ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠡᠵᠡᠨ ᠬᠤᠷᠤᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠶ ᠦᠶᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2022/5/19
       ᠰᠢᠨ᠎ᠡ ᠵᠢᠯ᠂ ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠲᠠᠰᠢᠷᠠᠮ ᠳᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠦᠶᠯᠡᠳᠪᠦᠷᠢᠯᠡᠯ ᠡᠵᠡᠩᠨᠡᠯᠲᠡ ᠶᠢᠨ ᠣᠷᠭᠢᠯ ᠦᠶ᠎ᠡ ᠳᠤ ᠤᠷᠤᠵᠤ᠂ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠠᠶᠤᠯᠭᠦᠶ ᠦᠶᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠶᠤᠯ ᠲᠦᠭᠰᠢᠭᠦᠷᠢ ᠶᠢᠨ ᠳᠠᠯᠳᠠ ᠬᠡᠮ ᠢ ᠢᠳᠡᠪᠬᠢᠲᠡᠶ ᠰᠡᠷᠭᠡᠶᠢᠯᠡᠬᠦ ᠪᠠ ᠰᠠᠨᠠᠭᠠᠴᠢᠯᠠᠭ᠎ᠠ ᠠᠴᠠ ᠪᠠᠨ ᠠᠷᠢᠯᠭᠠᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠢᠨᠠᠯᠲᠠ ᠪᠠᠶᠢᠴᠠᠭᠠᠯᠲᠠ ᠶᠢ ᠪᠠᠶᠢᠩᠭᠤᠵᠢᠭᠤᠯᠤᠨ ᠠᠬᠢᠭᠤᠯᠵᠤ᠂ ᠪᠥᠬᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠠᠶᠤᠯᠭᠦᠶ ᠦᠶᠯᠡᠳᠪᠦᠷᠢᠯᠡᠯ ᠎ ᠤᠨ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠪᠠ  ᠃ ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠶ ᠦᠶᠯᠡᠳᠪᠦᠷᠢᠯᠡᠯ ᠤᠨ ᠲᠤᠰᠬᠠᠶ ᠰᠡᠳᠦᠪᠲᠦ ᠪᠠᠶᠢᠷᠢᠯᠠᠭᠤᠯᠤᠯᠲᠠ ᠎ ᠶᠢᠨ ᠬᠤᠷᠠᠯ ᠬᠤᠷᠠᠯᠳᠤᠭᠤᠯᠪᠠ  ᠃      ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠠᠰᠠᠭᠤᠳᠠᠯ ᠎ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠎ ᠤᠨ ᠲᠤᠰᠬᠠᠢ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠤᠨ ᠳᠠᠷᠠᠭ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠡᠯ᠎ᠡ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ ᠳᠤᠭᠤᠶᠢᠯᠠᠩ ᠬᠤᠪᠢᠶᠠᠨ ᠳᠠᠭᠠᠭᠤᠯᠵᠤ᠂ ᠬᠢᠨᠠᠯᠲᠠ ᠬᠠᠮᠢᠶᠠᠷᠤᠯᠲᠠ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠥᠷᠨᠢᠭᠦᠯᠪᠡ᠃ ᠨᠢᠭᠡ ᠲᠠᠯ᠎ᠠ ᠪᠠᠷ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠶᠯᠡᠳᠪᠦᠷᠢᠯᠡᠯ ᠡᠵᠡᠩᠨᠡᠯᠲᠡ ᠎ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠨ᠎ᠡ᠃ ᠨᠥᠭᠦᠭᠡ ᠲᠠᠯ᠎ᠠ ᠪᠠᠷ ᠠᠵᠤ ᠠᠬᠤᠶᠢᠯᠠᠯ ᠤᠨ ᠠᠶᠤᠯᠭᠦᠶ ᠦᠶᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠣᠲᠣᠭᠠᠳᠤ ᠎ ᠶᠢᠨ ᠬᠠᠮᠢᠶᠠᠷᠤᠯᠲᠠ ᠪᠠᠨ ᠴᠢᠩᠭᠠᠳᠬᠠᠨ᠂ ᠠᠶᠤᠯᠭᠦᠶ ᠦᠶᠯᠡᠳᠪᠦᠷᠢᠯᠡᠯ ᠤᠨ ᠲᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠡᠯ᠎ᠡ ᠲᠥᠷᠥᠯ ᠤᠨ ᠠᠮᠤᠷ ᠲᠦᠪᠰᠢᠨ ᠤ ᠲᠣᠨᠤᠭ ᠲᠥᠬᠦᠭᠡᠷᠦᠮᠵᠢ ᠶᠢ ᠪᠠᠶᠢᠴᠠᠭᠠᠬᠤ᠂ ᠬᠠᠮᠠᠭᠠᠯᠠᠬᠤ ᠪᠠ ᠠᠷᠠᠴᠢᠯᠠᠬᠤ ᠠᠵᠢᠯ ᠢ ᠰᠠᠶᠢᠲᠤᠷ ᠬᠢᠬᠦ ᠶᠢ ᠱᠠᠭᠠᠷᠳᠠᠪᠠ ᠃ ᠡᠭᠦᠨ ᠤ ᠬᠠᠮᠲᠤ᠂ ᠠᠵᠤ ᠠᠬᠤᠶᠢᠯᠠᠯ ᠢ ᠡᠳᠦᠷ ᠲᠤᠲᠤᠮ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠᠨ ᠴᠢᠩᠭᠠᠳᠬᠠᠵᠤ᠂ ᠠᠵᠢᠯᠲᠠᠨ ᠠᠵᠢᠯᠴᠢᠨ ᠤ ᠠᠶᠤᠯᠭᠦᠶ ᠦᠶᠯᠡᠳᠪᠦᠷᠢᠯᠡᠯ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠶᠤᠯᠭᠦᠶ ᠦᠶᠯᠡᠳᠪᠦᠷᠢᠯᠡᠯ ᠤᠨ ᠡᠯ᠎ᠡ ᠵᠦᠶᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号