ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠦᠶᠯᠡᠰ ᠤᠨ ᠬᠥᠭᠵᠢᠯᠲᠡ ᠶᠢᠨ ᠲᠥᠪ 2022 ᠣᠨ ᠤ ᠴᠠᠭᠠᠨ ᠰᠠᠷ᠎ᠠ ᠳᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠢ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/5/19
       ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠲᠠᠰᠢᠷᠠᠮ ᠳᠤ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠢ ᠪᠠᠶᠠᠷ ᠬᠥᠷ ᠲᠠᠢ᠂ ᠥᠯᠵᠡᠶ ᠪᠡᠯᠭᠡ ᠲᠠᠢ᠂ ᠪᠠᠶᠠᠷ ᠬᠥᠷ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢᠨ ᠲᠥᠯᠥᠭᠡ᠃ ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠦᠶᠯᠡᠰ ᠤᠨ ᠬᠥᠭᠵᠢᠯᠲᠡ ᠶᠢᠨ ᠲᠥᠪ ᠤᠨ ᠤᠳᠤᠷᠢᠳᠬᠤ ᠪᠠᠭ ᠤᠨ ᠪᠦᠷᠢᠯᠳᠦᠬᠦᠨ ᠲᠣᠰ ᠲᠣᠰ ᠳᠤᠭᠤᠶᠢᠯᠠᠩ ᠳᠠᠭᠠᠭᠤᠯᠤᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ 77 ᠠᠬᠠᠮᠠᠳ ᠨᠥᠬᠦᠳ ᠢ ᠪᠣᠯᠭᠤᠭᠠᠨ ᠲᠣᠬᠤᠨᠢᠭᠤᠯᠵᠤ ᠳᠠᠭᠤᠰᠬᠠᠪᠠ᠃      ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠦᠶᠯᠡᠰ ᠤᠨ ᠬᠥᠭᠵᠢᠯᠲᠡ ᠶᠢᠨ ᠲᠥᠪ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠢ ᠡᠷᠬᠢᠨ ᠦᠵᠡᠵᠦ ᠲᠣᠬᠤᠨᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭᠠᠨ ᠰᠠᠷ᠎ᠠ ᠠᠬᠠᠮᠠᠳ ᠺᠠᠳ᠋ᠷᠴᠤᠳ ᠢ ᠡᠷᠬᠢᠨ ᠦᠵᠡᠵᠦ ᠲᠣᠬᠤᠨᠢᠭᠤᠯᠬᠤ ᠠᠵᠢᠯ ᠢ ᠨᠢᠭᠡ ᠵᠦᠶᠯ ᠎ ᠤᠨ ᠤᠯᠤᠰ ᠲᠥᠷᠥ ᠶᠢᠨ ᠡᠭᠦᠷᠭᠡ ᠪᠣᠯᠭᠠᠵᠤ᠂ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠰᠤᠳᠤᠯᠤᠨ ᠪᠠᠶᠢᠷᠢᠯᠠᠭᠤᠯᠵᠤ᠂ ᠡᠷᠬᠢᠨ ᠦᠵᠡᠵᠦ ᠲᠣᠬᠤᠨᠢᠭᠤᠯᠬᠤ ᠨᠠᠷᠢᠨ ᠲᠣᠬᠢᠷᠠᠭᠤᠯᠤᠯᠲᠠ ᠶᠢᠨ ᠲᠥᠯᠥᠪᠯᠡᠭᠡ ᠲᠣᠭᠲᠠᠭᠠᠪᠠ᠃ ᠲᠣᠬᠤᠨᠢᠭᠤᠯᠬᠤ ᠠᠵᠢᠯᠲᠠᠨ ᠡᠷᠦᠬᠡ ᠪᠦᠷᠢ ᠳᠤ ᠬᠦᠷᠴᠦ᠂ ᠠᠬᠠᠮᠠᠳ ᠺᠠᠳ᠋ᠷᠴᠤᠳ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠤᠯᠠᠮᠵᠢᠯᠠᠯ ᠢᠶᠠᠨ ᠡᠷᠭᠢᠴᠡᠭᠦᠯᠵᠦ᠂ ᠵᠣᠭᠤᠭ ᠳᠡᠯᠭᠡᠵᠦ᠂ ᠬᠥᠭᠵᠢᠯᠲᠡ ᠶᠢ ᠶᠠᠷᠢᠯᠴᠠᠵᠤ᠂ ᠢᠷᠡᠭᠡᠳᠦᠶ ᠎ ᠶᠢ ᠶᠠᠷᠢᠯᠴᠠᠨ᠎ᠠ︔ ᠠᠬᠠᠮᠠᠳ ᠺᠠᠳ᠋ᠷᠴᠤᠳ ᠤᠨ ᠠᠮᠢᠳᠤᠷᠠᠯ ᠪᠠ ᠡᠷᠡᠭᠦᠯ ᠮᠡᠨᠳᠤ ᠶᠢᠨ ᠪᠠᠶᠢᠳᠠᠯ ᠢ ᠳᠣᠲᠣᠨᠣ ᠪᠠᠷ ᠯᠠᠪᠯᠠᠨ ᠠᠰᠠᠭᠤᠵᠤ᠂ ᠲᠡᠳᠡᠨ ᠤ ᠰᠠᠨᠠᠯ ᠰᠠᠨᠠᠭᠤᠯᠭ᠎ᠠ ᠶᠢ ᠬᠢᠨᠠᠮᠠᠭᠠᠢ ᠰᠣᠨᠣᠰᠪᠠ︔ ᠠᠬᠠᠮᠠᠳ ᠺᠠᠳ᠋ᠷᠴᠤᠳ ᠤᠨ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠠᠵᠢᠯ ᠤᠨ ᠬᠥᠭᠵᠢᠯᠲᠡ ᠎ ᠶᠢ ᠣᠶᠢᠯᠠᠭᠠᠵᠤ᠂ ᠬᠠᠯᠠᠮᠵᠢᠯᠠᠨ᠂ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ︔ ᠠᠬᠠᠮᠠᠳ ᠺᠠᠳ᠋ᠷᠴᠤᠳ ᠎ ᠲᠤ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠬᠦᠷᠭᠡᠬᠦ ᠶᠢᠨ ᠬᠠᠮᠲᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠤᠯᠤᠰ ᠲᠦᠷᠦ ᠶᠢᠨ ᠲᠠᠯ᠎ᠠ ᠪᠠᠷ ᠢᠯᠡᠭᠦᠬᠡᠨ ᠬᠠᠯᠠᠮᠵᠢᠯᠠᠵᠤ᠂ ᠦᠵᠡᠯ ᠰᠠᠨᠠᠭᠠᠨ ᠤ ᠲᠠᠯ᠎ᠠ ᠪᠠᠷ ᠢᠯᠡᠭᠦᠬᠡᠨ ᠣᠶᠢᠯᠠᠭᠠᠯᠴᠠᠵᠤ᠂ ᠤᠶᠤᠨ ᠰᠠᠨᠠᠭᠠᠨ ᠤ ᠲᠠᠯ᠎ᠠ ᠪᠠᠷ ᠢᠯᠡᠭᠦᠬᠡᠨ ᠬᠠᠯᠠᠮᠵᠢᠯᠠᠬᠤ ᠶᠢ ᠦᠨᠡᠨ ᠬᠦ ᠪᠡᠶᠡᠯᠡᠭᠦᠯᠪᠡ᠃      ᠠᠬᠠᠮᠠᠳ ᠺᠠᠳ᠋ᠷᠴᠤᠳ᠂ ᠵᠣᠬᠢᠶᠠᠨ ᠪᠠᠶᠢᠭᠤᠯᠤᠯᠲᠠ ᠶᠢᠨ ᠳᠣᠲᠣᠨᠣ ᠬᠠᠯᠠᠮᠵᠢᠯᠠᠯ ᠪᠠ ᠪᠠᠶᠠᠷ ᠤᠨ ᠡᠳᠦᠷ ᠤᠨ ᠮᠡᠨᠳᠦᠴᠢᠯᠡᠯ ᠳᠤ ᠮᠠᠰᠢ ᠲᠠᠯᠠᠷᠬᠠᠵᠤ ᠪᠠᠶᠢᠨ᠎ᠠ᠂ ᠲᠣᠰ ᠰᠠᠯᠠᠭ᠎ᠠ ᠮᠥᠴᠢᠷ ᠲᠣᠰ ᠠᠵᠢᠯ ᠲᠥᠷᠥᠯ ᠲᠣᠰ ᠭᠠᠵᠠᠷ ᠣᠷᠣᠨ ᠤ ᠥᠩᠭᠡᠷᠡᠭᠰᠡᠨ ᠵᠢᠯ ᠤᠳ ᠤᠨ ᠠᠵᠢᠯ ᠤᠨ ᠣᠯᠤᠭᠰᠠᠨ ᠠᠮᠵᠢᠯᠲᠠ ᠪᠦᠲᠦᠮᠵᠢ ᠳᠤ ᠮᠠᠰᠢ ᠪᠠᠶᠠᠷᠯᠠᠵᠤ ᠪᠠᠶᠢᠨ᠎ᠠ᠂ ᠬᠤᠶᠢᠰᠢᠳᠠ ᠥᠩᠭᠡᠷᠡᠭᠰᠡᠨ ᠲᠠᠢ ᠪᠠᠨ ᠠᠳᠠᠯᠢ ᠪᠠᠷ ᠲᠣᠰ ᠪᠡᠶ᠎ᠡ ᠶᠢᠨ ᠳᠠᠪᠠᠭᠤᠯᠢᠭ ᠢᠶᠠᠨ ᠢᠳᠡᠪᠬᠢᠲᠡᠶ ᠪᠠᠳᠠᠷᠠᠭᠤᠯᠵᠤ᠂ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠦᠯᠡᠳᠡᠪᠦᠷᠢ ᠢᠯᠴᠢ ᠪᠠᠨ ᠪᠠᠳᠠᠷᠠᠭᠤᠯᠵᠤ᠂ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号