ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ ᠪᠣᠭᠤᠮᠲᠠ ᠰᠢᠪᠲᠤᠯᠬᠤ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2022/5/19
       ᠪᠥᠬᠦ ᠬᠤᠰᠢᠭᠤᠨ ᠤ ᠡᠯ᠎ᠡ ᠲᠥᠷᠥᠯ ᠤᠨ ᠠᠮᠢ ᠠᠬᠤᠶ ᠣᠷᠴᠢᠨ ᠲᠣᠭᠤᠷᠢᠨ ᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠎ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠥᠬᠦ ᠬᠤᠰᠢᠭᠤᠨ ᠤ ᠬᠠᠮᠤᠭ ᠎ ᠤᠨ ᠰᠢᠨ᠎ᠡ ᠠᠮᠢ ᠠᠬᠤᠶ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠵᠢᠴᠢ ᠭᠤᠤᠯᠳᠠᠯᠭ᠎ᠠ ᠲᠠᠢ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ᠂ ᠡᠵᠡᠨ ᠬᠤᠷᠤᠭ᠎ᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠡᠷᠡ ᠳᠠᠷᠤᠶ ᠎ ᠳᠤᠨᠢ ᠬᠥᠳᠡᠯᠦᠯᠴᠡᠵᠦ᠂ ᠬᠠᠮᠤᠭ ᠤᠨ ᠲᠡᠷᠢᠭᠦᠨ ᠳᠤ ︽ᠪᠦᠬᠦᠨ ᠢ ᠪᠠᠶᠢᠴᠠᠭᠠᠨ ᠴᠡᠪᠡᠷᠯᠡᠬᠦ︾ ᠬᠡᠯᠪᠡᠷᠢ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠪᠡ᠃      ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ ᠸᠠᠩ ᠷᠦᠢ ᠰᠢᠤᠸᠠᠢ ᠪᠦᠯᠬᠦᠮ ᠳᠠᠭᠠᠭᠤᠯᠤᠨ᠂ ᠬᠠᠮᠢᠶ᠎ᠠ ᠪᠥᠬᠦᠶ ᠬᠤᠪᠢᠳᠠᠨ ᠬᠠᠮᠢᠶᠠᠷᠬᠤ ᠲᠣᠪᠴᠢᠶᠠᠨ ᠳᠠᠷᠤᠭ᠎ᠠ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠲᠠᠰᠤᠭ᠂ ᠨᠡᠭᠡᠭᠡᠨ ᠠᠰᠢᠭᠯᠠᠬᠤ ᠲᠠᠰᠤᠭ᠂ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠵᠡᠷᠭᠡ ᠬᠠᠮᠢᠶ᠎ᠠ ᠪᠥᠬᠦᠶ ᠲᠠᠰᠤᠭ ᠤᠨ ᠬᠠᠷᠢᠭᠤᠴᠠᠯᠭᠠᠲᠠᠨ ᠪᠠᠷ᠎ᠠ ᠪᠣᠯᠵᠣ᠂ ᠤᠷᠢᠳ ᠬᠤᠵᠢᠳ ᠪᠤᠷᠤ ᠲᠡᠬᠡᠭ ᠨᠡᠭᠦᠷᠡᠰᠦᠨ ᠠᠭᠤᠷᠬᠠᠶ᠂ ᠵᠤᠸᠠᠨ ᠯᠦᠩ ᠸᠠᠨ ᠨᠡᠭᠦᠷᠡᠰᠦᠨ ᠠᠭᠤᠷᠬᠠᠶ᠂ ᠯᠢᠶᠤᠤ ᠶᠤᠸᠠᠨ ᠨᠡᠭᠦᠷᠡᠰᠦᠨ ᠠᠭᠤᠷᠬᠠᠶ᠂ ᠸᠠᠩ ᠵᠢᠶᠠ ᠲᠠ ᠨᠡᠭᠦᠷᠡᠰᠦᠨ ᠠᠭᠤᠷᠬᠠᠶ ᠳᠤ ᠬᠦᠷᠴᠦ ᠨᠡᠭᠦᠷᠡᠰᠦᠨ ᠲᠠᠯᠠᠪᠠᠶ ᠶᠢ ᠵᠠᠰᠠᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠢᠨ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠲᠤᠬᠠᠶ ᠶᠢᠨ ᠲᠠᠯᠠᠪᠠᠶ ᠳᠤ ᠠᠵᠢᠯᠯᠠᠬᠤ ᠳᠠᠭᠠᠨ᠂ ᠪᠣᠳᠠᠲᠠᠶ ᠠᠰᠠᠭᠤᠳᠠᠯ ᠢ ᠰᠢᠶᠳᠪᠦᠷᠢᠯᠡᠬᠦ ᠪᠠ ᠨᠡᠶᠢᠲᠡᠯᠢᠭ ᠴᠢᠨᠠᠷᠲᠠᠶ ᠠᠰᠠᠭᠤᠳᠠᠯ ᠢ ᠰᠢᠶᠳᠪᠦᠷᠢᠯᠡᠬᠦ ᠶᠢ ᠤᠶᠠᠯᠳᠤᠭᠤᠯᠵᠤ᠂ ᠣᠳᠣᠬᠠᠨ ᠤ ᠠᠰᠠᠭᠤᠳᠠᠯ ᠢ ᠰᠢᠶᠳᠪᠦᠷᠢᠯᠡᠬᠦ ᠪᠠ ᠠᠯᠤᠰ ᠬᠡᠲᠦ ᠶᠢᠨ ᠠᠰᠠᠭᠤᠳᠠᠯ ᠢ ᠰᠢᠶᠳᠪᠦᠷᠢᠯᠡᠬᠦ ᠶᠢ ᠤᠶᠠᠯᠳᠤᠭᠤᠯᠵᠤ᠂ ᠨᠢᠭᠡ ᠳᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠢᠳᠡᠪᠬᠢᠲᠡᠶ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ︔ ᠬᠤᠶᠠᠷ ᠲᠤ ᠵᠢᠭᠰᠠᠭᠠᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠨᠡᠮᠡᠭᠳᠡᠭᠦᠯᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠪᠠᠶᠢᠨ ᠳᠠᠬᠢᠨ ᠡᠭᠦᠰᠴᠦ ᠪᠠᠶᠢᠭ᠎ᠠ ᠴᠢᠭ ᠢ ᠤᠨᠴᠠᠭᠠᠶᠢᠯᠠᠨ ᠠᠩᠬᠠᠷᠴᠤ᠂ ᠲᠡᠭᠦᠨ ᠢ ᠴᠤᠬᠤᠶᠢᠯᠲᠠ ᠶᠢᠨ ᠪᠠᠶᠢᠳᠠᠯ ᠳᠤᠨᠢ ᠬᠦᠷᠲᠡᠯ᠎ᠡ ᠠᠷᠢᠯᠭᠠᠬᠤ ᠪᠠᠷ ᠴᠢᠷᠮᠠᠶᠢᠬᠤ ᠬᠡᠷᠡᠭᠲᠡᠶ︔ ᠭᠤᠷᠪᠠ ᠳᠤ᠂ ᠳᠡᠭᠡᠳᠦ ᠱᠠᠲᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠦᠨᠳᠦᠰᠦᠯᠡᠨ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠎ ᠳᠤᠨᠢ ᠢᠯᠡᠷᠡᠭᠦᠯᠵᠦ᠂ ᠡᠷᠲᠡ ᠢᠯᠡᠷᠡᠭᠦᠯᠵᠦ᠂ ᠡᠷᠲᠡ ᠴᠡᠭᠴᠡᠯᠡᠨ ᠵᠠᠰᠠᠬᠤ ᠶᠢ ᠪᠡᠶᠡᠯᠡᠬᠦᠯᠪᠡ᠃      ᠬᠤᠶᠢᠰᠢᠳᠠ ᠪᠢᠳᠡ ᠠᠮᠢ ᠠᠬᠤᠢ ᠶᠢᠨ ᠬᠠᠮᠠᠭᠠᠯᠠᠯᠲᠠ ᠪᠠ ᠵᠠᠰᠠᠵᠤ ᠰᠡᠷᠭᠦᠭᠡᠬᠦ ᠶᠢ ᠴᠢᠩᠭᠠᠳᠬᠠᠬᠤ ᠲᠠᠯ᠎ᠠ ᠪᠠᠷ ᠲᠦᠷᠭᠡᠨ ᠠᠵᠢᠯᠯᠠᠭ᠎ᠠ ᠠᠪᠬᠤ ᠬᠡᠷᠡᠭᠲᠡᠢ︔ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠲᠠᠯ᠎ᠠ ᠪᠠᠷ᠂ ᠠᠷᠭ᠎ᠠ ᠬᠡᠮᠵᠢᠶ᠎ᠡ ᠨᠢ ᠪᠣᠳᠠᠲᠠᠶ ᠪᠠᠶᠢᠬᠤ ᠬᠡᠷᠡᠭᠲᠡᠶ︔ ᠠᠮᠢ ᠠᠬᠤᠢ ᠎ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠲᠠᠯ᠎ᠠ ᠪᠠᠷ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠬᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号