ᠬᠤᠰᠢᠭᠤᠨ ᠤ ᠬᠤᠲᠠ ᠶᠢᠨ ᠶᠠᠪᠤᠳᠠᠯ ᠤᠨ ᠨᠡᠶᠢᠲᠡ ᠶᠢᠨ ᠦᠶᠯᠡᠰ ᠤᠨ ᠲᠥᠪ ᠪᠠᠶᠠᠷ ᠤᠨ ᠡᠳᠦᠷ ᠠᠴᠠ ᠡᠮᠦᠨ᠎ᠡ ᠲᠣᠬᠤᠨᠢᠭᠤᠯᠵᠤ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/19
       ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠶᠢᠨ ᠬᠠᠮᠲᠤ ᠳᠠᠭᠠᠭᠠᠴᠢᠯᠠᠨ ᠬᠠᠷᠢᠯᠴᠠᠬᠤ ᠲᠣᠰᠬᠤᠨ ᠤ ᠠᠷᠠᠳ ᠢ ᠬᠠᠯᠠᠭᠤᠨ ᠳᠤᠯᠠᠭᠠᠨ ᠡᠶ᠎ᠡ ᠨᠠᠶᠢᠷᠠᠮᠳᠠᠭᠤ ᠴᠠᠭᠠᠨ ᠰᠠᠷ᠎ᠠ ᠶᠢ ᠥᠩᠭᠡᠷᠡᠭᠦᠯᠪᠡ᠃ ᠬᠤᠰᠢᠭᠤᠨ ᠤ ᠬᠤᠲᠠ ᠎ ᠶᠢᠨ ᠶᠠᠪᠤᠳᠠᠯ ᠤᠨ ᠨᠡᠶᠢᠲᠡ ᠶᠢᠨ ᠦᠶᠯᠡᠰ ᠤᠨ ᠲᠥᠪ ᠤᠨ ᠨᠠᠮ ᠤᠨ ᠡᠭᠦᠷ ᠤᠨ ᠱᠦᠵᠢ᠂ ᠡᠷᠬᠢᠯᠡᠭᠴᠢ ᠯᠢᠦ ᠮᠧᠩ ᠨᠥᠬᠦᠷ ᠭᠤᠤᠯ ᠤᠳᠤᠷᠢᠳᠬᠤ ᠪᠠᠭ ᠵᠢᠴᠢ ᠲᠣᠰᠬᠤᠨ ᠳᠤ ᠰᠠᠭᠤᠭ᠎ᠠ ᠺᠠᠳ᠋ᠷ ᠨᠠᠷ ᠢ ᠳᠠᠭᠠᠭᠤᠯᠤᠨ ᠬᠤᠨᠢᠴᠢᠨ ᠭᠤᠤᠯ ᠪᠠᠯᠭᠠᠰᠤᠨ ᠤ ᠮᠤᠬᠤᠷ ᠣᠪᠣᠭ᠎ᠠ ᠲᠣᠰᠬᠤᠨ ᠳᠤ ᠭᠦᠨᠵᠡᠭᠡᠶᠢᠷᠡᠨ ᠪᠠᠶᠠᠷ ᠤᠨ ᠡᠳᠦᠷ ᠠᠴᠠ ᠡᠮᠦᠨ᠎ᠡ ᠲᠣᠬᠤᠨᠢᠭᠤᠯᠵᠤ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠥᠷᠨᠢᠭᠦᠯᠵᠦ᠂ ᠲᠣᠰ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠵᠦ ᠪᠠᠶᠢᠭ᠎ᠠ ᠡᠷᠦᠬᠡ᠂ ᠲᠠᠪᠤᠨ ᠪᠠᠲᠤᠯᠠᠭᠠᠲᠤ ᠡᠷᠦᠬᠡ᠂ ᠶᠠᠳᠠᠭᠤ ᠠᠴᠠ ᠠᠩᠭᠢᠵᠢᠷᠠᠭᠰᠠᠨ ᠡᠷᠦᠬᠡ ᠵᠡᠷᠭᠡ 48 ᠡᠷᠦᠬᠡ ᠶᠢ ᠲᠣᠬᠤᠨᠢᠭᠤᠯᠪᠠ᠃      ᠲᠣᠬᠤᠨᠢᠭᠤᠯᠬᠤ ᠳᠤᠭᠤᠶᠢᠯᠠᠩ ᠤᠨ ᠬᠢᠨ ᠠᠮᠤ ᠪᠤᠳᠠᠭ᠎ᠠ᠂ ᠭᠤᠯᠢᠷ ᠵᠡᠷᠭᠡ ᠲᠣᠬᠤᠨᠢᠭᠤᠯᠬᠤ ᠡᠳ᠋ ᠪᠣᠳᠠᠰ ᠬᠦᠷᠭᠡᠵᠦ᠂ ᠣᠶᠢᠷ᠎ᠠ ᠶᠢᠨ ᠬᠤᠭᠤᠴᠠᠭᠠᠨ ᠤ ᠠᠮᠢᠳᠤᠷᠠᠯ ᠪᠠ ᠪᠡᠶ᠎ᠡ ᠮᠠᠬᠠᠪᠣᠳ ᠤᠨ ᠪᠠᠶᠢᠳᠠᠯ ᠢ ᠨᠢ ᠨᠠᠷᠢᠨ ᠠᠰᠠᠭᠤᠵᠤ ᠂ ᠲᠡᠳᠡᠨ ᠢ ᠢᠲᠡᠭᠡᠯ ᠵᠣᠷᠢᠭ ᠢᠶᠠᠨ ᠪᠠᠲᠤᠳᠬᠠᠵᠤ᠂ ᠢᠳᠡᠪᠬᠢᠲᠡᠶ ᠥᠭᠡᠳᠡᠯᠡᠨ ᠳᠠᠪᠰᠢᠬᠤ ᠣᠪᠣᠷ ᠢᠶᠠᠷ ᠠᠮᠢᠳᠤᠷᠠᠯ ᠎ ᠳᠤ ᠬᠠᠨᠳᠤᠬᠤ ᠬᠡᠷᠡᠭᠲᠡᠶ ᠭᠡᠵᠦ ᠵᠣᠷᠢᠭᠵᠢᠭᠤᠯᠤᠭᠰᠠᠨ ᠪᠥᠭᠡᠳ ᠲᠡᠳᠡᠨ ᠤ ᠮᠠᠨ ᠤ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠶ ᠰᠣᠨᠣᠰᠪᠠ᠃ ᠬᠠᠮᠤᠭ ᠰᠡᠭᠦᠯ ᠳᠤ ᠲᠡᠳᠡᠨ ᠢ ᠬᠦᠴᠢᠷᠳᠡᠯ ᠲᠤᠯᠭᠠᠷᠠᠪᠠᠯ ᠴᠠᠭ ᠲᠤᠬᠠᠶ ᠳᠤᠨᠢ ᠲᠣᠰᠬᠤᠨ ᠳᠤ ᠰᠠᠭᠤᠭ᠎ᠠ ᠺᠠᠳ᠋ᠷ ᠲᠠᠢ ᠶᠠᠷᠢᠯᠴᠠᠵᠤ᠂ ᠮᠠᠨ ᠤ ᠲᠥᠪ ᠪᠦᠬᠦ ᠬᠦᠴᠦᠨ ᠢᠶᠠᠷ ᠢᠶᠠᠨ ᠣᠯᠠᠨ ᠳᠤ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠶᠳᠪᠦᠷᠢᠯᠡᠵᠦ ᠥᠭᠭᠦᠨ᠎ᠡ ᠭᠡᠵᠦ ᠵᠠᠬᠢᠪᠠ᠃      ᠲᠤᠰ ᠤᠳᠠᠭᠠᠨ ᠤ ᠪᠠᠶᠠᠷ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠨᠢ ᠬᠠᠶᠢᠷ᠎ᠠ ᠬᠠᠯᠠᠮᠵᠢ ᠶᠢ ᠲᠣᠰᠬᠤᠨ ᠤ ᠠᠷᠠᠳ ᠤᠨ ᠰᠡᠳᠬᠢᠯ ᠳᠤ ᠬᠦᠷᠭᠡᠵᠦ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠪᠠᠰᠠ ᠲᠣᠰᠬᠤᠨ ᠤ ᠠᠷᠠᠳ ᠲᠠᠢ ᠰᠣᠯᠢᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠪᠠ᠃ ᠬᠤᠶᠢᠰᠢᠳᠠ᠂ ᠪᠢᠳᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠣᠰᠬᠤᠨ ᠤ ᠠᠷᠠᠳ ᠲᠤ ᠬᠠᠪᠰᠤᠷᠤᠯᠭ᠎ᠠ ᠦᠵᠡᠭᠦᠯᠵᠦ᠂ ᠲᠡᠳᠡᠨ ᠢ ᠡᠷᠲᠡᠬᠡᠨ ᠨᠠᠩ ᠰᠠᠶᠢᠨ ᠰᠠᠶᠢᠬᠠᠨ ᠠᠮᠢᠳᠤᠷᠠᠯ ᠲᠠᠢ ᠪᠣᠯᠭᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号