ᠤᠯᠠᠭᠠᠨᠮᠦ᠋ᠷᠡᠨ ᠪᠠᠯᠭᠠᠰᠤᠨ ᠤ ᠠᠩᠬᠠᠳᠠᠭᠴᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠡᠭᠦᠷ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2022/5/19
       ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠣᠯ ᠮᠠᠨ ᠤ ᠤᠯᠤᠰ ᠤᠨ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠴᠢᠬᠤᠯᠠ ᠪᠦᠷᠢᠯᠳᠦᠬᠦᠨ ᠬᠡᠰᠡᠭ ᠮᠥᠨ  ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠨᠢ ᠨᠠᠮ ᠤᠨ ᠠᠵᠢᠯ ᠳᠤ ᠰᠢᠨ᠎ᠡ ᠬᠦᠷᠢᠶ᠎ᠡ ᠬᠡᠪᠴᠢᠶ᠎ᠡ ᠶᠢ ᠨᠡᠭᠡᠭᠡᠵᠦ ᠥᠭᠭᠦᠭᠰᠡᠨ ᠢᠶᠠᠷ ᠪᠠᠷᠠᠬᠤ ᠦᠭᠡᠢ ᠪᠠᠰᠠ ᠨᠠᠮ ᠤᠨ ᠪᠠᠶᠢᠭᠤᠯᠤᠯᠲᠠ ᠳᠤ ᠰᠢᠨ᠎ᠡ ᠰᠡᠳᠦᠪ ᠢ ᠳᠤᠷᠠᠳᠤᠨ ᠭᠠᠷᠭᠠᠭᠰᠠᠨ ᠪᠠᠶᠢᠨ᠎ᠠ  ᠃ ᠣᠶᠢᠷ᠎ᠠ ᠳᠤ᠂ ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠎ ᠶᠢᠨ ᠲᠣᠪᠴᠢᠶ᠎ᠠ ᠶᠢᠨ ᠠᠯᠪᠠᠨ ᠤ ᠪᠤᠰᠤ ᠨᠠᠮ ᠤᠨ ᠪᠠᠶᠢᠭᠤᠯᠤᠯᠲᠠ ᠶᠢᠨ ᠠᠯᠪᠠᠨ ᠬᠡᠷ ᠤᠨ ᠡᠷᠬᠢᠯᠡᠭᠴᠢ ᠶᠠᠩ ᠹᠧᠩ ᠭᠠᠩ᠂ ᠡᠵᠡᠨ ᠬᠤᠷᠤᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠤᠪᠢ ᠶᠢᠨ ᠡᠵᠡᠩᠨᠡᠯᠲᠡ ᠶᠢᠨ ᠨᠠᠮ ᠤᠨ ᠬᠤᠷᠢᠶᠠᠨ ᠤ ᠱᠦᠵᠢ ᠪᠠᠶ ᠰᠢᠤᠸᠠᠢ ᠹᠧᠩ ᠵᠢᠴᠢ ᠨᠠᠮ ᠤᠨ ᠪᠠᠶᠢᠭᠤᠯᠤᠯᠲᠠ ᠎ ᠶᠢᠨ ᠠᠯᠪᠠᠨ ᠬᠡᠷ ᠤᠨ ᠳᠡᠳ᠋ ᠡᠷᠬᠢᠯᠡᠭᠴᠢ ᠳ᠋ᠢᠩ ᠼᠦᠢ ᠲᠣᠰ ᠤᠳᠠᠭᠠᠨ ᠤ ᠨᠠᠮ ᠤᠨ ᠡᠭᠦᠷ ᠪᠠᠶᠢᠭᠤᠯᠤᠭᠳᠠᠬᠤ ᠶᠡᠭᠡ ᠬᠤᠷᠠᠯ ᠳᠤ ᠣᠷᠣᠯᠴᠠᠵᠤ᠂ ᠤᠯᠠᠭᠠᠨᠮᠥ᠋ᠷᠡᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠪᠠᠶ ᠰᠢᠶᠤᠤ ᠵᠢᠶᠦ᠋ᠨ ᠬᠤᠷᠠᠯ ᠢ ᠡᠷᠭᠢᠯᠡᠪᠡ  ᠃      ᠬᠤᠷᠠᠯ ᠳᠡᠭᠡᠷ᠎ᠡ ︽ᠡᠵᠡᠨ ᠬᠤᠷᠤᠭ᠎ᠠ ᠬᠤᠰᠢᠭᠤᠨ ᠤ ᠨᠡᠶᠢᠲᠡ ᠶᠢᠨ ᠥᠮᠴᠢᠯᠡᠯ ᠤᠨ ᠪᠤᠰᠤ ᠨᠠᠮ ᠤᠨ ᠠᠵᠢᠯ ᠎ ᠤᠨ ᠬᠤᠷᠢᠶ᠎ᠠ ᠶᠢᠨ ᠡᠵᠡᠨ ᠬᠤᠷᠤᠭ᠎ᠠ ᠬᠤᠰᠢᠭᠤᠨ ᠤ ᠰᠢᠨ ᠲᠠᠢ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠡᠭᠦᠷ ᠪᠠᠶᠢᠭᠤᠯᠬᠤ ᠶᠢ ᠵᠥᠪᠰᠢᠶᠡᠷᠡᠬᠦ ᠲᠤᠬᠠᠶ ᠴᠣᠬᠤᠯᠠᠪᠤᠷᠢ︾ ︵ᠡᠵᠡᠨ ᠠᠵᠤ ᠠᠬᠤᠶ ᠨᠡᠶᠢᠭᠡᠮ ᠤᠨ ᠠᠵᠢᠯ ᠤᠨ ᠵᠥᠪᠯᠡᠯ ᠲᠠᠷᠬᠠᠭᠠᠭᠰᠠᠨ 〔2021〕13 ᠳ᠋ᠤᠭᠠᠷ ᠲᠣᠭᠠᠲᠤ︶᠎ ᠶᠢ ᠤᠩᠰᠢᠨ ᠨᠡᠶᠢᠲᠡᠯᠡᠪᠡ  ᠃ ᠶᠠᠩ ᠹᠧᠩ ᠭᠠᠩ ᠪᠣᠯᠤᠨ ᠪᠠᠢ ᠰᠢᠤᠸᠠᠢ ᠹᠧᠩ ᠬᠠᠮᠲᠤ ᠪᠠᠷ ᠰᠢᠨ᠎ᠡ ᠪᠠᠷ ᠪᠠᠶᠢᠭᠤᠯᠤᠭᠰᠠᠨ ᠨᠠᠮ ᠤᠨ ᠡᠭᠦᠷ ᠤᠨ ᠫᠠᠶᠢᠰᠠ ᠶᠢ ᠰᠡᠬᠦᠭᠰᠡᠨ ᠪᠥᠭᠡᠳ ᠨᠠᠮ ᠤᠨ ᠡᠭᠦᠷ ᠲᠤ ᠰᠤᠷᠤᠯᠴᠠᠬᠤ ᠨᠣᠮ ᠪᠢᠴᠢᠭ ᠬᠠᠩᠭᠠᠵᠤ᠂ ᠨᠠᠮ ᠤᠨ ᠡᠭᠦᠷ ᠤᠨ ᠨᠠᠮ ᠤᠨ ᠭᠡᠰᠢᠭᠦᠳ ᠲᠤ ᠨᠠᠮ ᠤᠨ ᠭᠡᠰᠢᠭᠦᠨ ᠤ ᠤᠯᠤᠰ ᠲᠦᠷᠦ ᠶᠢᠨ ᠲᠦᠷᠦᠭᠰᠡᠨ ᠡᠳᠦᠷ ᠎ ᠤᠨ ᠺᠠᠷᠲ ᠣᠯᠭᠤᠵᠤ᠂ ᠪᠦᠬᠦ ᠨᠠᠮ ᠤᠨ ᠭᠡᠰᠢᠭᠦᠨ ᠨᠠᠮ ᠳᠤ      ᠬᠤᠷᠠᠯ ᠠᠴᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠵᠤ ᠠᠬᠤᠶᠢᠯᠠᠯ ᠳᠤ ᠪᠠᠶᠢᠭᠤᠯᠤᠭᠰᠠᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠮᠥᠨ᠂ ᠲᠤᠰ ᠪᠡᠶ᠎ᠡ ᠶᠢᠨ ᠢᠳᠡᠪᠬᠢ ᠦᠢᠯᠡᠳᠦᠯ ᠢᠶᠠᠨ ᠪᠠᠳᠠᠷᠠᠭᠤᠯᠵᠤ᠂ ᠨᠠᠮ ᠤᠨ ᠤᠯᠠᠨ ᠲᠦᠮᠡᠨ ᠤ ᠰᠠᠭᠤᠷᠢ ᠶᠢ ᠥᠷᠭᠡᠳᠬᠡᠵᠦ᠂ ᠠᠵᠤ ᠠᠬᠤᠶᠢᠯᠠᠯ ᠤᠨ ᠬᠥᠭᠵᠢᠯᠲᠡ ᠎ ᠳᠠᠬᠢ ᠨᠠᠮ ᠤᠨ ᠡᠭᠦᠷ ᠤᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠤᠯᠤᠰ ᠲᠦᠷᠦ ᠎ ᠶᠢᠨ ᠵᠢᠯᠣᠭᠤᠳᠤᠮᠵᠢ ᠪᠣᠯᠤᠨ ᠤᠯᠤᠰ ᠲᠦᠷᠦ ᠶᠢᠨ ᠭᠤᠣᠯᠯᠠᠭᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠬᠡᠷᠡᠭᠲᠡᠢ ᠬᠡᠪᠡ  ᠃      ᠬᠤᠷᠠᠯ ᠤᠨ ᠳᠠᠷᠠᠭ᠎ᠠ᠂ ᠡᠵᠡᠨ ᠬᠤᠷᠤᠭ᠎ᠠ ᠬᠤᠰᠢᠭᠤᠨ ᠤ ᠰᠢᠨ ᠲᠠᠢ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠤᠨ ᠡᠵᠡᠨ ᠬᠤᠷᠤᠭ᠎ᠠ ᠬᠤᠰᠢᠭᠤᠨ ᠤ ᠵᠥᠩ ᠶᠤᠸᠠᠨ ᠨᠠᠪᠴᠢᠨ ᠲᠠᠮᠠᠬᠢ ᠨᠠᠷᠠᠲᠤ ᠠᠷᠢᠬᠢᠨ ᠤ ᠬᠡᠲᠦ ᠳᠡᠯᠭᠡᠭᠦᠷ ᠲᠤ ᠡᠪ ᠬᠠᠮᠲᠤ ᠨᠠᠮ ᠤᠨ ᠭᠡᠰᠢᠭᠦᠨ ᠤ ᠡᠵᠡᠩᠨᠡᠯᠲᠡ ᠶᠢᠨ ᠡᠷᠦᠬᠡ ᠶᠢᠨ ᠫᠠᠶᠢᠰᠠ ᠢᠯᠡᠷᠬᠡᠶᠢᠯᠡᠯ ᠣᠯᠭᠤᠵᠤ᠂ ᠨᠡᠶᠢᠲᠡ ᠶᠢᠨ ᠥᠮᠴᠢᠯᠡᠯ ᠤᠨ ᠪᠤᠰᠤ ᠨᠠᠮ ᠤᠨ ᠪᠠᠶᠢᠭᠤᠯᠤᠯᠲᠠ ᠶᠢᠨ ᠠᠵᠢᠯ ᠤᠨ ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠪ ᠬᠠᠮᠲᠤ ᠨᠠᠮ ᠤᠨ ᠭᠡᠰᠢᠭᠦᠨ ᠤ ᠡᠵᠡᠩᠨᠡᠯᠲᠡ ᠎ ᠶᠢᠨ ᠡᠷᠦᠬᠡ ᠶᠢᠨ ᠬᠤᠰᠢᠭᠤᠴᠢ ᠵᠢᠱᠢᠶᠡᠴᠢ ᠦᠶᠯᠡᠳᠦᠯ ᠢ ᠪᠠᠳᠠᠷᠠᠭᠤᠯᠵᠤ᠂ ᠨᠠᠩ ᠣᠯᠠᠨ ᠬᠤᠳᠠᠯᠳᠤᠭᠠᠨ ᠤ ᠡᠷᠦᠬᠡ ᠎ ᠶᠢᠨ ᠦᠨᠡᠨᠴᠢ ᠢᠲᠡᠭᠡᠮᠵᠢᠲᠡᠶ ᠬᠠᠤᠯᠢ ᠶᠢ ᠰᠠᠬᠢᠵᠤ ᠡᠵᠡᠩᠨᠡᠬᠦ ᠶᠢ ᠬᠥᠲᠥᠯᠥᠨ ᠳᠠᠭᠠᠭᠤᠯᠪᠠ  ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号