ᠡᠵᠡᠨ ᠬᠤᠷᠤᠭ᠎ᠠ ᠬᠤᠰᠢᠭᠤ ︽ᠴᠠᠭᠠᠨ ᠰᠠᠷ᠎ᠠ ᠶᠢ ᠤᠭᠲᠤᠬᠤ︾ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠤᠰᠬᠠᠶ ᠠᠵᠢᠯᠯᠠᠭ᠎ᠠ ᠥᠷᠨᠢᠭᠦᠯᠵᠦ ᠬᠢᠵᠢᠭ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠳᠤ ᠬᠦᠴᠦᠨ ᠨᠠᠮᠠᠷᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2022/5/19
     ᠴᠡᠪᠡᠷ ᠲᠡᠭᠰᠢ᠂ ᠡᠷᠡᠭᠦᠯ ᠡᠮᠬᠢ ᠳᠢᠭᠯᠢᠮ ᠲᠠᠢ ᠨᠡᠶᠢᠭᠡᠮ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠂ ᠰᠠᠭᠤᠭᠠᠯᠢ ᠠᠷᠠᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠪᠥᠬᠦ ᠬᠤᠰᠢᠭᠤᠨ ᠳᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠲᠤᠰᠬᠠᠶ ᠠᠵᠢᠯᠯᠠᠭ᠎ᠠ ᠦᠷᠨᠢᠬᠦᠯᠪᠡ᠃      ᠵᠠᠬ᠎ᠠ ᠳᠡᠯᠭᠡᠭᠦᠷ ᠤᠨ ᠡᠵᠡᠩᠨᠡᠭᠴᠢᠳ ᠥᠪᠡᠷ ᠤᠨ ᠳᠡᠯᠭᠡᠭᠦᠷ ᠤᠨ ᠢᠶᠠᠨ ᠡᠷᠭᠢᠨ ᠲᠣᠭᠤᠷᠢᠨ ᠤ ᠡᠳᠦᠷ ᠪᠦᠷᠢ ᠎ ᠶᠢᠨ ᠠᠵᠢᠯ ᠠᠴᠠ ᠪᠠᠭᠤᠬᠤ ᠶᠢᠨ ᠡᠮᠦᠨ᠎ᠡ ᠬᠤᠶᠢᠨ᠎ᠠ ᠴᠡᠪᠡᠷᠯᠡᠭᠡ ᠬᠢᠵᠦ᠂ ᠳᠡᠯᠭᠡᠭᠦᠷ ᠤᠨ ᠢᠶᠠᠨ ᠴᠡᠪᠡᠷ ᠲᠡᠭᠰᠢ ᠪᠠᠶᠢᠬᠤ ᠶᠢ ᠪᠠᠲᠤᠯᠠᠵᠤ᠂ ᠠᠷᠢᠭᠤᠨ ᠴᠡᠪᠡᠷ ᠢ ᠪᠠᠳᠤᠯᠠᠪᠠ᠃      ᠡᠯ᠎ᠡ ᠪᠠᠯᠭᠠᠰᠤ ᠣᠯᠠᠨ ᠤᠳᠠᠭ᠎ᠠ ᠠᠵᠢᠯᠲᠠᠳ ᠢᠶᠠᠨ ᠵᠣᠬᠢᠶᠠᠨ ᠪᠠᠶᠢᠭᠤᠯᠵᠤ ᠠᠳᠠᠯ ᠠᠬᠤᠶ ᠶᠢᠨ ᠺᠣᠮᠫᠠᠨᠢ ᠲᠠᠢ ᠬᠠᠮᠲᠤᠷᠠᠨ ᠰᠠᠭᠤᠭᠠᠯᠢ ᠠᠷᠠᠳ ᠤᠨ ᠲᠣᠭᠤᠷᠢᠭ ᠲᠤ ᠲᠥᠪᠯᠡᠷᠡᠭᠦᠯᠦᠨ ᠴᠡᠪᠡᠷᠯᠡᠨ ᠴᠡᠭᠴᠡᠯᠡᠵᠦ᠂ ᠰᠠᠭᠤᠭᠠᠯᠢ ᠠᠷᠠᠳ ᠎ ᠤᠨ ᠲᠣᠭᠤᠷᠢᠭ ᠤᠨ ᠥᠯᠥ ᠣᠨᠣᠭᠳᠠᠬᠤ ᠥᠨᠴᠥᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷᠯᠡᠨ᠂ ᠴᠠᠭᠠᠨ ᠬᠤᠭ ᠨᠣᠪᠰᠢ᠂ ᠲᠠᠮᠠᠬᠢᠨ ᠤᠵᠠᠭᠤᠷ ᠤᠨ ᠴᠠᠭᠠᠰᠤᠨ ᠦᠷᠦᠪᠳᠡᠰᠦ᠂ ᠬᠤᠪᠠᠭ᠋ᠠᠶ ᠡᠪᠡᠰᠦ ᠵᠢᠴᠢ ᠡᠯ᠎ᠡ ᠲᠥᠷᠥᠯ ᠤᠨ ᠠᠮᠢᠳᠤᠷᠠᠯ ᠤᠨ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠠᠷᠢᠯᠭᠠᠵᠤ᠂ ᠬᠤᠯᠤᠭᠠᠨ᠎ᠠ ᠬᠤᠷᠣᠬᠠᠶ ᠠᠮᠠᠷᠬᠠᠨ ᠪᠣᠶ ᠪᠣᠯᠬᠤ ᠲᠠᠯᠠᠪᠤᠷ ᠢ ᠴᠡᠪᠡᠷᠯᠡᠨ ᠠᠷᠢᠯᠭᠠᠪᠠ᠃ ᠣᠨᠴᠠᠭᠠᠶᠢᠯᠠᠨ ᠰᠠᠭᠤᠭᠠᠯᠢ ᠠᠷᠠᠳ ᠤᠨ ᠲᠣᠭᠤᠷᠢᠭ ᠤᠨ ᠠᠰᠠᠷ ᠤᠨ ᠵᠠᠮ ᠪᠠ ᠴᠠᠬᠢᠯᠭᠠᠨ ᠱᠠᠲᠤ ᠶᠢᠨ ᠳᠣᠲᠣᠷᠠᠬᠢ ᠮᠤᠰᠬᠢᠷᠠᠯᠲᠠ᠂ ᠰᠠᠭᠤᠭᠠᠯᠢ ᠠᠷᠠᠳ ᠤᠨ ᠲᠣᠭᠤᠷᠢᠭ ᠤᠨ ᠪᠠᠭᠠᠵᠢ ᠬᠡᠷᠡᠭᠰᠡᠯ ᠵᠡᠷᠭᠡ ᠠᠮᠠᠷᠬᠠᠨ ᠰᠣᠯᠪᠢᠴᠠᠨ ᠬᠠᠯᠳᠠᠪᠤᠷᠢᠯᠠᠬᠤ ᠣᠯᠠᠨ ᠨᠡᠶᠢᠲᠡ ᠶᠢᠨ ᠲᠠᠯᠠᠪᠤᠷ ᠵᠢᠴᠢ ᠲᠥᠬᠦᠭᠡᠷᠦᠮᠵᠢ ᠶᠢ ᠴᠠᠭ ᠲᠤᠬᠠᠶ ᠳᠤᠨᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠠᠷᠢᠯᠭᠠᠪᠠ᠃      ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠢᠯᠢᠳᠡᠭ ᠤᠯᠠᠮᠵᠢᠯᠠᠯ ᠢ ᠤᠯᠠᠮᠵᠢᠯᠠᠨ ᠵᠠᠯᠭᠠᠮᠵᠢᠯᠠᠵᠤ᠂ ︽ᠪᠤᠵᠠᠷ ᠢ ᠴᠡᠪᠡᠷᠯᠡᠬᠦ︾᠂ ︽ ᠡᠮᠬᠢ ᠵᠠᠮᠪᠠᠷᠠᠭ᠎ᠠ ᠦᠬᠡᠢ︾᠎ ᠶᠢ ᠵᠡᠷᠭᠡ ᠪᠠᠷ ᠠᠳᠬᠤᠵᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠰᠠᠶᠢᠲᠤᠷ ᠬᠢᠵᠦ᠂ ᠠᠷᠢᠭᠤᠨ ᠴᠡᠪᠡᠷ ᠵᠣᠷᠯᠣᠩ ᠢ ᠬᠡᠷᠡᠭᠯᠡᠨ᠂ ᠡᠷᠡᠭᠦᠯ ᠬᠠᠮᠠᠭᠠᠯᠠᠯ ᠎ ᠤᠨ ᠥᠯᠥ ᠬᠠᠷᠠᠭᠳᠠᠬᠤ ᠭᠠᠵᠠᠷ ᠢ ᠴᠡᠪᠡᠷᠯᠡᠵᠦ᠂ ᠡᠪᠡᠳᠴᠢᠨ ᠤ ᠵᠠᠭᠤᠴᠢ ᠠᠮᠢᠳᠤ ᠪᠣᠳᠠᠰ ᠢ ᠠᠷᠢᠯᠭᠠᠨ᠎ᠠ᠃ ᠭᠡᠷ ᠪᠦᠯᠢ᠂ ᠠᠵᠢᠯᠯᠠᠬᠤ ᠲᠠᠯᠠᠪᠤᠷ ᠪᠠ ᠣᠯᠠᠨ ᠨᠡᠶᠢᠲᠡ ᠶᠢᠨ ᠣᠷᠣᠨ ᠵᠠᠶ ᠶᠢ ᠴᠡᠪᠡᠷᠰᠢᠭᠦᠯᠵᠦ᠂ ᠴᠡᠪᠡᠷ ᠲᠡᠭᠰᠢ᠂ ᠴᠡᠪᠡᠷ ᠲᠡᠭᠰᠢ ᠣᠷᠣᠰᠢᠨ ᠰᠠᠭᠤᠬᠤ ᠣᠷᠴᠢᠨ ᠲᠣᠭᠤᠷᠢᠨ ᠢ ᠡᠭᠦᠳᠦᠨ᠎ᠡ᠃      ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠳᠤ ᠬᠠᠮᠲᠤ ᠪᠠᠷ ᠣᠷᠣᠯᠴᠠᠵᠤ ᠡᠷᠡᠭᠦᠯ ᠴᠢᠭᠢᠷᠠᠭ ᠠᠮᠢᠳᠤᠷᠠᠯ ᠎ ᠢ ᠬᠠᠮᠲᠤ ᠪᠠᠷ ᠡᠳ᠋ᠯᠡᠵᠦ᠂ ᠪᠢᠳᠡ ᠪᠦᠭᠦᠳᠡᠭᠡᠷ ᠬᠥᠳᠡᠯᠦᠯᠴᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠣᠯᠠᠨ ᠢᠶᠠᠷ ᠢᠶᠠᠨ ᠰᠡᠷᠭᠡᠶᠢᠯᠡᠨ ᠣᠯᠠᠨ ᠢᠶᠠᠷ ᠢᠶᠠᠨ ᠡᠵᠡᠮᠳᠡᠵᠦ᠂ ᠬᠢᠵᠢᠭ ᠡᠪᠡᠳᠴᠢᠨ ᠢ ᠠᠷᠢᠯᠭᠠᠵᠤ᠂ ᠡᠷᠡᠭᠦᠯ ᠡᠩᠬᠡ ᠥᠯᠵᠡᠶ ᠪᠡᠯᠭᠡ ᠲᠠᠢ ᠴᠠᠭᠠᠨ ᠰᠠᠷ᠎ᠠ ᠶᠢ ᠬᠠᠮᠲᠤ ᠪᠠᠷ ᠥᠩᠭᠡᠷᠡᠭᠦᠯᠦᠶ᠎ᠡ︕
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号