ᠡᠵᠡᠨ ᠬᠤᠷᠤᠭ᠎ᠠ ᠬᠤᠰᠢᠭᠤᠨ ᠤ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢᠨ ᠲᠤᠪᠴᠢᠶ᠎ᠠ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ ᠠᠮᠤᠷ ᠲᠦᠪᠰᠢᠨ ᠢᠶᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠳᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2022/5/19
     ᠴᠠᠭᠠᠨ ᠰᠠᠷ᠎ᠠ ᠪᠣᠯ ᠠᠶᠤᠯᠭᠦᠶ ᠦᠶᠯᠡᠳᠪᠦᠷᠢᠯᠡᠯ ᠤᠨ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠶ ᠦᠶᠯᠡᠳᠪᠦᠷᠢᠯᠡᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠬᠡᠮ ᠰᠣᠭᠤᠭ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠶᠤᠯᠭᠦᠶ ᠦᠶᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠶᠢᠨ ᠲᠥᠯᠥᠭᠡ᠂ ᠴᠠᠭᠠᠨ ᠰᠠᠷ᠎ᠠ ᠠᠴᠠ ᠡᠮᠦᠨ᠎ᠡ ᠨᠢᠭᠡ ᠡᠳᠦᠷ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ ᠤᠨ ᠡᠷᠬᠢᠯᠡᠭᠴᠢ ᠱᠧ ᡁᠢ ᠫᠢᠩ ᠳᠤᠭᠤᠶᠢᠯᠠᠩ ᠳᠠᠭᠠᠭᠤᠯᠵᠤ᠂ ᠶᠤᠸᠠᠨ ᠵᠢᠩ ᠡᠨᠧᠷᠭᠢ ᠶᠢᠨ ᠲᠥᠷᠥᠯ ᠵᠦᠶᠯ ᠤᠨ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠨ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠡᠯ᠎ᠡ ᠲᠥᠷᠥᠯ ᠵᠦᠶᠯ ᠤᠨ ᠪᠠᠷᠢᠯᠭ᠎ᠠ ᠶᠢᠨ ᠭᠠᠵᠠᠷ ᠤᠨ ᠪᠠᠶᠢᠳᠠᠯ ᠢ ᠭᠦᠨᠵᠡᠭᠡᠶ ᠣᠶᠢᠯᠠᠭᠠᠪᠠ  ᠃      ᠪᠠᠶᠢᠴᠠᠭᠠᠬᠤ ᠳᠤᠭᠤᠶᠢᠯᠠᠩ ᠨᠢ ᠡᠪᠦᠯ ᠤᠨ ᠤᠯᠠᠷᠢᠯ ᠤᠨ ᠪᠠᠷᠢᠯᠭ᠎ᠠ ᠶᠢᠨ ᠭᠠᠵᠠᠷ ᠤᠨ ᠠᠶᠤᠯᠭᠦᠶ ᠦᠶᠯᠡᠳᠪᠦᠷᠢᠯᠡᠯ ᠤᠨ ᠬᠦᠷᠢᠶᠡᠨ ᠳᠠᠬᠢ ᠪᠠᠭᠤᠷᠠᠶ ᠭᠤᠭᠴᠤᠭ᠎ᠠ ᠪᠠᠷ ᠭᠤᠤᠯᠳᠠᠯᠭ᠎ᠠ ᠪᠣᠯᠭᠠᠵᠤ᠂ ᠪᠠᠷᠢᠯᠭ᠎ᠠ ᠶᠢᠨ ᠭᠠᠵᠠᠷ ᠎ ᠤᠨ ᠭᠠᠯ ᠰᠡᠷᠭᠡᠶᠢᠯᠡᠯᠲᠡ ᠶᠢᠨ ᠠᠮᠤᠷ ᠲᠦᠪᠰᠢᠨ᠂ ᠥᠩᠭᠡᠲᠦ ᠪᠣᠯᠣᠳ ᠬᠠᠪᠲᠠᠰᠤᠨ ᠬᠡᠷ ᠤᠨ ᠠᠮᠤᠷ ᠲᠦᠪᠰᠢᠨ᠂ ᠲᠦᠷ ᠴᠠᠭ ᠤᠨ ᠴᠠᠬᠢᠯᠭᠠᠨ ᠬᠡᠷᠡᠭᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠢᠵᠢᠭᠦᠷᠯᠡᠨ ᠰᠠᠬᠢᠬᠤ᠂ ᠲᠣᠭᠤᠰᠣᠨ ᠤ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠎ ᠳᠤ ᠨᠠᠷᠢᠨ ᠪᠠᠶᠢᠴᠠᠭᠠᠯᠲᠠ ᠬᠢᠪᠠ  ᠃      ᠪᠠᠶᠢᠴᠠᠭᠠᠬᠤ ᠳᠤᠭᠤᠶᠢᠯᠠᠩ ᠱᠠᠭᠠᠷᠳᠠᠬᠤ ᠳᠠᠭᠠᠨ᠂ ᠡᠯ᠎ᠡ ᠲᠥᠷᠥᠯ ᠵᠦᠶᠯ ᠪᠠ ᠠᠵᠤ ᠠᠬᠤᠶᠢᠯᠠᠯ ᠤᠳ ᠠᠶᠤᠯᠭᠦᠶ ᠦᠶᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠤ ᠵᠢᠵᠢᠭᠦᠷᠯᠡᠬᠦ ᠲᠦᠷᠢᠮ ᠢ ᠨᠠᠶᠢᠳᠠᠪᠤᠷᠢᠵᠢᠭᠤᠯᠵᠤ᠂ ᠡᠳᠦᠷ ᠪᠦᠷᠢ ᠲᠤᠬᠠᠶ ᠶᠢᠨ ᠲᠠᠯᠠᠪᠠᠶ ᠶᠢᠨ ᠪᠠᠶᠢᠴᠠᠭᠠᠯᠲᠠ ᠬᠢᠵᠦ᠂ ᠪᠠᠷᠢᠯᠭ᠎ᠠ ᠶᠢᠨ ᠪᠤᠰᠤ ᠬᠥᠮᠦᠰ ᠤᠨ ᠲᠤᠬᠠᠶ ᠶᠢᠨ ᠲᠠᠯᠠᠪᠠᠶ ᠳᠤ ᠣᠷᠣᠬᠤ ᠶᠢ ᠴᠢᠩᠭ᠎ᠠ ᠴᠠᠭᠠᠵᠠᠯᠠᠬᠤ ᠬᠡᠷᠡᠭᠲᠡᠶ︔ ᠬᠤᠭᠤᠯᠠᠨ ᠭᠡᠷ᠂ ᠠᠮᠢᠳᠤᠷᠠᠯ ᠤᠨ ᠲᠣᠭᠤᠷᠢᠭ᠂ ᠠᠵᠢᠯᠯᠠᠬᠤ ᠲᠣᠭᠤᠷᠢᠭ ᠵᠡᠷᠭᠡ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠬᠤ ᠬᠡᠷᠡᠭᠲᠡᠶ  ᠃ ᠠᠵᠢᠯᠴᠢᠨ ᠤ ᠪᠠᠶᠢᠷᠢ ᠳᠤ ᠢᠯᠡ ᠭᠠᠯ ᠢᠶᠠᠷ ᠳᠤᠯᠠᠭᠠᠯᠠᠬᠤ ᠪᠠ ᠳᠤᠷ᠎ᠠ ᠪᠠᠷ ᠢᠶᠠᠨ ᠴᠠᠬᠢᠯᠭᠠᠨ ᠲᠠᠳᠠᠵᠤ ᠬᠡᠷᠡᠭᠯᠡᠬᠦ ᠪᠡᠯᠡᠳᠬᠡᠮᠵᠢ ᠶᠢ ᠴᠢᠩᠭ᠎ᠠ ᠴᠠᠭᠠᠵᠠᠯᠠᠵᠤ᠂ ᠶᠡᠭᠡ ᠴᠢᠳᠠᠮᠵᠢᠲᠤ ᠴᠠᠬᠢᠯᠭᠠᠨ ᠬᠡᠷᠡᠭᠰᠡᠯ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠨᠡᠭᠦᠷᠡᠰᠦᠨ ᠬᠡᠢ ᠳᠤ ᠬᠤᠣᠷᠳᠠᠭᠳᠠᠬᠤ᠂ ᠭᠠᠯ ᠤᠨ ᠠᠶᠤᠯ ᠪᠠ ᠴᠠᠬᠢᠯᠭᠠᠨ ᠳᠤ ᠴᠣᠬᠢᠭᠳᠠᠬᠤ ᠠᠳᠡᠯ ᠢ ᠰᠡᠷᠭᠡᠶᠢᠯᠡᠨ ᠬᠤᠷᠢᠭᠯᠠᠬᠤ ᠬᠡᠷᠡᠭᠲᠡᠶ᠃ ᠠᠵᠢᠯᠲᠠᠨ ᠤ ᠠᠮᠤᠷ ᠲᠦᠪᠰᠢᠨ ᠤ ᠬᠥᠮᠦᠵᠢᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠬᠥᠯᠥᠰᠥᠨ ᠲᠠᠷᠢᠶᠠᠴᠢᠨ ᠤ ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠨᠢ ᠥᠭᠴᠦ᠂ ᠬᠥᠯᠥᠰᠥᠨ ᠲᠠᠷᠢᠶᠠᠴᠢᠨ ᠤ ᠴᠠᠭᠠᠨ ᠰᠠᠷ᠎ᠠ ᠪᠠᠨ ᠠᠮᠤᠷ ᠲᠦᠪᠰᠢᠨ᠂ ᠥᠯᠵᠡᠶ ᠪᠡᠯᠭᠡ ᠲᠠᠢ ᠪᠠᠷ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠬᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号