ᠡᠵᠡᠨ ᠬᠤᠷᠤᠭ᠎ᠠ ᠬᠤᠰᠢᠭᠤᠨ ᠤ ᠠᠵᠢᠯ ᠣᠯᠭᠤᠯᠲᠠ ᠪᠠ ᠨᠡᠶᠢᠭᠡᠮ ᠤᠨ ᠳᠠᠭᠠᠳᠬᠠᠯ ᠤᠨ ᠦᠶᠯᠡᠰ ᠤᠨ ᠲᠥᠪ ᠪᠠᠶᠠᠷ ᠤᠨ ᠡᠳᠦᠷ ᠤᠨ ᠳᠠᠷᠠᠭᠠᠬᠢ ᠲᠤᠰᠬᠠᠶ ᠰᠡᠳᠦᠪᠲᠦ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠬᠤ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2022/5/19
     ᠡᠵᠡᠨ ᠬᠤᠷᠤᠭ᠎ᠠ ᠬᠤᠰᠢᠭᠤᠨ ᠤ ᠠᠵᠢᠯ ᠣᠯᠭᠤᠯᠲᠠ ᠪᠠ ᠨᠡᠶᠢᠭᠡᠮ ᠤᠨ ᠳᠠᠭᠠᠳᠬᠠᠯ ᠤᠨ ᠦᠶᠯᠡᠰ ᠤᠨ ᠲᠥᠪ ᠴᠠᠭᠠᠨ ᠰᠠᠷ᠎ᠠ ᠶᠢᠨ ᠪᠠᠶᠠᠷ ᠤᠨ ᠳᠠᠷᠠᠭᠠᠬᠢ ᠭᠥᠯᠢᠶᠡᠨ ᠠᠪᠬᠤ ᠬᠤᠷᠠᠯ ᠬᠢᠬᠦ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠬᠤ ᠬᠤᠷᠠᠯ ᠬᠢᠵᠦ᠂ ᠴᠠᠭᠠᠨ ᠰᠠᠷ᠎ᠠ ᠶᠢᠨ ᠳᠠᠷᠠᠭᠠᠬᠢ ᠭᠥᠯᠢᠶᠡᠨ ᠠᠪᠬᠤ ᠠᠵᠢᠯ ᠤᠨ ᠲᠤᠬᠠᠶ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠷᠠᠯ ᠳᠡᠭᠡᠷ᠎ᠡ᠂ ᠷᠧᠨ ᠭᠤᠸᠠᠩ ᠷᠦᠩ ᠡᠷᠬᠢᠯᠡᠭᠴᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠎ ᠤᠨ ᠪᠠᠲᠤᠯᠠᠭ᠎ᠠ ᠶᠢᠨ ᠠᠵᠢᠯ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠡᠯ᠎ᠡ ᠱᠠᠲᠤᠨ ᠤ ᠴᠢᠬᠤᠯᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠤ ᠬᠠᠮᠲᠤ᠂ ᠪᠥᠬᠦ ᠺᠠᠳ᠋ᠷ ᠠᠵᠢᠯᠲᠠᠨ ᠠᠵᠢᠯᠴᠢᠨ ᠨᠢᠭᠡ ᠳᠤ ᠳᠠᠷᠤᠶ ᠲᠦᠷᠭᠡᠨ ᠰᠡᠳᠬᠢᠯ ᠰᠠᠨᠠᠭ᠎ᠠ ᠪᠠᠨ ᠲᠥᠪᠯᠡᠷᠡᠭᠦᠯᠦᠨ᠂ ᠪᠠᠶᠠᠷ ᠤᠨ ᠡᠳᠦᠷ ᠤᠨ ᠪᠠᠶᠠᠷ ᠳᠤᠷᠠᠰᠬᠠᠯ ᠤᠨ ᠠᠭᠤᠷ ᠠᠮᠢᠰᠬᠤᠯ ᠠᠴᠠ ᠭᠠᠷᠴᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠴᠤᠭ ᠰᠦᠯᠳᠡ ᠎ ᠪᠠᠨ ᠪᠠᠳᠠᠷᠠᠭᠤᠯᠤᠨ᠂ ᠰᠢᠨ᠎ᠡ ᠨᠢᠭᠡ ᠵᠢᠯ ᠤᠨ ᠠᠵᠢᠯ ᠳᠠᠭᠠᠨ ᠣᠷᠣᠯᠴᠠᠬᠤ ᠬᠡᠷᠡᠭᠲᠡᠶ᠃ ᠬᠤᠶᠠᠷ ᠲᠤ᠂ ᠰᠡᠳᠬᠢᠴᠡ ᠎ ᠪᠠᠨ ᠰᠢᠯᠤᠭᠤᠳᠬᠠᠵᠤ᠂ ᠠᠵᠢᠯ ᠤᠨ ᠬᠠᠷᠠᠯᠲᠠ ᠪᠠᠨ ᠤᠷᠢᠳᠴᠢᠯᠠᠨ ᠲᠥᠯᠥᠪᠵᠢᠭᠦᠯᠵᠦ᠂ ᠪᠦᠬᠦ ᠵᠢᠯ ᠤᠨ ᠠᠵᠢᠯ ᠤᠨ ᠡᠭᠦᠷᠭᠡ ᠪᠠᠨ ᠨᠢᠭᠡᠳᠦᠯᠲᠡᠢ ᠲᠥᠯᠥᠪᠵᠢᠭᠦᠯᠵᠦ᠂ ︽ᠬᠤᠶᠠᠷ ᠢ ᠲᠣᠭᠲᠠᠭᠠᠵᠤ ᠭᠤᠷᠪᠠ ᠶᠢ ᠪᠠᠶᠢᠴᠠᠭᠠᠵᠤ ᠳᠦᠷᠪᠡ ᠳᠤ ᠬᠠᠨᠤᠮᠵᠢᠲᠠᠢ ᠪᠠᠶᠢᠬᠤ︾ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠤᠨ ᠲᠣᠭᠤᠷᠢᠨ ᠳᠤ᠂ ᠡᠯ᠎ᠡ ᠵᠦᠢᠯ ᠤᠨ ᠠᠵᠢᠯ ᠤᠨ ᠰᠢᠨ᠎ᠡ ᠪᠠᠶᠢᠳᠠᠯ ᠢ ᠡᠭᠦᠳᠴᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠎ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号