ᠡᠵᠡᠨ ᠬᠤᠷᠤᠭ᠎ᠠ ᠶᠢᠨ ᠲᠣᠮᠢᠯᠠᠭᠰᠠᠨ ᠰᠠᠯᠪᠤᠷᠢ ︽ᠴᠠᠭᠳᠠᠭ᠎ᠠ ᠠᠷᠠᠳ ᠰᠡᠳᠬᠢᠯ ᠨᠢᠭᠡᠳᠦᠨ ᠠᠷᠠᠳ ᠢᠶᠠᠨ ᠬᠠᠶᠢᠷᠠᠯᠠᠬᠤ ᠦᠶᠯᠡᠳᠦᠯᠭᠡ︾᠎ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/19
     ᠣᠶᠢᠷ᠎ᠠ ᠳᠤ᠂ ᠡᠵᠡᠨ ᠬᠤᠷᠤᠭ᠎ᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠵᠡᠨ ᠬᠤᠷᠤᠭ᠎ᠠ ᠎ ᠳᠠᠬᠢ ᠲᠣᠮᠢᠯᠠᠭᠰᠠᠨ ᠰᠠᠯᠪᠤᠷᠢ  ᠰᠠᠭᠤᠳᠠᠯ ᠤᠨ ᠬᠤᠷᠠᠯ ᠬᠤᠷᠠᠯᠳᠤᠭᠤᠯᠬᠤ᠂ ᠡᠷᠦᠬᠡ ᠳᠤ ᠭᠦᠨᠵᠡᠭᠡᠶᠢᠷᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠲᠠᠢ ᠨᠢᠭᠤᠷᠲᠠᠨ ᠶᠠᠷᠢᠯᠴᠠᠵᠤ᠂ ᠠᠷᠠᠳ ᠤᠨ ᠰᠠᠨᠠᠯ ᠢ ᠥᠷᠭᠡᠨ ᠎ ᠢᠶᠠᠷ ᠬᠤᠷᠢᠶᠠᠨ᠂ ︽ᠴᠠᠭᠳᠠᠭ᠎ᠠ ᠠᠷᠠᠳ ᠰᠡᠳᠬᠢᠯ ᠨᠢᠭᠡᠳᠦᠨ ᠠᠷᠠᠳ ᠢᠶᠠᠨ ᠬᠠᠶᠢᠷᠠᠯᠠᠬᠤ ᠦᠶᠯᠡᠳᠦᠯᠭᠡ︾᠎ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠪᠡ᠃      ᠰᠠᠭᠤᠳᠠᠯ ᠤᠨ ᠬᠤᠷᠠᠯ ᠳᠡᠭᠡᠷ᠎ᠡ᠂ ᠤᠳᠤᠷᠢᠳᠤᠯᠭ᠎ᠠ ᠨᠠᠷ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤ 2021 ᠣᠨ ᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠵᠢᠴᠢ ᠦᠷ᠎ᠡ ᠪᠦᠲᠦᠮᠵᠢ ᠶᠢ ᠬᠠᠷᠢᠭᠤ ᠮᠡᠳᠡᠭᠦᠯᠦᠭᠰᠡᠨ ᠪᠥᠭᠡᠳ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠶᠳᠪᠦᠷᠢᠯᠡᠬᠦ᠂ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠲᠠᠨᠢᠯᠴᠠᠭᠤᠯᠪᠠ᠃ ᠬᠤᠷᠠᠯ ᠎ ᠳᠤ ᠣᠷᠣᠯᠴᠠᠭᠰᠠᠨ ᠲᠥᠯᠥᠭᠡᠯᠡᠭᠴᠢᠳ ᠡᠵᠡᠨ ᠬᠤᠷᠤᠭ᠎ᠠ ᠶᠢᠨ ᠲᠣᠮᠢᠯᠠᠭᠰᠠᠨ ᠰᠠᠯᠪᠤᠷᠢ ᠶᠢᠨ ᠡᠩᠨᠡᠭᠡᠨ ᠤ ᠪᠠᠶᠢᠭᠤᠯᠤᠯᠲᠠ ᠪᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠶᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠵᠡᠷᠭᠡ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠶᠢ ᠨᠤᠲᠠᠯᠠᠪᠠ᠃      ᠠᠶᠢᠯ ᠡᠷᠦᠬᠡ ᠪᠠᠷ ᠰᠤᠷᠪᠤᠯᠵᠢᠯᠠᠬᠤ ᠦᠶ᠎ᠡ ᠳᠤ᠂ ᠤᠳᠤᠷᠢᠳᠤᠯᠭ᠎ᠠ ᠪᠡᠶ᠎ᠡ ᠪᠠᠷ ᠢᠶᠠᠨ ᠳᠠᠭᠠᠭᠤᠯᠤᠨ᠂ ︽ᠲᠠᠪᠤᠨ ᠵᠠᠪᠠᠯ ᠰᠤᠷᠪᠤᠯᠵᠢᠯᠠᠬᠤ᠂ ᠪᠦᠬᠦᠨ ᠢ ᠪᠦᠷᠬᠦᠬᠦᠯᠬᠦ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠪᠠ  ᠃ ᠡᠷᠦᠬᠡ ᠎ ᠳᠤ ᠬᠦᠷᠬᠦ ᠪᠣᠯᠭᠠᠨ᠂ ᠰᠠᠭᠤᠭᠠᠯᠢ ᠡᠷᠦᠬᠡ ᠶᠢᠨ ᠭᠡᠷ ᠪᠦᠯᠢ ᠶᠢᠨ ᠪᠠᠶᠢᠳᠠᠯ᠂ ᠠᠵᠤ ᠠᠬᠤᠶ ᠶᠢᠨ ᠢᠷᠡᠯᠲᠡ᠂ ᠡᠷᠡᠭᠦᠯ ᠴᠢᠭᠢᠷᠠᠭ ᠤᠨ ᠪᠠᠶᠢᠳᠠᠯ ᠪᠣᠯᠤᠨ ᠠᠮᠢᠳᠤᠷᠠᠯ ᠤᠨ ᠵᠠᠷᠤᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠷᠠᠳ ᠣᠯᠠᠨ ᠤ ᠲᠤᠰᠬᠠᠭᠰᠠᠨ ᠠᠰᠠᠭᠤᠳᠠᠯ ᠢ ᠨᠢᠭᠡᠳ ᠨᠢᠭᠡ ᠪᠠᠷ ᠬᠠᠷᠢᠭᠤᠯᠬᠤ ᠬᠡᠷᠡᠭᠲᠡᠶ  ᠃ ᠡᠭᠦᠨ ᠤ ᠬᠠᠮᠲᠤ᠂ ᠣᠯᠠᠨ ᠲᠦᠮᠡᠨ ᠳᠤ ᠰᠢᠨ᠎ᠡ ᠬᠡᠯᠪᠡᠷᠢ ᠶᠢᠨ ᠴᠠᠬᠢᠯᠭᠠᠨ ᠬᠤᠯᠪᠣᠭᠠᠨ ᠤ ᠮᠡᠬᠡᠯᠡᠯ ᠤᠨ ᠬᠡᠷᠡᠭ ᠤᠨ ᠵᠢᠱᠢᠶ᠎ᠡ ᠶᠢ ᠢᠳᠡᠪᠬᠢᠲᠡᠶ ᠲᠠᠶᠢᠯᠪᠤᠷᠢᠯᠠᠨ ᠥᠭᠴᠦ᠂ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ ᠤᠨ APP︾᠂ ︽ᠮᠡᠬᠡᠯᠡᠯ ᠎ ᠢ ᠰᠡᠷᠭᠡᠶᠢᠯᠡᠬᠦ ᠠᠯᠲᠠᠨ ᠬᠤᠩᠬᠤ ᠶᠢᠨ ᠪᠦᠷᠬᠦᠭᠦᠯ︾ ᠵᠡᠷᠭᠡ APP᠎ ᠶᠢ ᠤᠬᠠᠭᠤᠯᠤᠨ ᠳᠡᠯᠭᠡᠷᠡᠭᠦᠯᠵᠦ᠂ ᠣᠯᠠᠨ ᠲᠦᠮᠡᠨ ᠤ ᠮᠡᠬᠡᠯᠡᠯ ᠢ ᠰᠡᠷᠭᠡᠶᠢᠯᠡᠬᠦ ᠤᠬᠠᠮᠰᠠᠷ ᠪᠠ ᠮᠡᠬᠡᠯᠡᠯ ᠢ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠲᠣᠰ ᠤᠳᠠᠭᠠᠨ ᠤ ᠠᠵᠢᠯᠯᠠᠭ᠎ᠠ ᠳᠤ ᠠᠷᠠᠳ ᠤᠨ ᠴᠠᠭᠳᠠᠭ᠎ᠠ ᠠᠩᠬᠠᠷᠤᠯ ᠢᠶᠠᠨ ᠬᠠᠷᠢᠶᠠᠲᠤ ᠣᠷᠣᠨ ᠤ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠠᠰᠠᠭᠤᠳᠠᠯ ᠳᠡᠭᠡᠷ᠎ᠡ ᠲᠠᠯᠪᠢᠵᠤ᠂ ᠬᠠᠷᠢᠶᠠᠲᠤ ᠣᠷᠣᠨ ᠤ ᠣᠯᠠᠨ ᠲᠦᠮᠡᠨ ᠤ ᠣᠨᠴᠠᠭᠠᠶᠢᠯᠠᠨ ᠠᠩᠬᠠᠷᠴᠤ ᠪᠠᠶᠢᠭ᠎ᠠ ︽ᠪᠠᠴᠢᠮ᠂ ᠬᠦᠴᠢᠷ᠂ ᠵᠣᠪᠠᠨᠢᠯ᠂ ᠬᠦᠰᠡᠯ︾᠎ ᠤᠨ ᠠᠰᠠᠭᠤᠳᠠᠯ ᠢ ᠢᠯᠡᠷᠡᠭᠦᠯᠬᠦ ᠪᠠ ᠰᠢᠶᠳᠪᠦᠷᠢᠯᠡᠬᠦ ᠪᠠᠷ ᠬᠦᠴᠦᠯᠡᠨ ᠴᠢᠷᠮᠠᠶᠢᠵᠤ᠂ ᠡᠶ᠎ᠡ ᠵᠣᠬᠢᠴᠠᠩᠭᠤᠶ ᠲᠣᠭᠲᠠᠭᠤᠨ ᠨᠡᠶᠢᠭᠡᠮ ᠤᠨ ᠠᠮᠤᠷ ᠲᠦᠪᠰᠢᠨ ᠤ ᠡᠮᠬᠢ ᠳᠢᠭᠯᠢᠮ ᠢ ᠪᠣᠶ ᠪᠣᠯᠭᠠᠵᠤ᠂ ᠬᠠᠷᠢᠶᠠᠲᠤ ᠣᠷᠣᠨ ᠤ ᠣᠯᠠᠨ ᠲᠦᠮᠡᠨ ᠤ ᠠᠮᠤᠷ ᠲᠦᠪᠰᠢᠨ ᠎ ᠤ ᠲᠥᠷᠥᠭᠳᠡᠯ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号