᠎ᠠ ᠶᠢᠨ 10᠎ ᠤ ᠡᠳᠦᠷ ᠤᠨ ᠦᠳᠡ ᠶᠢᠨ ᠡᠮᠦᠨ᠎ᠡ᠂ ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠶᠢᠭᠤᠯᠭ᠎ᠠ ᠶᠢᠨ ᠲᠣᠮᠣ ᠠᠰᠠᠷ ᠤᠨ ᠡᠮᠦᠨ᠎ᠡ 2022 ᠣᠨ ᠤ ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠎ ᠶᠢᠨ ᠪᠠᠶᠠᠷ ᠢ ᠪᠡᠯᠭᠡᠯᠡᠬᠦ ᠵᠢᠴᠢ ︽ᠴᠠᠭᠳᠠᠭᠠᠨ ᠤ ᠲᠤᠭ ᠢ ᠮᠠᠨᠳᠤᠭᠤᠯᠤᠨ ᠴᠠᠭᠳᠠᠭᠠᠨ ᠤ ᠳᠠᠭᠤᠤ ᠶᠢ ᠳᠠᠭᠤᠯᠠᠬᠤ︾ ᠬᠠᠮᠲᠤ ᠶᠢᠨ ᠲᠠᠩᠭᠠᠷᠢᠭᠯᠠᠬᠤ ᠶᠣᠰᠣᠯᠠᠯ ᠶᠠᠪᠤᠭᠤᠯᠪᠠ  ᠃
    ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠴᠧᠨ ᠰᠢᠶᠤᠤ ᠵᠢᠶᠦ᠋ᠨ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠲᠣᠪᠴᠢᠶ᠎ᠠ ᠶᠢᠨ ᠬᠠᠷᠢᠶ᠎ᠠ ᠡᠯ᠎ᠡ ᠰᠠᠯᠠᠭ᠎ᠠ ᠮᠥᠴᠢᠷ ᠤᠨ ᠠᠷᠠᠳ ᠤᠨ ᠲᠤᠰᠠᠯᠠᠬᠤ ᠴᠠᠭᠳᠠᠭ᠎ᠠ ᠶᠢᠨ ᠲᠥᠯᠥᠭᠡᠯᠡᠭᠴᠢ ᠨᠡᠶᠢᠲᠡ 200 ᠭᠠᠷᠤᠶ ᠬᠥᠮᠦᠨ ᠶᠣᠰᠣᠯᠠᠯ ᠳᠤ ᠣᠷᠣᠯᠴᠠᠵᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠶᠢᠨ ᠬᠡᠰᠢᠬᠦᠨ ᠾᠧ ᠢᠦ᠋ᠶ ᠯᠢᠨ ᠶᠣᠰᠣᠯᠠᠯ ᠢ ᠡᠷᠭᠢᠯᠡᠪᠡ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号